ᠹᠧᠩᠵᠧᠨ ᠬᠤᠳᠠ ᠰᠠᠯᠠᠭᠠᠨ ᠲᠡᠰ ᠤᠨ ᠺᠠᠲᠠᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠷᠤᠯᠴᠠᠬᠤ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2020-08-05
     8 ᠰᠠᠷ᠎ᠠ ᠶᠢᠨ 4 ᠤ ᠡᠳᠦᠷ᠂ ᠹᠧᠩᠵᠧᠨ ᠬᠤᠳᠠ ᠶᠢᠨ ᠰᠠᠯᠠᠭᠠᠨ ᠲᠡᠰ ᠤᠨ ᠺᠠᠲᠠᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠷᠤᠯᠴᠠᠬᠤ ᠠᠩᠬᠢ ︵ᠨᠢᠭᠡᠳᠦᠭᠡᠷ ᠬᠤᠭᠤᠴᠠᠭ᠎ᠠ︶ ᠹᠧᠩᠵᠧᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠤᠯᠠᠨ ᠴᠢᠳᠠᠮᠵᠢᠳᠦ ᠪᠤᠯᠪᠠᠰᠤᠷᠠᠭᠤᠯᠤᠯ ᠤᠨ ᠲᠥᠪ ᠤᠨ ᠬᠤᠷᠠᠯ ᠤᠨ ᠭᠡᠷ ᠲᠤ ᠬᠢᠴᠢᠶᠡᠯ ᠡᠬᠢᠯᠡᠬᠦᠯᠪᠡ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠶᠠᠨ ᠯᠢᠨ ᠰᠤᠷᠤᠯᠭ᠎ᠠ ᠡᠬᠢᠯᠡᠬᠦ ᠲᠠᠶᠢᠴᠢᠯᠠᠯᠳᠠ ᠶᠢᠨ ᠶᠠᠷᠢᠶ᠎ᠠ  ᠲᠠᠯᠪᠢᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠧᠨ ᠪᠢᠨ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃
   ᠼᠤᠤ ᠶᠠᠨ ᠯᠢᠨ ᠵᠢᠭᠠᠵᠤ ᠭᠠᠷᠭᠠᠭᠰᠠᠨ ᠨᠢ᠂ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠪᠣᠯ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠤᠳᠤᠷᠢᠳᠤᠮᠵᠢ ᠶᠢᠨ ᠴᠢᠨᠠᠷᠲᠠᠶ᠂ ᠰᠠᠭᠤᠷᠢ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠢᠨᠵᠧᠨᠧᠷᠢᠩ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠲᠤᠰ ᠤᠳᠠᠭᠠᠨ ᠤ ᠰᠤᠷᠤᠯᠴᠠᠬᠤ ᠠᠩᠭᠢ ᠡᠷᠬᠢᠯᠡᠭᠰᠡᠨ ᠵᠣᠷᠢᠯᠭ᠎ᠠ ᠨᠢ ᠪᠦᠬᠦ ᠬᠤᠲᠠ ᠶᠢᠨ ᠰᠠᠯᠠᠭᠠᠨ ᠤ ᠲᠡᠰ ᠤᠨ ᠺᠠᠲᠠᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠡᠵᠡᠮᠰᠢᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠭᠦᠨ ᠤ ᠪᠠᠶᠠᠯᠢᠭ ᠠᠭᠤᠯᠤᠭᠳᠠᠬᠤᠨ᠂ ᠭᠤᠣᠯ ᠠᠭᠤᠯᠭ᠎ᠠ ᠪᠠ ᠵᠣᠷᠢᠭ ᠰᠠᠨᠠᠭᠠᠨ ᠤ ᠮᠥᠨ ᠴᠢᠨᠠᠷ ᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠶᠠᠪᠤᠳᠠᠯ ᠪᠣᠯᠤᠨ᠎ᠠ᠃ ᠪᠦᠬᠦ ᠰᠤᠷᠤᠭᠴᠢᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠦᠨᠵᠡᠭᠡᠶ ᠰᠤᠷᠤᠯᠴᠠᠨ ᠨᠠᠷᠢᠨ ᠰᠤᠳᠤᠯᠵᠤ  ᠦᠢᠯᠡᠳᠦᠯᠭᠡᠵᠢᠭᠦᠯᠦᠨ ᠤᠬᠠᠭᠠᠷᠠᠭᠤᠯᠬᠤ᠂ ᠪᠣᠳᠠᠲᠠᠶᠢᠵᠢᠭᠤᠯᠬᠤ᠂ ᠪᠤᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠭᠤᠤᠯᠳᠠᠯᠭ᠎ᠠ ᠶᠢ ᠡᠵᠡᠮᠳᠡᠵᠦ᠂ ᠰᠡᠳᠬᠢᠴᠡ ᠪᠠᠨ ᠲᠣᠳᠣᠷᠬᠠᠶᠢᠯᠠᠨ᠂ ᠰᠣᠷᠣᠭᠰᠠᠨ ᠢᠶᠠᠨ ᠬᠡᠷᠡᠭᠯᠡᠵᠦ᠂ ᠪᠥᠬᠦ ᠬᠤᠳᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠦᠳᠡᠯᠭᠡᠬᠦ ᠬᠦᠴᠦᠨ ᠨᠡᠮᠡᠷᠢᠯᠡᠨ᠎ᠡ ᠃ ᠲᠡᠷᠡ ᠴᠢᠬᠤᠯᠠᠴᠢᠯᠠᠭᠰᠠᠨ ᠨᠢ᠂ ᠪᠦᠬᠦ ᠰᠤᠷᠤᠭᠴᠢᠳ ᠰᠤᠷᠤᠯᠴᠠᠬᠤ ᠣᠪᠣᠷ ᠢᠶᠠᠨ ᠲᠥᠪ ᠪᠣᠯᠭᠠᠵᠤ᠂ ᠰᠢᠯᠢᠳᠡᠭ ᠰᠤᠷᠤᠯᠴᠠᠬᠤ ᠰᠤᠷᠲᠠᠯ ᠢ ᠪᠠᠳᠠᠷᠠᠭᠤᠯᠵᠤ᠂ ᠪᠣᠯᠪᠠᠰᠤᠷᠠᠭᠤᠯᠤᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠦ᠂ ᠰᠤᠷᠤᠯᠴᠠᠬᠤ ᠠᠴᠠ ᠣᠯᠬᠤ᠂ ᠰᠤᠷᠤᠯᠴᠠᠬᠤ ᠠᠴᠠ ᠰᠡᠳᠬᠢᠬᠦ᠂ ᠰᠤᠷᠤᠯᠴᠠᠬᠤ ᠠᠴᠠ ᠤᠬᠠᠭᠠᠷᠠᠬᠤ ᠶᠢ ᠦᠨᠡᠨ ᠬᠦ ᠪᠠᠲᠤᠯᠠᠬᠤ ᠬᠡᠷᠡᠭᠲᠡᠶ᠃
   ᠸᠧᠨ ᠪᠢᠨ ᠴᠢᠬᠤᠯᠠᠴᠢᠯᠠᠭᠰᠠᠨ ᠨᠢ᠂ ᠲᠣᠰ ᠤᠳᠠᠭᠠᠨ ᠤ ᠰᠤᠷᠤᠯᠴᠠᠬᠤ ᠠᠩᠭᠢ ᠨᠢ ᠠᠩᠬ᠎ᠠ ᠤᠳᠠᠭ᠎ᠠ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠼᠤᠤ ᠹᠧᠩ ᠫᠷᠤᠹᠧᠰᠰᠤᠷ ᠢ ᠣᠨᠴᠠᠭᠠᠶᠢᠯᠠᠨ ᠤᠷᠢᠬᠰᠠᠨ ᠠᠴᠠ ᠣᠯᠳᠠᠰᠢ ᠥᠬᠡᠶ ᠠᠵᠠ ᠲᠣᠬᠢᠶᠠᠯ ᠪᠠᠶᠢᠵᠦ᠂ ᠪᠦᠬᠦ ᠰᠤᠷᠤᠭᠴᠢᠳ ᠰᠤᠷᠤᠯᠴᠠᠬᠤ ᠲᠣᠬᠢᠶᠠᠯ ᠢ ᠨᠠᠨᠳᠢᠩᠨᠠᠵᠤ᠂ ᠡᠯ᠎ᠡ ᠵᠦᠢᠯ ᠤᠨ ᠰᠤᠷᠤᠯᠴᠠᠬᠤ ᠡᠭᠦᠷᠭᠡ ᠶᠢ ᠪᠦᠬᠦ ᠲᠠᠯ᠎ᠠ ᠪᠠᠷ ᠰᠠᠶᠢᠲᠤᠷ ᠪᠡᠶᠡᠯᠡᠭᠦᠯᠬᠦ ᠬᠡᠷᠡᠭᠲᠡᠶ᠃ ᠡᠨᠡ ᠤᠳᠠᠭᠠᠨ ᠤ ᠰᠤᠷᠤᠯᠴᠠᠬᠤ ᠠᠩᠭᠢ ᠨᠢ ᠠᠵᠢᠯ ᠠᠴᠠ ᠲᠤᠰᠬᠠᠷᠯᠠᠵᠦ ᠪᠦᠬᠦ ᠲᠠᠯ᠎ᠠ ᠪᠠᠷ ᠪᠢᠲᠡᠭᠦᠮᠵᠢᠯᠡᠭᠰᠡᠨ ᠰᠤᠷᠤᠯᠴᠠᠬᠤ ᠬᠡᠯᠪᠡᠷᠢ ᠶᠢ ᠠᠪᠴᠤ᠂ ᠰᠤᠷᠤᠭᠴᠢᠳ ᠪᠠᠶᠢᠷᠢ ᠳᠤ ᠰᠠᠭᠤᠨ᠂ ᠬᠤᠭᠤᠯᠠᠨ ᠭᠡᠷ ᠲᠤ ᠬᠤᠭᠤᠯᠯᠠᠵᠦ᠂ ᠭᠠᠳᠠᠭᠰᠢ ᠭᠠᠷᠴᠤ ᠶᠠᠮᠠᠷ ᠴᠤ ᠬᠡᠯᠪᠡᠷᠢ ᠶᠢᠨ ᠳᠠᠶᠢᠯᠠᠯᠭ᠎ᠠ ᠪᠠ ᠵᠤᠭ᠎ᠠ ᠴᠡᠩᠭᠡᠯ ᠤᠨ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠂ ᠬᠡᠷᠪᠡ ᠣᠨᠴᠠᠭᠠᠢ ᠪᠠᠶᠢᠳᠠᠯ ᠠᠴᠠ ᠪᠣᠯᠵᠤ ᠦᠨᠡᠬᠡᠷ ᠴᠢᠯᠥᠭᠡ ᠭᠤᠶᠤᠬᠤ ᠴᠢᠬᠤᠯᠠ ᠲᠠᠢ ᠪᠣᠯ᠂ ᠴᠢᠯᠥᠭᠡ ᠭᠤᠶᠤᠬᠤ ᠭᠠᠷ ᠭᠦᠢᠴᠡᠳᠭᠡᠯ ᠢ ᠡᠷᠬᠡᠪᠰᠢ ᠴᠢᠩᠭ᠎ᠠ ᠭᠦᠢᠴᠡᠳᠭᠡᠬᠦ ᠬᠡᠷᠡᠭᠲᠡᠶ᠃    ᠡᠨᠡ ᠤᠳᠠᠭ᠎ᠠ ᠶᠢᠨ ᠰᠤᠷᠤᠯᠴᠠᠬᠤ ᠠᠩᠭᠢ ᠶᠢ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠬᠠᠮᠲᠤᠷᠠᠨ ᠡᠷᠬᠢᠯᠡᠵᠦ᠂ ᠨᠡᠶᠢᠲᠡ ᠲᠠᠪᠤᠨ ᠠᠩᠭᠢ ᠬᠤᠪᠢᠶᠠᠵᠤ᠂ ᠡᠭᠡᠯᠵᠢ ᠪᠦᠷᠢ ᠳᠦᠷᠪᠡᠨ ᠡᠳᠦᠷ ᠤᠨ ᠬᠤᠭᠤᠴᠠᠭ᠎ᠠ ᠲᠠᠢ ᠪᠠᠷ ᠪᠦᠬᠦ ᠬᠤᠲᠠ ᠶᠢᠨ ᠰᠠᠯᠠᠭᠠᠨ ᠲᠠᠰ ᠤᠨ ᠤᠳᠤᠷᠢᠳᠬᠤ ᠺᠠᠲᠠᠷ ᠲᠤ ᠬᠥᠮᠦᠵᠢᠯ ᠪᠤᠯᠪᠠᠰᠤᠷᠠᠭᠤᠯᠤᠯ ᠬᠦᠷᠳᠡᠭᠡᠨ᠎ᠡ᠃ ᠰᠤᠷᠤᠯᠴᠠᠬᠤ ᠠᠩᠭᠢ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠼᠤᠤ ᠹᠧᠩ᠂ ᠯᠢᠩ ᠬᠤᠩ ᠪᠥᠸᠧ᠂ ᠮᠠ ᠬᠦᠶ ᠯᠢᠨ ᠢ ᠨᠠᠷ ᠲᠤᠰᠬᠠᠶᠢᠯᠠᠨ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠨ᠎ᠡ᠃ ᠲᠤᠰ ᠬᠤᠭᠤᠴᠠᠭᠠᠨ ᠳᠤ ᠪᠠᠰᠠ ᠬᠤᠪᠢᠰᠬᠠᠯ ᠤᠨ ᠺᠢᠨᠣ᠋ ᠶᠢ ᠵᠣᠬᠢᠶᠠᠨ ᠪᠠᠶᠢᠭᠤᠯᠤᠨ ᠰᠤᠨᠢᠷᠬᠠᠭᠤᠯᠵᠦ᠂ ︽ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ᠂ ᠹᠧᠩᠵᠧᠨ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪ ᠢ ᠰᠤᠳᠤᠯᠤᠨ ᠶᠠᠷᠢᠯᠴᠠᠵᠦ᠂ ᠪᠦᠬᠦ ᠬᠤᠲᠠ ᠶᠢᠨ ᠰᠠᠯᠠᠭᠠᠨ ᠤ ᠲᠡᠰ ᠤᠨ ᠤᠳᠤᠷᠢᠳᠬᠤ  ᠺᠠᠲᠠᠷ ᠤᠨ ᠬᠠᠷᠢᠭᠤᠴᠠᠯᠭᠠᠲᠤ ᠤᠬᠠᠮᠰᠠᠷ ᠪᠠ ᠡᠭᠦᠷᠭᠡᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠎ᠠ᠃                              ᠤᠷᠴᠢᠭᠤᠯᠤᠭᠴᠢ᠄ ᠬᠠᠨ ᠰᠢᠶᠤᠤ ᠿᠦᠩ                              ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3