ᠹᠧᠩᠵᠧᠨ ᠬᠤᠲᠠ ᠶᠢᠨ ᠠᠵᠢᠯ ᠮᠡᠷᠭᠡᠵᠢᠯ ᠤᠨ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠤᠯᠤᠨ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠲᠤᠷᠠᠨ ᠰᠤᠷᠭᠠᠭᠤᠯᠢ ᠡᠷᠬᠢᠯᠡᠬᠦ ᠭᠠᠷ ᠤᠨ ᠦᠰᠦᠭ ᠵᠢᠷᠤᠬᠤ ᠶᠣᠰᠣᠯᠠᠯ ᠳᠤ ᠸᠠᠩ ᠵᠧᠨ ᠬᠠᠢ ᠣᠷᠣᠯᠴᠠᠪᠠ
ᠨᠡᠶᠢᠲᠡᠯᠡᠭᠰᠡᠨ ᠴᠠᠭ᠄
2020-08-05
   7 ᠰᠠᠷ᠎ᠠ ᠶᠢᠨ 31 ᠤ ᠡᠳᠦᠷ᠂ ᠹᠧᠩᠵᠧᠨ ᠬᠤᠲᠠ ᠶᠢᠨ ᠠᠵᠢᠯ ᠮᠡᠷᠭᠡᠵᠢᠯ ᠤᠨ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠣᠯᠤᠨ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠬᠦ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠮᠠᠨ ᠤ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠵᠧᠨ ᠬᠠᠢ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠤᠤ ᠶᠢᠨ ᠯᠦᠩ ᠨᠠᠷ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
   ᠭᠡᠷ᠎ᠡ ᠲᠣᠭᠲᠠᠭᠰᠠᠨ ᠲᠤᠬᠠᠶ ᠶᠢᠨ ᠲᠠᠯᠠᠪᠤᠷ ᠳᠤ᠂ ᠬᠤᠶᠠᠷ ᠰᠤᠷᠭᠠᠭᠤᠯᠢ ᠶᠢᠨ ᠬᠠᠷᠢᠭᠤᠴᠠᠯᠭᠠᠲᠠᠨ ᠲᠣᠰ ᠲᠣᠰ ᠰᠤᠷᠭᠠᠭᠤᠯᠢ ᠶᠢᠨ ᠦᠨᠳᠦᠰᠦᠨ ᠪᠠᠶᠢᠳᠠᠯ ᠢᠶᠠᠨ ᠲᠠᠨᠢᠯᠴᠠᠭᠤᠯᠵᠤ᠂ ᠮᠠᠨ ᠤ ᠬᠤᠲᠠ ᠶᠢᠨ ᠠᠵᠢᠯ ᠮᠡᠷᠭᠡᠵᠢᠯ ᠤᠨ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠤᠯᠠᠨ ᠳᠤ ᠦᠢᠯᠡᠴᠢᠯᠡᠬᠦ ᠪᠠᠷ ᠵᠣᠷᠢᠯᠲᠠ ᠪᠣᠯᠭᠠᠵᠤ᠂ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠭᠤᠯᠠ ᠬᠢᠬᠦ᠂ ᠭᠠᠩᠨᠠᠬᠤ᠂ ᠭᠠᠷ ᠤᠷᠠᠯᠠᠯ᠂ ᠥᠨᠳᠥᠷ ᠬᠤᠷᠳᠤᠴᠠᠲᠤ ᠲᠡᠮᠦᠷ ᠵᠠᠮ ᠤᠨ ᠦᠢᠯᠡᠴᠢᠯᠡᠭᠡᠨ ᠤ ᠠᠵᠢᠯ᠂ ᠲᠠᠶᠢᠰᠠᠨ ᠤ ᠵᠠᠰᠠᠯ ᠴᠢᠮᠡᠭᠯᠡᠯ᠂ ᠡᠳ᠋ ᠤᠨ ᠶᠠᠪᠤᠳᠠᠯ ᠤᠨ ᠨᠢᠬᠳᠠᠯᠠᠨ ᠪᠤᠳᠤᠯᠳᠠ᠂ 3D ᠳᠠᠷᠤᠮᠠᠯᠯᠠᠬᠤ᠂ ᠵᠢᠯᠣᠭᠤᠴᠢ ᠦᠭᠡᠢ ᠨᠢᠰᠬᠡᠯ ᠤᠨ ᠡᠵᠡᠮᠳᠡᠯ ᠤᠨ ᠮᠡᠷᠭᠡᠵᠢᠯ ᠵᠡᠷᠭᠡ ᠲᠤᠰᠬᠠᠢ ᠮᠡᠷᠭᠡᠵᠢᠯ ᠢ ᠨᠡᠭᠡᠭᠡᠪᠡ᠃ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠠᠵᠢᠯᠯᠠᠵᠤ᠂ ᠰᠤᠷᠭᠠᠭᠤᠯᠢ ᠰᠤᠷᠭᠠᠭᠤᠯᠢ ᠬᠠᠮᠲᠤᠷᠠᠨ ᠠᠵᠢᠯᠯᠠᠵᠤ᠂ ᠵᠠᠬᠢᠶᠠᠯᠠᠭ᠎ᠠ ᠶᠢᠨ ᠮᠠᠶ᠋ᠢᠭ ᠤᠨ ᠬᠥᠮᠦᠵᠢᠭᠦᠯᠬᠦ ᠣᠷᠣᠨ ᠵᠠᠶ ᠶᠢᠨ ᠬᠦᠷᠢᠶ᠎ᠡ ᠲᠠᠰᠤᠷᠠᠯᠲᠠ ᠦᠭᠡᠢ ᠥᠷᠭᠡᠵᠢᠵᠦ᠂ ᠴᠢᠨᠠᠷ ᠰᠠᠶᠢᠲᠠᠶ ᠰᠤᠷᠤᠭᠴᠢ ᠶᠢᠨ ᠢᠷᠡᠯᠲᠡ ᠲᠠᠰᠤᠷᠠᠯᠲᠠ ᠦᠭᠡᠢ ᠨᠡᠮᠡᠭᠳᠡᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠡᠪᠴᠢᠶ᠎ᠡ ᠵᠢᠯ ᠳᠠᠷᠠᠭᠠᠯᠠᠨ ᠥᠷᠭᠡᠳᠴᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠬᠤᠷᠳᠤᠰᠬᠤ ᠬᠠᠨᠳᠤᠰᠢ ᠳᠤ ᠣᠷᠣᠪᠠ᠃ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠮᠠᠨ ᠤ ᠬᠤᠲᠠ ᠶᠢᠨ ᠠᠵᠢᠯ ᠮᠡᠷᠭᠡᠵᠢᠯ ᠤᠨ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠬᠤᠭᠤᠷᠣᠨᠳᠣᠬᠢ ᠬᠠᠮᠳᠤᠷᠠᠯᠴᠠᠭ᠎ᠠ ᠨᠢ ᠶᠡᠭᠡ ᠰᠤᠷᠭᠠᠭᠤᠯᠢ ᠶᠢᠨ ᠡᠬᠢ ᠪᠠᠶᠠᠯᠢᠭ ᠪᠣᠯᠤᠨ ᠬᠥᠭᠵᠢᠯᠲᠡ ᠶᠢᠨ ᠢᠷᠡᠭᠡᠳᠦᠶ ᠪᠠᠷ ᠥᠷᠭᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠶᠢᠨ ᠪᠦᠲᠦᠮᠵᠢᠲᠡᠶ ᠵᠢᠱᠢᠶ᠎ᠡ ᠮᠦᠷᠳᠡᠭᠡᠨ ᠰᠤᠷᠭᠠᠭᠤᠯᠢ᠂ ᠰᠤᠷᠤᠭᠴᠢ᠂ ᠨᠡᠶᠢᠭᠡᠮ ᠤᠨ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ ᠃ ᠬᠤᠶᠠᠷ ᠰᠤᠷᠭᠠᠭᠤᠯᠢ ᠶᠢᠨ ᠠᠮᠵᠢᠯᠲᠠ ᠲᠠᠢ ᠭᠡᠷ᠎ᠡ ᠲᠣᠭᠲᠠᠭᠰᠠᠨ ᠨᠢ ᠰᠤᠷᠭᠠᠭᠤᠯᠢ ᠶᠢᠨ ᠬᠤᠭᠤᠷᠣᠨᠳᠣᠬᠢ ᠠᠭᠤᠰᠤᠯᠴᠠᠨ ᠬᠥᠭᠵᠢᠬᠦ ᠪᠠ ᠬᠠᠮᠲᠤ ᠪᠠᠷ ᠠᠰᠢᠭ ᠭᠥᠷᠳᠡᠬᠦ ᠶᠢ ᠠᠬᠢᠭᠤᠯᠬᠤ ᠨᠢ ᠯᠠᠪᠲᠠᠶ᠃ ᠹᠧᠩᠵᠧᠨ ᠬᠤᠳᠠ ᠶᠢᠨ ᠠᠵᠢᠯ ᠮᠡᠷᠭᠡᠵᠢᠯ ᠤᠨ ᠲᠤᠮᠳᠠᠳᠤ ᠵᠡᠷᠭᠡ ᠶᠢᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠰᠤᠷᠤᠭᠴᠢᠳ ᠤᠨ ᠰᠢᠨ᠎ᠡ ᠠᠵᠢᠯ ᠰᠣᠩᠭᠤᠬᠤ ᠲᠣᠬᠢᠶᠠᠯ ᠢ ᠨᠡᠮᠡᠭᠳᠡᠭᠦᠯᠬᠦ ᠶᠢᠨ ᠬᠠᠮᠲᠤ᠂ ᠮᠠᠨ ᠤ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠢᠷᠡᠭᠡᠳᠦᠶ ᠶᠢᠨ ᠬᠥᠭᠵᠢᠯᠲᠡ ᠳᠤ ᠢᠳᠡᠪᠬᠢᠲᠡᠶ ᠨᠥᠯᠥᠭᠡ ᠦᠵᠡᠭᠦᠯᠬᠦ ᠪᠣᠯᠤᠨ᠎ᠠ᠃                         ᠵᠤᠬᠢᠶᠠᠭᠴᠢ᠄ ᠹᠠᠨ ᠫᠧᠩ ᠴᠧᠩ                         ᠣᠷᠴᠢᠭᠤᠯᠤᠭᠴᠢ᠄ ᠬᠠᠨ ᠰᠢᠶᠤᠤ ᠿᠦᠩ                         ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3