| 8 ᠰᠠᠷ᠎ᠠ ᠶᠢᠨ 26 ᠤ ᠦᠳᠡ ᠶᠢᠨ ᠡᠮᠦᠨ᠎ᠡ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ | ᠲᠤᠪᠴᠢᠶ᠎ᠠ ᠠᠴᠠ ᠪᠦᠬᠦ ᠲᠤᠪᠴᠢᠶᠠᠨ ᠤ ᠺᠠᠳ᠋ᠷ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ | ᠰᠢ ᠶᠢᠨ ᠫᠢᠩ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠮᠥᠨ︾ ᠭᠡᠬᠦ ᠠᠭᠤᠯᠭ᠎ᠠ ᠶᠢᠨ | ᠲᠤᠬᠠᠢ ᠥᠭᠦᠯᠡᠯᠲᠡ ᠶᠢ ᠲᠥᠪᠯᠡᠷᠡᠭᠦᠯᠦᠨ ᠰᠤᠷᠤᠯᠴᠠᠵᠦ᠂ ᠨᠠᠮ ᠤᠨ ᠬᠤᠷᠢᠶᠠᠨ ᠤ ᠳᠡᠳ᠋ ᠱᠦᠵᠢ ᠶᠢᠨ ᠶᠢᠨ | ᠪᠦᠦ ᠠᠴᠠ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃ | ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠶᠢᠨ ᠶᠢᠨ ᠪᠦᠦ ᠨᠥᠬᠦᠷ ᠭᠤᠣᠯᠳᠠᠭᠤ ︽ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠬᠤ ᠦᠭᠡᠢ ᠪᠤᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠠᠶᠢᠬᠤ ᠦᠭᠡᠢ︾᠂ | ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠠᠪᠤᠳᠠᠯ ᠪᠣᠯᠤᠨ᠎ᠠ︾᠂ ︽ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠵᠦ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠤᠯᠯᠠᠭᠴᠢ ᠪᠣᠯᠬᠤ ᠶᠢ ᠦᠨᠡᠨ ᠬᠦ | ᠪᠠᠲᠤᠯᠠᠬᠤ ᠬᠡᠷᠡᠭᠲᠡᠶ︾ ᠭᠡᠬᠦ ᠭᠤᠷᠪᠠᠨ ᠲᠠᠯ᠎ᠠ ᠪᠠᠷ ᠨᠠᠷᠢᠨ ᠲᠣᠳᠣᠷᠬᠠᠶ ᠲᠠᠶᠢᠯᠪᠤᠷᠢᠯᠠᠯᠲᠠ ᠬᠢᠪᠡ᠃ | ᠶᠢᠨ ᠶᠢᠨ ᠪᠦᠦ ᠨᠥᠬᠦᠷ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠥᠭᠦᠯᠡᠯᠲᠡ ᠨᠢ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ | ᠵᠢᠷᠤᠮ ᠤᠨ ᠰᠠᠯᠵᠤ ᠪᠣᠯᠤᠰᠢ ᠥᠬᠡᠶ ᠳᠣᠲᠣᠭᠠᠳᠤ ᠬᠤᠯᠪᠣᠭ᠎ᠠ ᠶᠢ ᠪᠤᠰᠤᠳᠴᠢ᠂ ᠭᠦᠨᠵᠡᠭᠡᠶ ᠪᠠᠷ᠂ ᠦᠨᠡᠨ ᠠᠴᠠ | ᠵᠥᠪ ᠢ ᠡᠷᠢᠨ ᠢᠯᠡᠷᠡᠭᠦᠯᠪᠡ᠃ ᠤᠯᠤᠰ ᠪᠠᠶᠢᠭᠤᠯᠤᠭᠳᠠᠭᠰᠠᠨ ᠠᠴᠠ ᠤᠳᠤ ᠪᠣᠯᠲᠠᠯ᠎ᠠ᠂ ᠮᠠᠨ ᠤ ᠤᠯᠤᠰ ᠤᠨ ᠨᠡᠶᠢᠭᠡᠮ | ᠂ ᠠᠵᠤ ᠠᠬᠤᠶ᠂ ᠰᠣᠶᠣᠯ᠂ ᠤᠯᠤᠰ ᠲᠦᠷᠦ ᠵᠡᠷᠭᠡ ᠡᠯ᠎ᠡ ᠲᠠᠯ᠎ᠠ ᠶᠢᠨ ᠤᠷᠤᠭᠰᠢᠯᠠᠯᠲᠠ ᠬᠥᠭᠵᠢᠯᠲᠡ ᠨᠢ ᠴᠥᠮ ᠡᠪ | ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠲᠤᠭ᠎ᠠ ᠲᠣᠮᠰᠢ ᠦᠭᠡᠢ | ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ︽ᠤᠭ ᠰᠠᠨᠠᠭ᠎ᠠ ᠪᠠᠨ ᠦᠯᠦ ᠮᠠᠷᠳᠠᠭᠰᠠᠨ︾ ᠨᠢ ᠰᠠᠶ᠋ᠢ | ᠥᠨᠥᠳᠦᠷ ᠤᠨ ᠰᠢᠨ᠎ᠡ ᠳᠤᠮᠳᠠᠳᠤ ᠤᠯᠤᠰ ᠢ ᠴᠣᠭᠴᠠᠯᠠᠪᠠ᠃ | ᠶᠢᠨ ᠶᠢᠨ ᠪᠦᠦ ᠨᠥᠬᠦᠷ ᠪᠦᠬᠦ ᠲᠤᠪᠴᠢᠶᠠᠨ ᠤ ᠺᠠᠳ᠋ᠷ ᠠᠵᠢᠯᠲᠠᠨ ᠠᠵᠢᠯᠴᠢᠨ ᠢ ︽ᠳᠥᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠬᠦ ᠬᠡᠷᠡᠭᠲᠡᠶ᠂ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠤᠭ ᠤᠨ ᠮᠥᠨ | ᠴᠢᠨᠠᠷ ᠤᠨ ᠣᠨᠴᠠᠯᠢᠭ ᠪᠣᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠦᠨ︾ ᠭᠡᠬᠦ ᠭᠦᠨ | ᠠᠭᠤᠯᠤᠭᠳᠠᠬᠤᠨ ᠢ ᠰᠠᠶᠢᠲᠤᠷ ᠤᠶᠢᠯᠠᠭᠠᠬᠤ ᠬᠡᠷᠡᠭᠲᠡᠶ᠂ ᠭᠦᠨᠵᠡᠭᠡᠶ ᠰᠤᠷᠤᠯᠴᠠᠨ ᠭᠦᠨᠵᠡᠭᠡᠶ ᠣᠶᠢᠯᠠᠭᠠᠵᠤ᠂ ᠦᠨᠡᠨ ᠬᠦ | ᠤᠶᠢᠯᠠᠭᠠᠬᠤ ᠶᠢᠨ ᠬᠠᠮᠳᠤ ᠪᠠᠰᠠ ᠠᠵᠤ ᠦᠢᠯᠡᠳᠪᠦᠷᠢ᠂ ᠮᠡᠳᠡᠭᠡ ᠵᠠᠩᠬᠢ᠂ ᠬᠤᠳᠠᠯᠳᠤᠭᠠᠨ ᠤ ᠶᠠᠪᠤᠳᠠᠯ ᠤᠨ ᠡᠯ᠎ᠡ | ᠵᠦᠢᠯ ᠤᠨ ᠠᠵᠢᠯ ᠢ ᠵᠢᠯᠣᠭᠤᠳᠬᠤ ᠴᠢᠬᠤᠯᠠ ᠵᠢᠷᠤᠮᠯᠠᠯ ᠪᠤᠯᠭᠠᠬᠤ ᠬᠡᠷᠡᠭᠳᠡᠢ ᠭᠡᠮᠡᠨ ᠱᠠᠭᠠᠷᠳᠠᠪᠠ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |