| ᠶᠡᠷᠦᠩᠬᠡᠶ ᠱᠦᠵᠢ ᠰᠢ ᠶᠢᠨ ᠫᠢᠩ ᠤᠨ ᠢᠳᠡᠭᠡᠨ ᠤᠮᠳᠠᠭᠠᠨ ᠤ ᠪᠦᠷᠢᠯᠭᠡᠨ ᠰᠦᠢᠳᠭᠡᠬᠦ ᠠᠵᠢᠯᠯᠠᠭ᠎ᠠ ᠶᠢ | ᠬᠤᠷᠢᠭᠯᠠᠨ ᠵᠣᠭᠰᠣᠭᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 26 ᠤ ᠡᠳᠦᠷ᠂ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠯᠪᠠᠨ ᠬᠡᠷ ᠪᠥᠬᠦ ᠺᠠᠳ᠋ᠷ ᠠᠵᠢᠯᠳᠠᠨ ᠢ ᠵᠣᠬᠢᠶᠠᠨ ᠪᠠᠶᠢᠭᠤᠯᠵᠤ ︽ᠢᠳᠡᠭᠡᠨ ᠤᠮᠳᠠᠭᠠᠨ ᠢ ᠪᠦᠷᠢᠯᠭᠡᠨ | ᠰᠦᠢᠳᠭᠡᠬᠦ ᠶᠢ ᠬᠤᠷᠢᠭᠯᠠᠬᠤ᠂ ᠠᠷᠪᠢᠴᠢ ᠭᠠᠮᠲᠠᠶ ᠬᠡᠪ ᠰᠤᠷᠲᠠᠯ ᠢ ᠬᠠᠳᠠᠭᠠᠯᠠᠬᠤ︾ ᠰᠠᠨᠠᠭᠠᠴᠢᠯᠠᠭ᠎ᠠ ᠶᠢᠨ ᠪᠢᠴᠢᠭ ᠢ | ᠤᠯᠠᠮᠵᠢᠯᠠᠨ ᠰᠤᠷᠤᠯᠴᠠᠭᠤᠯᠪᠠ᠃ | ᠶᠠᠳᠠᠭᠤ ᠶᠢ ᠲᠡᠳᠬᠦᠬᠦ ᠠᠯᠪᠠᠨ ᠭᠡᠷ ᠤᠨ ᠳᠡᠳ᠋ ᠡᠷᠬᠢᠯᠡᠭᠴᠢ ᠵᠠᠩ ᠫᠧᠩ ᠹᠸᠢ ᠰᠠᠨᠠᠭᠠᠴᠢᠯᠠᠭ᠎ᠠ ᠶᠢᠨ ᠪᠢᠴᠢᠭ ᠢ | ᠤᠩᠰᠢᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠶᠢ ᠺᠠᠳ᠋ᠷ ᠠᠵᠢᠯᠲᠠᠨ ᠨᠢᠭᠡᠪᠦᠷᠢ ᠳᠤ | ᠳᠠᠮᠵᠢᠭᠤᠯᠪᠠ᠃ ᠺᠠᠳ᠋ᠷ ᠠᠵᠢᠯᠲᠠᠨ ᠠᠵᠢᠯᠴᠢᠨ ᠠᠴᠠ ᠢᠯᠡᠷᠭᠡᠶᠢᠯᠡᠭᠰᠡᠨ ᠨᠢ᠄ ᠡᠷᠬᠡᠪᠰᠢ ᠤᠯᠤᠰ ᠤᠨ ᠤᠷᠢᠶᠠᠯᠠᠭ᠎ᠠ ᠶᠢ | ᠢᠳᠡᠪᠬᠢᠲᠡᠢ ᠳᠠᠭᠠᠵᠤ᠂ ᠰᠢᠨᠵᠢᠯᠡᠬᠦ ᠤᠬᠠᠭᠠᠨᠴᠢ ᠢᠳᠡᠭᠡᠨ ᠤᠮᠳᠠᠭᠠᠨ ᠢ ᠡᠷᠬᠢᠮᠯᠡᠵᠦ᠂ ᠢᠳᠡᠭᠡᠨ ᠤ ᠲᠡᠩᠴᠡᠭᠦᠷᠢ ᠶᠢ | ᠴᠢᠬᠤᠯᠠᠴᠢᠯᠠᠵᠤ᠂ ᠨᠣᠭᠤᠭ᠎ᠠ ᠵᠠᠭᠤᠰᠢ ᠶᠢ ᠵᠣᠬᠢᠰᠲᠠᠶ ᠲᠣᠬᠢᠷᠠᠭᠤᠯᠵᠤ᠂ ᠪᠦᠷᠢᠯᠭᠡᠨ ᠰᠦᠢᠳᠭᠡᠬᠦ ᠶᠢ ᠬᠤᠷᠢᠭᠯᠠᠨ | ᠵᠣᠭᠰᠣᠭᠠᠵᠤ᠂ ︽ᠬᠤᠭᠤᠰᠣᠨ ᠫᠢᠯᠡ︾ ᠪᠠᠷ ᠢᠷᠠᠭᠤ ᠠᠯᠳᠠᠷ ᠢᠶᠠᠨ ᠪᠣᠯᠭᠠᠵᠤ᠂ ᠪᠦᠷᠢᠯᠭᠡᠨ ᠰᠦᠢᠳᠭᠡᠬᠦ ᠶᠢ | ᠢᠴᠢᠭᠦᠷᠢ ᠭᠤᠲᠤᠮᠰᠢᠭ ᠢᠶᠠᠷ ᠦᠵᠡᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠰᠠᠶᠢᠬᠠᠨ ᠢᠳᠡᠭᠡᠨ | ᠤᠮᠳᠠᠭᠠᠨ ᠤ ᠰᠣᠶᠣᠯ ᠢ ᠴᠢᠷᠮᠠᠶᠢᠨ ᠠᠬᠢᠭᠤᠯᠤᠨ᠎ᠠ᠃ | | ᠤᠷᠴᠢᠭᠤᠯᠤᠭᠴᠢ᠄ ᠬᠠᠨ ᠰᠢᠶᠣᠣ ᠿᠦᠩ | ᠬᠢᠨᠠᠭᠴᠢ᠄ ᠼᠦᠢ ᠶᠢᠩ | |