ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠵᠠᠨ ᠹᠠ ᠨᠠᠷ ᠮᠠᠨ ᠤ ᠬᠤᠲᠠ ᠳᠤ ᠰᠠᠭᠠᠳᠠᠵᠦ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠶᠢᠨ ᠠᠵᠢᠯ ᠤᠨ ᠠᠮᠵᠢᠯᠳᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020/9/10
     9 ᠰᠠᠷ᠎ᠠ ᠶᠢᠨ 2 ᠤᠨ ᠡᠳᠦᠷ᠂ ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠵᠠᠨ ᠹᠠ ᠶᠢᠨ ᠳᠠᠭᠠᠭᠤᠯᠤᠭᠰᠠᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ 4 ᠬᠦᠮᠦᠨ ᠮᠠᠨ ᠤ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠲᠤ ᠢᠷᠡᠵᠦ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢ ᠥᠷᠨᠢᠭᠦᠯᠪᠡ᠃    ᠬᠢᠨᠠᠨ ᠰᠢᠯᠭᠠᠬᠤ ᠳᠤᠭᠤᠶᠢᠯᠠᠩ ᠨᠢ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠶᠢᠨ  ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠭᠠᠷ ᠳᠡᠪᠲᠡᠷ ᠲᠠᠢ ᠬᠠᠷᠢᠴᠠᠭᠤᠯᠵᠤ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠶ ᠶᠢᠨ ᠲᠠᠯᠠᠪᠤᠷ ᠲᠤ ᠮᠠᠲ᠋ᠧᠷᠢᠶᠠᠯ ᠪᠠᠶᠢᠴᠠᠭᠠᠨ ᠦᠵᠡᠬᠦ᠂ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠬᠠᠷᠢᠶ᠎ᠠ ᠣᠷᠣᠨ ᠤ ᠬᠠᠮᠢᠶᠠᠷᠤᠯᠳᠠ᠂  ᠦᠢᠯᠡᠴᠢᠯᠡᠭᠡ ᠬᠠᠩᠭᠠᠬᠤ᠂ ᠠᠵᠢᠯᠯᠠᠭᠠᠨ ᠤ ᠦᠷ᠎ᠡ ᠪᠦᠲᠦᠮᠵᠢ᠂ ᠦᠷᠭᠦᠯᠵᠢᠯᠡᠨ ᠬᠥᠭᠵᠢᠬᠦ᠂ ᠬᠠᠨᠤᠮᠵᠢᠲᠠᠶ ᠪᠠᠶᠢᠬᠤ ᠬᠡᠮᠵᠢᠶ᠎ᠡ ᠶᠢᠨ ᠦᠨᠡᠯᠡᠯᠲᠡ ᠵᠡᠷᠭᠡ ᠨᠡᠶᠢᠲᠡ ᠲᠠᠪᠤᠨ ᠲᠠᠯ᠎ᠠ ᠶᠢᠨ 55 ᠵᠦᠢᠯ ᠤᠨ ᠭᠦᠢᠴᠡᠳᠭᠡᠯ  ᠲᠤᠭ᠎ᠠ ᠪᠠᠷ ᠳᠠᠮᠵᠢᠨ ᠬᠢᠨᠠᠨ ᠰᠢᠯᠭᠠᠯᠲᠠ ᠬᠢᠪᠡ᠃    ᠬᠢᠨᠠᠨ ᠰᠢᠯᠭᠠᠬᠤ ᠳᠤᠭᠤᠶᠢᠯᠠᠩ ᠡᠬᠡ ᠨᠢᠯᠬᠠᠰ ᠤᠨ ᠡᠷᠡᠭᠦᠯ ᠮᠡᠨᠳᠦ ᠶᠢᠨ ᠠᠵᠢᠯ ᠤᠨ ᠰᠠᠷ᠎ᠠ ᠪᠦᠷᠢ ᠶᠢᠨ ᠡᠭᠡᠯᠵᠢᠲᠦ ᠬᠤᠷᠠᠯ᠂ ᠬᠠᠷᠢᠶ᠎ᠠ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠵᠡᠷᠭᠡ ᠠᠵᠢᠯ ᠤᠨ ᠳᠤᠮᠳᠠᠬᠢ ᠭᠢᠯᠠᠰ ᠴᠡᠭ ᠢ ᠭᠦᠢᠴᠡᠳ ᠨᠤᠲᠠᠯᠠᠵᠤ᠂ ᠪᠠᠰᠠ ᠣᠷᠣᠰᠢᠵᠤ ᠪᠠᠶᠢᠭ᠎ᠠ ᠠᠰᠠᠭᠤᠳᠠᠯ ᠳᠤ ᠲᠤᠬᠠᠶ ᠶᠢᠨ ᠲᠠᠯᠠᠪᠤᠷ ᠲᠤ ᠨᠢ ᠬᠠᠷᠢᠭᠤ ᠲᠤᠰᠬᠠᠪᠠ᠃    ᠡᠨᠡ ᠤᠳᠠᠭᠠᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠᠷ ᠳᠠᠮᠵᠢᠨ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠪᠠ ᠬᠦᠭᠵᠢᠯᠳᠡ ᠶᠢ ᠠᠬᠢᠭᠤᠯᠵᠤ᠂ ᠪᠦᠬᠦ ᠬᠤᠲᠠ ᠶᠢᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠶᠢᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠪᠠ ᠵᠢᠷᠤᠮᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃                                  ᠵᠣᠬᠢᠶᠠᠭᠴᠢ᠄ ᠯᠢ ᠶᠢᠩ                             ᠤᠷᠴᠢᠭᠤᠯᠤᠭᠴᠢ᠄ ᠬᠠᠨ ᠰᠢᠶᠣᠣ ᠿᠦᠩ                             ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3