| ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠪᠣᠯ ᠤᠯᠤᠰ ᠤᠨ ᠦᠭᠡ | ᠬᠡᠯᠡᠨ ᠤ ᠠᠮᠤᠷ ᠲᠦᠪᠰᠢᠨ ᠢ ᠬᠠᠮᠠᠭᠠᠯᠠᠬᠤ ᠶᠠᠪᠤᠳᠠᠯ ᠪᠠᠶᠢᠵᠦ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ | ᠬᠦᠴᠦᠨ᠂ ᠲᠥᠪᠯᠡᠩᠭᠦᠶ ᠬᠦᠴᠦᠨ ᠢ ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠶ ᠪᠠᠷ ᠬᠠᠮᠲᠤ | ᠤᠷᠤᠰᠢᠵᠦ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠨ᠂ ᠡᠶ᠎ᠡ ᠵᠤᠬᠢᠴᠠᠩᠭᠤᠢ ᠪᠠᠷ ᠬᠥᠭᠵᠢᠬᠦ ᠶᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠮᠥᠨ᠃ ᠦᠨᠳᠦᠰᠦᠲᠡᠨ ᠤ ᠭᠠᠵᠠᠷ ᠣᠷᠣᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠪᠠ ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢ | ᠭᠤᠶᠢᠪᠢᠰᠢ ᠦᠭᠡᠢ᠂ ᠲᠤᠭ ᠲᠡᠮᠳᠡᠭ ᠲᠤᠳᠤᠷᠬᠠᠢ ᠶᠠᠪᠤᠭᠤᠯᠬᠤ ᠨᠢ ᠭᠠᠵᠠᠷ ᠣᠷᠣᠨ ᠪᠣᠯᠤᠨ ᠬᠤᠪᠢ ᠬᠥᠮᠦᠨ ᠤ | ᠢᠷᠡᠭᠡᠳᠦᠶ ᠶᠢᠨ ᠠᠯᠤᠰ ᠬᠡᠲᠦ ᠶᠢᠨ ᠬᠥᠭᠵᠢᠯᠲᠡ ᠶᠢ ᠠᠬᠢᠭᠤᠯᠬᠤ ᠪᠤᠰᠤᠳᠴᠢ ᠬᠡᠷᠡᠭᠴᠡᠭᠡ ᠮᠥᠨ᠂ ᠪᠠᠰᠠ ᠴᠤ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠪᠠ ᠠᠭᠤᠰᠤᠯᠴᠠᠯ ᠢ ᠠᠬᠢᠭᠤᠯᠬᠤ ᠴᠢᠬᠤᠯᠠ ᠨᠥᠬᠦᠴᠡᠯ | ᠮᠥᠨ᠂ ᠨᠡᠩ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠦᠨᠳᠦᠰᠦᠨ ᠱᠠᠭᠠᠷᠳᠠᠯᠭ᠎ᠠ ᠮᠥᠨ᠃ | ᠯᠢᠦ ᠪᠥᠸᠧ ᠴᠧᠩ ᠮᠠᠷᠱᠠᠯ ᠵᠢᠭᠠᠬᠤ ᠮᠠᠲ᠋ᠧᠷᠢᠶᠠᠯ ᠤᠨ ᠪᠦᠳᠦᠭᠡᠨ ᠪᠠᠶᠢᠭᠤᠯᠤᠯᠲᠠ ᠶᠢ ︽ᠬᠦᠨᠳᠦ | ᠦᠢᠯᠡᠳᠪᠦᠷᠢ︾ ᠲᠠᠢ ᠵᠦᠢᠷᠯᠡᠵᠦ ᠦᠩᠭᠡᠷᠡᠪᠡ᠃ ᠵᠢᠭᠠᠬᠤ ᠮᠠᠲ᠋ᠧᠷᠢᠶᠠᠯ ᠤᠨ ᠠᠵᠢᠯ ᠨᠢ ᠬᠦᠮᠦᠨ ᠢ | ᠬᠦᠮᠦᠵᠢᠭᠦᠯᠬᠦ ᠶᠢᠨ ᠰᠠᠭᠤᠷᠢ ᠪᠤᠯᠬᠤᠷ ᠲᠤᠶᠢᠯ ᠤᠨ ᠬᠦᠨᠳᠦ ᠴᠢᠬᠤᠯᠠ ᠪᠠᠶᠢᠵᠦ᠂ ᠪᠠᠭᠰᠢ ᠪᠤᠯᠤᠭᠰᠠᠳ ᠵᠢᠭᠠᠬᠤ | ᠮᠠᠲ᠋ᠧᠷᠢᠶᠠᠯ ᠢᠶᠠᠷ ᠵᠢᠭᠠᠵᠤ᠂ ᠰᠤᠷᠤᠭᠴᠢᠳ ᠵᠢᠭᠠᠬᠤ ᠮᠠᠲ᠋ᠧᠷᠢᠶᠠᠯ ᠢᠶᠠᠷ ᠰᠤᠷᠤᠯᠴᠠᠵᠤ᠂ ᠰᠤᠷᠤᠭᠴᠢᠳ ᠤᠨ | ᠬᠦᠷᠳᠡᠭᠰᠡᠨ ᠮᠡᠳᠡᠯᠭᠡ᠂ ᠤᠨᠤᠯ ᠪᠠ ᠦᠵᠡᠯ ᠰᠠᠨᠠᠭᠠᠨ ᠤ ᠣᠯᠠᠩᠬᠢ ᠨᠢ ᠵᠢᠭᠠᠬᠤ ᠮᠠᠲ᠋ᠧᠷᠢᠶᠠᠯ ᠤᠨ ᠵᠢᠯᠤᠭᠤᠳᠤᠯᠭ᠎ᠠ | ᠪᠠ ᠰᠡᠩᠬᠡᠷᠡᠭᠦᠯᠦᠯ ᠠᠴᠠ ᠢᠷᠡᠳᠡᠭ᠃ ᠵᠢᠭᠠᠬᠤ ᠮᠠᠲ᠋ᠧᠷᠢᠶᠠᠯ ᠨᠢ ᠨᠠᠮ ᠪᠣᠯᠤᠨ ᠤᠯᠤᠰ ᠤᠨ ᠵᠣᠷᠢᠭ ᠰᠠᠨᠠᠭ᠎ᠠ ᠶᠢ | ᠢᠯᠡᠷᠡᠭᠦᠯᠵᠦ᠂ ᠠᠷᠠᠳ ᠲᠦᠮᠡᠨ ᠤ ᠴᠢᠬᠤᠯᠠ ᠶᠡᠭᠡ ᠠᠩᠬᠠᠷᠤᠯ ᠢ ᠳᠤᠰᠬᠠᠵᠤ᠂ ᠳᠤᠮᠳᠠᠳᠤ ᠶᠢᠨ ᠰᠢᠯᠢᠳᠡᠭ ᠰᠣᠶᠣᠯ | ᠪᠠ ᠬᠥᠮᠦᠨ ᠲᠥᠷᠥᠯᠬᠢᠲᠡᠨ ᠤ ᠪᠣᠯᠪᠠᠰᠤᠨ ᠤ ᠲᠡᠷᠢᠭᠦᠨ ᠤ ᠦᠷ᠎ᠡ ᠪᠦᠲᠦᠭᠡᠯ ᠢ ᠤᠯᠠᠮᠵᠢᠯᠠᠨ ᠵᠠᠯᠭᠠᠮᠵᠢᠯᠠᠵᠤ᠂ ᠶᠠᠮᠠᠷ | ᠬᠥᠮᠦᠨ ᠢ ᠬᠥᠮᠦᠵᠢᠭᠦᠯᠬᠦ᠂ ᠬᠡᠷᠬᠢᠨ ᠬᠥᠮᠦᠨ ᠢ ᠬᠥᠮᠦᠵᠢᠭᠦᠯᠬᠦ᠂ ᠬᠡᠨ ᠳᠤ ᠬᠥᠮᠦᠨ ᠢ ᠬᠥᠮᠦᠵᠢᠭᠦᠯᠬᠦ ᠦᠨᠳᠦᠰᠦᠨ | ᠠᠰᠠᠭᠤᠳᠠᠯ ᠢ ᠰᠢᠢᠳᠪᠦᠷᠢᠯᠡᠬᠦ ᠴᠢᠬᠤᠯᠠ ᠠᠴᠢᠶᠠᠯᠠᠪᠤᠷᠢ ᠪᠠᠶᠢᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ | ᠨᠠᠶᠢᠳᠠᠪᠤᠷᠢᠵᠢᠭᠤᠯᠬᠤ ᠪᠠ ᠰᠤᠷᠭᠠᠨ ᠬᠥᠮᠦᠵᠢᠯ ᠤᠨ ᠬᠠᠷᠠᠯᠲᠠ ᠶᠢ ᠪᠡᠶᠡᠯᠡᠭᠦᠯᠬᠦ ᠳᠤ ᠰᠢᠭᠤᠳ ᠬᠤᠯᠪᠣᠭᠳᠠᠵᠤ | ᠪᠠᠶᠢᠳᠠᠭ᠃ | ᠡᠭᠦᠨ ᠠᠴᠠ ᠡᠮᠦᠨ᠎ᠡ᠂ ᠰᠢᠨᠵᠢᠶᠠᠩ ᠪᠣᠯᠤᠨ ᠲᠥᠪᠡᠳ ᠲᠣᠰ ᠲᠣᠰ 2017 ᠤᠨ ᠪᠠ 2018 ᠣᠨ ᠠᠴᠠ | ᠡᠬᠢᠯᠡᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠤ ᠡᠬᠢᠨ ᠤ ᠣᠨ ᠠᠴᠠ ᠡᠬᠢᠯᠡᠨ ᠬᠡᠯᠡ ᠪᠢᠴᠢᠭ᠂ | ᠤᠯᠤᠰ ᠲᠥᠷᠥ᠂ ᠲᠡᠤᠬᠡ ᠭᠤᠷᠪᠠᠨ ᠲᠥᠷᠥᠯ ᠤᠨ ᠬᠢᠴᠢᠶᠡᠯ ᠨᠢ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠡᠬᠢᠯᠡᠨ ᠬᠡᠷᠡᠭᠯᠡᠵᠦ᠂ ᠲᠡᠷᠡᠴᠢᠯᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢᠶᠠᠷ ᠵᠢᠭᠠᠨ ᠰᠤᠷᠭᠠᠪᠠ᠃᠂ ᠮᠠᠨ ᠤ ᠣᠷᠣᠨ ᠤ ᠬᠡᠯᠡ ᠪᠢᠴᠢᠭ᠂ ᠤᠯᠤᠰ ᠲᠥᠷᠥ᠂ ᠲᠡᠤᠬᠡ ᠭᠤᠷᠪᠠᠨ | ᠲᠥᠷᠥᠯ ᠤᠨ ᠬᠢᠴᠢᠶᠡᠯ ᠢ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠭᠤᠷᠪᠠᠨ | ᠵᠢᠯ ᠬᠤᠪᠢᠶᠠᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ | ᠭᠤᠷᠪᠠᠨ ᠲᠥᠷᠥᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠳᠠᠷᠠᠭ᠎ᠠ᠂ ᠪᠦᠬᠦ | ᠣᠷᠣᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠪᠤᠰᠤᠳ | ᠰᠢᠨᠵᠢᠯᠡᠭᠡᠨ ᠤ ᠬᠢᠴᠢᠶᠡᠯ ᠤᠨ ᠪᠠᠶᠢᠷᠢᠯᠠᠭᠤᠯᠤᠯᠲᠠ ᠶᠢ ᠬᠤᠪᠢᠷᠠᠭᠤᠯᠬᠤ ᠦᠭᠡᠢ᠂ ᠵᠢᠭᠠᠬᠤ ᠮᠠᠲ᠋ᠧᠷᠢᠶᠠᠯ ᠢ ᠬᠡᠷᠡᠭᠯᠡᠬᠦ ᠨᠢ | ᠬᠤᠪᠢᠷᠠᠬᠤ ᠦᠭᠡᠢ᠂ ᠬᠢᠴᠢᠶᠡᠯᠯᠡᠬᠦ ᠦᠭᠡ ᠬᠡᠯᠡ ᠦᠰᠦᠭ ᠪᠢᠴᠢᠭ ᠢ ᠬᠤᠪᠢᠷᠠᠭᠤᠯᠬᠤ ᠦᠭᠡᠢ᠂ ᠮᠣᠩᠭᠤᠯ ᠬᠡᠯᠡ | ᠪᠢᠴᠢᠭ᠂ ᠰᠣᠯᠣᠩᠭᠤᠰ ᠬᠡᠯᠡ ᠪᠢᠴᠢᠭ ᠤᠨ ᠬᠢᠴᠢᠶᠡᠯ ᠢ ᠬᠤᠪᠢᠷᠠᠭᠤᠯᠬᠤ ᠦᠭᠡᠢ᠂ ᠤᠳᠤ ᠪᠠᠶᠢᠭ᠎ᠠ ᠬᠤᠣᠰ ᠬᠡᠯᠡᠨ ᠤ | ᠰᠤᠷᠭᠠᠨ ᠬᠥᠮᠦᠵᠢᠯ ᠤᠨ ᠰᠢᠰᠲ᠋ᠧᠮ ᠢ ᠬᠤᠪᠢᠷᠠᠭᠤᠯᠬᠤ ᠦᠭᠡᠢ᠂ ᠡᠨᠡ ᠬᠦ ᠰᠢᠢᠳᠪᠦᠷᠢᠳᠦ ᠪᠣᠳᠣᠯᠭ᠎ᠠ ᠨᠢ ᠮᠠᠨ ᠤ | ᠣᠷᠣᠨ ᠤ ᠠᠵᠢᠯ ᠤᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠨᠠᠮ ᠪᠠ ᠤᠯᠤᠰ ᠠᠴᠠ ᠮᠠᠨ ᠤ ᠣᠷᠣᠨ ᠢ | ᠬᠠᠯᠠᠮᠵᠢᠯᠠᠵᠤ ᠪᠠᠶᠢᠬᠤ ᠶᠢ ᠢᠯᠡᠷᠡᠭᠦᠯᠪᠡ᠃ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯ ᠤᠯᠤᠰ ᠤᠨ ᠲᠡᠰ ᠤᠨ᠂ ᠥᠨᠳᠥᠷ ᠬᠢᠷᠢ ᠲᠦᠪᠰᠢᠨ | ᠂ ᠡᠷᠬᠡ ᠰᠦᠷᠲᠦ ᠴᠢᠨᠠᠷ ᠲᠠᠢ ᠵᠢᠭᠠᠬᠤ ᠮᠠᠲ᠋ᠧᠷᠢᠶᠠᠯ ᠪᠠᠶᠢᠵᠦ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠤᠮᠳᠠᠳᠤ | ᠪᠠᠭ᠎ᠠ ᠰᠤᠷᠭᠠᠭᠤᠯᠢ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠨᠠᠮ ᠤᠨ ᠲᠥᠪ | ᠬᠤᠷᠢᠶᠠᠨ ᠠᠴᠠ ᠭᠠᠷᠭᠠᠭᠰᠠᠨ ᠦᠨᠳᠦᠰᠦᠲᠡᠨ ᠤ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠬᠤ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠳᠠ ᠪᠠᠶᠢᠵᠦ᠂ ᠤᠯᠤᠰ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠠᠮᠢᠶᠠᠷᠤᠯᠲᠠ ᠶᠢᠨ ᠴᠢᠬᠤᠯᠠ ᠶᠡᠭᠡ | ᠦᠭᠡᠷᠡᠴᠢᠯᠡᠯᠳᠡ ᠶᠢᠨ ᠠᠷᠭ᠎ᠠ ᠬᠡᠮᠵᠢᠶ᠎ᠡ ᠮᠥᠨ᠃ ᠦᠨᠳᠦᠰᠦᠲᠡᠨ ᠤ ᠰᠤᠷᠭᠠᠭᠤᠯᠢ ᠶᠢᠨ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠢᠷᠢ ᠲᠦᠪᠰᠢᠨ ᠢ ᠲᠠᠰᠤᠷᠠᠯᠲᠠ ᠤᠢᠭᠡᠢ | ᠳᠡᠭᠡᠭᠰᠢᠯᠡᠭᠦᠯᠵᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠳᠦᠷᠢᠮ ᠤᠨ ᠲᠣᠬᠢᠷᠠᠭᠤᠯᠤᠯᠲᠠ ᠮᠦᠨ᠂ ᠦᠨᠳᠦᠰᠦᠲᠡᠨ ᠤ ᠣᠷᠣᠨ ᠤ ᠥᠷᠭᠡᠨ ᠤᠯᠠᠨ ᠲᠦᠮᠡᠨ ᠪᠠ | ᠰᠤᠷᠤᠭᠴᠢᠳ ᠤᠨ ᠪᠣᠳᠠᠲᠤ ᠱᠠᠭᠠᠷᠳᠠᠯᠭ᠎ᠠ ᠮᠥᠨ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠪᠣᠯᠤᠨ ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ | ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠲᠥᠪ | ᠭᠤᠣᠯᠴᠢ᠂ ᠨᠡᠩ ᠴᠢᠨᠠᠷ ᠰᠠᠶᠢᠳᠠᠢ ᠰᠤᠷᠭᠠᠨ ᠬᠥᠮᠦᠵᠢᠯ ᠬᠦᠷᠲᠡᠭᠡᠬᠦ ᠳᠤ ᠠᠰᠢᠭᠲᠠᠢ ᠪᠠᠶᠢᠵᠤ᠂ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠪᠠ ᠠᠯᠤᠰ ᠬᠡᠳᠦ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠳᠤ ᠴᠥᠭᠡᠨ ᠲᠣᠭᠠᠲᠤ ᠦᠨᠳᠦᠰᠦᠲᠡᠨ ᠤ | ᠤᠯᠠᠨ ᠲᠦᠮᠡᠨ ᠪᠣᠯ ᠬᠠᠮᠤᠭ ᠤᠨ ᠶᠡᠭᠡ ᠠᠰᠢᠭ ᠬᠦᠷᠳᠡᠭᠴᠢ ᠮᠥᠨ᠃ ᠴᠥᠭᠡᠨ ᠲᠣᠭᠠᠲᠤ ᠦᠨᠳᠦᠰᠦᠲᠡᠨ ᠤ ᠣᠯᠠᠨ | ᠲᠦᠮᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠨ ᠡᠵᠡᠮᠰᠢᠬᠦ ᠪᠠᠷ ᠳᠠᠮᠵᠢᠨ᠂ | ᠬᠠᠷᠠᠭ᠎ᠠ ᠪᠠᠨ ᠥᠷᠭᠡᠳᠬᠡᠵᠦ᠂ ᠮᠡᠳᠡᠯᠭᠡ ᠪᠠᠨ ᠪᠠᠶᠠᠯᠢᠭᠵᠢᠭᠤᠯᠵᠤ᠂ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ | ᠬᠡᠪ ᠴᠢᠨᠠᠷ ᠢᠶᠠᠨ ᠳᠡᠭᠡᠭᠰᠢᠯᠡᠭᠦᠯᠦᠨ᠎ᠡ︔ ᠪᠣᠳᠠᠲᠤ ᠪᠠᠶᠢᠳᠠᠯ ᠴᠤ ᠮᠠᠨ ᠤ ᠣᠷᠣᠨ ᠤ ᠴᠥᠭᠡᠨ ᠲᠣᠭᠠᠲᠤ | ᠦᠨᠳᠦᠰᠦᠲᠡᠨ ᠤ ᠦᠯᠡᠮᠵᠢ ᠤᠯᠠᠨ ᠰᠢᠯᠢᠳᠡᠭ ᠡᠷᠳᠡᠮᠲᠡᠨ᠂ ᠲᠤᠰᠬᠠᠶ ᠮᠡᠷᠭᠡᠵᠢᠯᠲᠡᠨ ᠪᠠ ᠳᠡᠭᠡᠳᠦ ᠨᠠᠷᠢᠯᠢᠭ | ᠣᠷᠦ᠋ᠢᠯᠠᠭᠰᠠᠨ ᠴᠢᠳᠠᠪᠤᠷᠢᠲᠠᠨ ᠴᠥᠮ ᠬᠤᠤᠰ ᠬᠡᠯᠡᠨ ᠤ ᠰᠤᠷᠭᠠᠨ ᠬᠥᠮᠦᠵᠢᠯ ᠠᠴᠠ ᠠᠰᠢᠭ ᠬᠦᠷᠳᠡᠭᠰᠡᠨ ᠢ | ᠭᠡᠷᠡᠴᠢᠯᠡᠪᠡ᠂ ᠃ ᠡᠭᠦᠨ ᠠᠴᠠ ᠦᠵᠡᠬᠦ ᠳᠤ᠂ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ | ᠪᠣᠯ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠨ ᠪᠤᠵᠠᠭᠠᠢᠢᠷᠠᠬᠤ ᠶᠢ ᠳᠡᠮᠵᠢᠭᠰᠡᠨ ᠪᠠ | ᠬᠠᠮᠠᠭᠠᠯᠠᠭᠰᠠᠨ ᠶᠠᠪᠤᠳᠠᠯ ᠪᠣᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠰᠤᠷᠭᠠᠨ ᠬᠥᠮᠦᠵᠢᠯ ᠬᠦᠷᠲᠡᠬᠦ ᠡᠷᠬᠡ ᠶᠢ | ᠬᠠᠮᠠᠭᠠᠯᠠᠬᠤ ᠪᠣᠯ ᠪᠠᠰᠠ ᠴᠤ ᠴᠥᠭᠡᠨ ᠲᠤᠭᠠᠳᠤ ᠦᠨᠳᠦᠰᠦᠲᠡᠨ ᠤ ᠣᠯᠠᠨ ᠲᠦᠮᠡᠨ ᠳᠤ ︽ᠭᠠᠷᠴᠤ ᠶᠠᠪᠤᠬᠤ︾᠂ | ᠣᠳᠣ ᠦᠶ᠎ᠡ ᠶᠢᠨ ᠪᠣᠯᠪᠠᠰᠤᠨ ᠤ ᠦᠷ᠎ᠡ ᠪᠦᠲᠦᠭᠡᠯ ᠢ ᠬᠠᠮᠳᠤᠪᠠᠷ ᠡᠳ᠋ᠯᠡᠬᠦ ᠲᠣᠬᠢᠶᠠᠯ ᠮᠥᠨ᠂ ᠰᠠᠶᠢᠲᠤᠷ ᠠᠳᠬᠤᠵᠤ | ᠬᠡᠷᠡᠭᠯᠡᠪᠡᠯ ᠰᠠᠶ᠋ᠢ ᠡᠨᠡ ᠬᠦ ᠰᠠᠶᠢᠨ ᠰᠠᠨᠠᠭ᠎ᠠ ᠶᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃ | ᠤᠳᠤ ᠠᠵᠤ ᠠᠬᠤᠢ ᠨᠡᠶᠢᠭᠡᠮ ᠤᠨ ᠬᠥᠭᠵᠢᠯᠲᠡ ᠡᠳᠦᠷ ᠢᠷᠡᠬᠦᠶ᠎ᠡ ᠲᠦᠷᠭᠡᠨ ᠬᠥᠭᠵᠢᠵᠦ᠂ ᠠᠵᠠ ᠲᠣᠬᠢᠶᠠᠯ | ᠡᠷᠬᠡ ᠲᠡᠭᠰᠢ ᠪᠠᠷ ᠬᠥᠮᠦᠨ ᠪᠦᠬᠦᠨ ᠤ ᠡᠮᠦᠨ᠎ᠡ ᠲᠠᠯᠪᠢᠭᠳᠠᠵᠤ ᠪᠠᠶᠢᠨ᠎ᠠ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠷᠠᠳ ᠢᠷᠭᠡᠨ ᠪᠣᠯᠤᠭᠰᠠᠨ ᠤ ᠬᠤᠪᠢ ᠳᠤ᠂ ᠬᠡᠷᠪᠡ ᠵᠥᠪᠬᠡᠨ ᠲᠣᠰ ᠦᠨᠳᠦᠰᠦᠲᠡᠨ ᠤ ᠪᠠᠨ ᠦᠭᠡ | ᠬᠡᠯᠡ ᠦᠰᠦᠭ ᠪᠢᠴᠢᠭ ᠢ ᠬᠡᠷᠡᠭᠯᠡᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠴᠢᠯᠥᠭᠡᠲᠡᠶ | ᠬᠡᠷᠡᠭᠯᠡᠵᠦ ᠴᠢᠳᠠᠬᠤ ᠦᠭᠡᠢ ᠳᠤ ᠬᠦᠷᠪᠡᠯ᠂ ᠦᠷᠭᠡᠨ ᠠᠭᠤᠳᠠᠮ ᠤᠭᠳᠠᠷᠭᠤᠢ ᠳᠤ ᠦᠷᠦᠭᠡᠰᠦᠨ ᠵᠢᠭᠦᠷ ᠢᠶᠠᠷ ᠢᠶᠠᠨ | ᠨᠢᠰᠳᠡᠭ ᠰᠢᠪᠠᠭᠤ ᠮᠡᠳᠦ ᠣᠷᠣᠰᠢᠨ ᠲᠣᠭᠲᠠᠨᠢᠬᠤ ᠪᠠ ᠬᠥᠭᠵᠢᠬᠦ ᠶᠢᠨ ᠣᠷᠣᠨ ᠵᠠᠶ ᠨᠢ ᠯᠠᠪᠲᠠᠶ ᠬᠢᠵᠠᠭᠠᠷᠯᠠᠭᠳᠠᠨ᠎ᠠ᠃ | ᠬᠡᠷᠪᠡ ᠲᠣᠰ ᠦᠨᠳᠦᠰᠦᠲᠡᠨ ᠤ ᠪᠠᠨ ᠦᠭᠡ ᠬᠡᠯᠡ ᠦᠰᠦᠭ ᠪᠢᠴᠢᠭ ᠢ ᠡᠵᠡᠮᠰᠢᠭᠰᠡᠨ ᠰᠠᠭᠤᠷᠢᠨ ᠳᠡᠭᠡᠷ᠎ᠡ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠶ ᠬᠡᠷᠡᠭᠯᠡᠵᠦ ᠴᠢᠳᠠᠪᠠᠯ ᠬᠤᠪᠢ ᠬᠥᠮᠦᠨ ᠪᠠ | ᠭᠠᠵᠠᠷ ᠣᠷᠣᠨ ᠳᠤ ᠠᠪᠴᠤ ᠬᠡᠯᠡᠪᠡᠯ᠂ ᠬᠤᠤᠰ ᠵᠢᠭᠦᠷ ᠢᠶᠠᠷ ᠢᠶᠠᠨ ᠵᠡᠷᠭᠡᠴᠡᠨ ᠨᠢᠰᠬᠦ ᠰᠢᠪᠠᠭᠤ ᠲᠠᠢ ᠠᠳᠠᠯᠢ᠂ ᠦᠷ᠎ᠡ | ᠳ᠋ᠦᠩ ᠨᠢ ᠶᠠᠷᠢᠶᠠᠨ ᠦᠭᠡᠢ ᠡᠷᠡᠰ ᠤᠨᠳᠤᠤ ᠪᠤᠯᠤᠨ᠎ᠠ᠃ ᠶᠠᠭ ᠨᠢᠭᠡᠨ ᠴᠥᠭᠡᠨ ᠲᠣᠭᠠᠲᠤ ᠦᠨᠳᠦᠰᠦᠲᠡᠨ ᠤ | ᠦᠨᠳᠦᠰᠦᠨ ᠱᠠᠲᠤᠨ ᠤ ᠺᠠᠳ᠋ᠷ ᠤᠨ ᠬᠡᠯᠡᠭᠰᠡᠨᠴᠢᠯᠡᠨ᠄ ︽ᠢᠯᠡᠭᠦᠦ ᠨᠢᠭᠡ ᠵᠦᠢᠯ ᠤᠨ ᠦᠭᠡ ᠬᠡᠯᠡ ᠶᠢ ᠡᠵᠡᠮᠰᠢᠪᠡᠯ | ᠢᠯᠡᠭᠦᠦ ᠨᠢᠭᠡ ᠵᠠᠮ ᠲᠠᠢ ᠪᠣᠯᠵᠤ᠂ ᠡᠨᠡ ᠬᠦ ᠵᠠᠮ ᠳᠡᠭᠡᠷ᠎ᠡ ᠮᠠᠰᠢ ᠣᠯᠠᠨ ᠰᠢᠨ᠎ᠡ ᠮᠡᠳᠡᠯᠭᠡ ᠰᠤᠷᠴᠤ᠂ ᠮᠠᠰᠢ ᠤᠯᠠᠨ | ᠰᠠᠶᠢᠨ ᠨᠠᠶᠢᠵᠠ ᠲᠠᠢ ᠨᠠᠶᠢᠵᠠᠯᠠᠵᠦ᠂ ᠪᠠᠰᠠ ᠨᠡᠩ ᠤᠯᠠᠨ ᠵᠠᠪᠰᠢᠶᠠᠨ ᠪᠠ ᠰᠣᠩᠭᠤᠯᠲᠠ ᠲᠠᠢ ᠪᠤᠯᠤᠨ᠎ᠠ︾᠃ | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |