ᠹᠧᠩᠵᠧᠨ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠲᠤᠰᠬᠠᠶ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/18
   9 ᠰᠠᠷ᠎ᠠ ᠶᠢᠨ 15 ᠤ ᠡᠳᠦᠷ᠂ ᠹᠧᠩᠵᠧᠨ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠲᠤᠰᠬᠠᠶ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠵᠦ ᠾᠧ ᠫᠢᠩ ᠲᠤᠰ ᠤᠳᠠᠭᠠᠨ ᠤ ᠬᠤᠷᠠᠯ ᠢ ᠡᠷᠭᠢᠯᠡᠵᠦ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠬᠤᠲᠠ ᠶᠢᠨ ᠰᠢᠭᠤᠳ ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠡᠤᠬᠡᠳ ᠤᠨ ᠴᠡᠴᠡᠷᠯᠢᠭ ᠤᠨ ᠳᠠᠷᠤᠭ᠎ᠠ ᠨᠠᠷ ᠬᠤᠷᠠᠯ ᠳᠤ ᠣᠷᠣᠯᠴᠠᠪᠠ᠃    ᠲᠤᠰ ᠤᠳᠠᠭᠠᠨ ᠤ ᠬᠤᠷᠠᠯ ᠳᠤ ᠡᠯ᠎ᠡ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠳᠣᠷᠣᠮᠵᠢᠯᠠᠯ ᠢ ᠰᠡᠷᠭᠡᠶᠢᠯᠡᠬᠦ ᠠᠵᠢᠯ ᠢ ᠳᠠᠬᠢᠨ ᠴᠢᠬᠤᠯᠠᠴᠢᠯᠠᠭᠰᠠᠨ ᠪᠠ ᠪᠠᠶᠢᠷᠢᠯᠠᠭᠤᠯᠵᠤ᠂ ᠠᠵᠢᠯ ᠤᠨ ᠭᠤᠣᠯᠳᠠᠯᠭ᠎ᠠ ᠪᠠᠨ ᠤᠯᠠᠮ ᠨᠢᠭᠡ ᠠᠯᠬᠤᠮ ᠲᠤᠳᠤᠷᠬᠠᠶᠢᠯᠠᠬᠤ ᠶᠢᠨ ᠬᠠᠮᠲᠤ ᠡᠯ᠎ᠡ ᠰᠤᠷᠭᠠᠭᠤᠯᠢ᠂ ᠬᠡᠤᠬᠡᠳ ᠤᠨ ᠴᠡᠴᠡᠷᠯᠢᠭ ᠭᠤᠤᠯ ᠰᠡᠳᠦᠪᠲᠦ ᠠᠩᠭᠢ ᠶᠢᠨ ᠬᠤᠷᠠᠯ᠂ ᠬᠠᠭᠤᠯᠤᠨ ᠮᠡᠳᠡᠭᠦᠯᠬᠦ ᠰᠤᠨᠢᠨ  ᠂ ᠰᠠᠮᠪᠠᠷ᠎ᠠ ᠶᠢᠨ ᠰᠣᠨᠢᠨ᠂ ᠮᠡᠳᠡᠯᠭᠡ ᠶᠢᠨ ᠤᠷᠤᠯᠳᠤᠭᠠᠨ ᠪᠣᠯᠤᠨ ᠠᠰᠠᠭᠤᠯᠲᠠ ᠶᠢᠨ ᠬᠠᠭᠤᠳᠠᠰᠤ ᠲᠠᠭᠯᠠᠬᠤ ᠵᠡᠷᠭᠡ ᠠᠷᠭ᠎ᠠ ᠬᠡᠯᠪᠡᠷᠢ ᠪᠠᠷ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠠᠵᠢᠯ ᠢ ᠢᠳᠡᠪᠬᠢᠲᠡᠶ ᠠᠬᠢᠭᠤᠯᠵᠤ᠂ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ ᠬᠢᠭᠡᠳ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠪᠠᠬᠢᠵᠢᠭᠦᠯᠦᠨ᠂ ᠪᠠᠭᠰᠢ ᠰᠤᠷᠤᠭᠴᠢᠳ ᠲᠤ ᠮᠡᠳᠡᠯᠭᠡ ᠰᠤᠷᠤᠯᠴᠠᠬᠤ ᠪᠠ ᠡᠷᠡᠭᠦᠯ ᠢᠶᠠᠷ ᠦᠰᠦᠨ ᠪᠤᠶᠢᠵᠢᠬᠤ ᠤᠷᠴᠢᠨ ᠢ ᠪᠦᠷᠢᠯᠳᠦᠬᠦᠯᠵᠦ ᠦᠭᠪᠡ᠃    ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠰᠦᠸᠧ ᠵᠢᠶᠠᠨ ᠮᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ ᠳᠤ᠂ ᠰᠤᠷᠤᠭᠴᠢᠳ ᠤᠨ ᠬᠠᠤᠯᠢ ᠪᠠᠷ ᠵᠠᠰᠠᠬᠤ ᠪᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠨᠢ ᠲᠤᠶᠢᠯ ᠤᠨ ᠴᠢᠬᠤᠯᠠ ᠪᠠᠶᠢᠵᠤ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠡᠷᠬᠡᠪᠰᠢ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠨ᠂ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠭᠡᠷ ᠪᠦᠯᠢ ᠶᠢᠨ ᠬᠥᠮᠦᠵᠢᠯ ᠢ ᠭᠦᠢᠴᠡᠳ ᠴᠢᠬᠤᠯᠠᠴᠢᠯᠠᠨ᠂ ᠭᠡᠷ ᠪᠦᠯᠢ ᠪᠠ ᠰᠤᠷᠭᠠᠭᠤᠯᠢ ᠶᠢᠨ ᠬᠠᠮᠲᠤᠷᠠᠨ ᠬᠦᠳᠡᠯᠦᠯᠴᠡᠬᠦ ᠶᠢ ᠴᠢᠩᠭᠠᠳᠬᠠᠵᠤ᠂ ᠶᠣᠰᠣ ᠰᠤᠷᠲᠠᠬᠤᠨ ᠢᠶᠠᠷ ᠬᠥᠮᠦᠵᠢᠭᠦᠯᠬᠦ ᠦᠨᠳᠦᠰᠦᠨ ᠡᠭᠦᠷᠭᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠬᠡᠷᠡᠭᠳᠡᠢ᠃                              ᠵᠤᠬᠢᠶᠠᠭᠴᠢ᠄ ᠳ᠋ᠦᠩ ᠲᠢᠩ                              ᠤᠷᠴᠢᠭᠤᠯᠤᠭᠴᠢ᠄ ᠬᠠᠨ ᠰᠢᠶᠤᠤ ᠿᠦᠩ                              ᠬᠢᠨᠠᠭᠴᠢ᠄ ᠼᠦᠢ ᠶᠢᠩ    
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3