| ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠤᠳᠠᠯ ᠦᠭᠡᠢ ᠬᠦᠷᠴᠦ ᠢᠷᠡᠬᠦ ᠳᠤ᠂ ᠶᠧᠪᠡᠩ ᠤᠨ ᠬᠡᠷᠡᠭᠯᠡᠭᠡ | ᠤᠯᠠᠮ ᠢᠶᠠᠷ ᠣᠷᠭᠢᠯ ᠳᠠᠭᠠᠨ ᠲᠤᠯᠵᠤ᠂ ᠮᠠᠨ ᠤ ᠬᠤᠲᠠ ᠶᠢᠨ ᠴᠥᠭᠡᠨ ᠪᠤᠰᠤ ᠶᠧᠪᠡᠩ ᠤᠨ ᠠᠵᠤ ᠠᠬᠤᠶᠢᠯᠠᠯ | ᠬᠤᠶᠢᠨ᠎ᠠ ᠬᠤᠶᠢᠨ᠎ᠠ ᠠᠴᠠ ᠪᠠᠨ ᠦᠢᠯᠡᠳᠪᠦᠷᠢᠯᠡᠯ ᠢᠶᠠᠨ ᠡᠬᠢᠯᠡᠭᠦᠯᠪᠡ᠃ ᠬᠢᠷᠢ ᠲᠡᠩᠴᠡᠬᠦ ᠦᠭᠡᠢ ᠶᠧᠪᠡᠩ ᠤᠨ ᠵᠠᠬ᠎ᠠ | ᠳᠡᠯᠭᠡᠭᠦᠷ ᠲᠤ ᠣᠷᠣᠬᠤ ᠶᠢ ᠬᠤᠷᠢᠭᠯᠠᠨ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ | ᠬᠠᠮᠠᠭᠠᠯᠠᠬᠤ ᠶᠢᠨ ᠲᠦᠯᠦᠭᠡ᠂ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠤᠷᠢᠳᠴᠢᠯᠠᠨ ᠪᠠᠶᠢᠷᠢᠯᠠᠭᠤᠯᠵᠤ᠂ ᠶᠧᠪᠡᠩ ᠤᠨ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢ | ᠥᠷᠨᠢᠭᠦᠯᠵᠦ᠂ ᠲᠣᠰ ᠲᠣᠰ ᠦᠢᠯᠡᠳᠪᠦᠷᠢᠯᠡᠯ ᠤᠨ ᠭᠤᠭᠴᠤᠭ᠎ᠠ᠂ ᠭᠦᠢᠯᠭᠡᠭᠡᠨ ᠤ ᠭᠤᠭᠴᠤᠭ᠎ᠠ ᠠᠴᠠ ᠭᠠᠷᠳᠠᠵᠤ᠂ | ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠪᠠ᠃ | ᠦᠢᠯᠡᠳᠪᠦᠷᠢᠯᠡᠯ ᠤᠨ ᠵᠠᠩᠭᠢᠯᠠᠭ᠎ᠠ ᠶᠢᠨ ᠲᠠᠯ᠎ᠠ ᠪᠠᠷ᠂ ᠬᠠᠤᠯᠢ ᠬᠡᠷᠡᠭᠵᠢᠭᠦᠯᠦᠭᠴᠢᠳ ᠬᠠᠶ ᠫᠧᠩ᠂ ᠺᠠᠩ ᠮᠧᠶ᠂ | ᠧᠨ ᠪᠦᠦ ᠵᠡᠷᠭᠡ ᠣᠯᠠᠨ ᠶᠧᠪᠡᠩ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠶᠧᠪᠡᠩ ᠡᠳ᠋ᠰᠢᠭᠦᠯᠬᠦ ᠵᠢᠵᠢᠭ | ᠦᠢᠯᠡᠳᠭᠡᠯ ᠤᠨ ᠭᠠᠵᠠᠷ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠦᠢᠯᠡᠳᠪᠦᠷᠢᠯᠡᠯ ᠤᠨ ᠣᠷᠴᠢᠨ | ᠲᠣᠭᠤᠷᠢᠨ ᠤ ᠨᠥᠬᠦᠴᠡᠯ᠂ ᠪᠠᠷᠠᠭ᠎ᠠ ᠣᠷᠣᠭᠤᠯᠬᠤ ᠪᠠᠶᠢᠴᠠᠭᠠᠨ ᠰᠢᠯᠭᠠᠭᠰᠠᠨ ᠦᠷ᠎ᠡ ᠳ᠋ᠦᠩ᠂ | ᠦᠢᠯᠡᠳᠪᠦᠷᠢᠯᠡᠯ ᠤᠨ ᠶᠠᠪᠤᠴᠠ ᠶᠢᠨ ᠡᠵᠡᠮᠳᠡᠯ᠂ ᠦᠢᠯᠡᠳᠭᠦᠨ ᠤ ᠪᠠᠶᠢᠴᠠᠭᠠᠨ ᠰᠢᠯᠭᠠᠭᠰᠠᠨ ᠦᠷ᠎ᠡ ᠳ᠋ᠦᠩ᠂ | ᠬᠠᠳᠠᠭᠠᠯᠠᠬᠤ ᠪᠠ ᠲᠤᠰᠢᠶᠠᠨ ᠥᠭᠬᠦ ᠡᠵᠡᠮᠳᠡᠯ᠂ ᠠᠵᠢᠯᠯᠠᠭᠰᠠᠳ ᠤᠨ ᠬᠠᠮᠢᠶᠠᠷᠤᠯᠲᠠ ᠵᠡᠷᠭᠡ ᠲᠠᠯ᠎ᠠ ᠪᠠᠷ ᠠᠵᠤ | ᠠᠬᠤᠶᠢᠯᠠᠯ ᠤᠨ ᠦᠢᠯᠡᠳᠪᠦᠷᠢᠯᠡᠯ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠪᠠᠶᠢᠴᠠᠭᠠᠪᠠ᠃ | ᠬᠠᠤᠯᠢ ᠬᠡᠷᠡᠭᠵᠢᠭᠦᠯᠬᠦ ᠠᠵᠢᠯᠳᠠᠳ ᠲᠤᠬᠠᠶ ᠶᠢᠨ ᠲᠠᠯᠠᠪᠤᠷ ᠲᠤ ᠠᠵᠤ ᠠᠬᠤᠶᠢᠯᠠᠯ ᠳᠤ ᠣᠷᠣᠰᠢᠵᠤ ᠪᠠᠶᠢᠭ᠎ᠠ | ᠵᠢᠷᠦᠮᠵᠢᠯ ᠦᠭᠡᠢ ᠠᠰᠠᠭᠤᠳᠠᠯ ᠳᠤ ᠴᠢᠭᠯᠡᠭᠦᠯᠦᠨ᠂ ᠲᠡᠷᠡ ᠳᠠᠷᠤᠶ ᠳᠤᠨᠢ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ | ᠮᠡᠳᠡᠭᠳᠡᠯ ᠤᠨ ᠪᠢᠴᠢᠭ ᠭᠠᠷᠭᠠᠵᠤ᠂ ᠲᠤᠬᠠᠶ ᠶᠢᠨ ᠭᠠᠵᠠᠷ ᠲᠤᠨᠢ ᠠᠵᠤ ᠠᠬᠤᠶᠢᠯᠠᠯ ᠢ ᠵᠢᠯᠣᠭᠤᠳᠤᠨ ᠴᠡᠭᠴᠡᠯᠡᠨ | ᠰᠠᠶᠢᠵᠢᠷᠠᠭᠤᠯᠪᠠ᠃ | ᠭᠦᠢᠯᠭᠡᠭᠡᠨ ᠤ ᠵᠠᠩᠭᠢᠯᠠᠭ᠎ᠠ ᠶᠢᠨ ᠲᠠᠯ᠎ᠠ ᠪᠠᠷ᠂ ᠬᠠᠤᠯᠢ ᠬᠡᠷᠡᠭᠵᠢᠭᠦᠯᠦᠭᠴᠢᠳ ᠮᠠᠨ ᠤ ᠬᠤᠲᠠ ᠶᠢᠨ 10 ᠭᠠᠷᠤᠶ | ᠶᠡᠭᠡ ᠳᠤᠮᠳᠠ ᠬᠡᠯᠪᠡᠷᠢ ᠶᠢᠨ ᠳᠡᠯᠭᠡᠭᠦᠷ ᠪᠠ ᠬᠡᠲᠦ ᠳᠡᠯᠭᠡᠭᠦᠷ ᠲᠤ ᠪᠠᠶᠢᠴᠠᠭᠠᠯᠲᠠ ᠬᠢᠵᠦ ᠶᠧᠪᠡᠩ ᠤᠨ | ᠦᠢᠯᠡᠳᠭᠦᠨ ᠤ ᠲᠡᠮᠳᠡᠭ ᠤᠨ ᠬᠠᠤᠯᠢ ᠲᠣᠭᠲᠠᠭᠠᠯ ᠳᠤ ᠨᠡᠶᠢᠴᠡᠭᠰᠡᠨ ᠡᠰᠡᠬᠦ ᠶᠢ ᠪᠠᠶᠢᠴᠠᠭᠠᠪᠠ᠃ ᠬᠡᠲᠦ | ᠪᠣᠭᠤᠳᠠᠯᠯᠠᠭᠰᠠᠨ᠂ ᠬᠤᠳᠠᠯ ᠬᠠᠭᠤᠷᠮᠠᠭ ᠤᠬᠠᠭᠤᠯᠭ᠎ᠠ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ᠂ ᠡᠭᠦᠨ ᠤ | ᠬᠠᠮᠲᠤ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠲᠤ ᠪᠠᠷᠠᠭ᠎ᠠ ᠤᠷᠤᠭᠤᠯᠵᠦ ᠪᠠᠶᠢᠴᠠᠭᠠᠨ ᠰᠢᠯᠭᠠᠬᠤ | ᠲᠦᠷᠢᠮ ᠢ ᠬᠡᠷᠡᠭᠵᠢᠭᠦᠯᠦᠭᠰᠡᠨ ᠡᠰᠡᠬᠦ᠂ ᠬᠠᠮᠢᠶ᠎ᠠ ᠪᠥᠬᠦᠶ ᠪᠠᠷᠠᠭ᠎ᠠ ᠣᠷᠣᠭᠤᠯᠬᠤ ᠫᠢᠶᠣᠣ ᠪᠠᠷᠢᠮᠲᠠ᠂ ᠦᠢᠯᠡᠳᠪᠦᠷᠢᠯᠡᠯ | ᠤᠨ ᠬᠠᠮᠢᠶ᠎ᠠ ᠪᠥᠬᠦᠶ ᠬᠢᠷᠢ ᠬᠡᠮ ᠢ ᠦᠯᠡᠳᠡᠭᠡᠨ ᠬᠠᠳᠠᠭᠠᠯᠠᠭᠰᠠᠨ ᠡᠰᠡᠬᠦ︔ ᠬᠤᠭᠤᠴᠠᠭ᠎ᠠ ᠨᠢ ᠥᠩᠭᠡᠷᠡᠭᠰᠡᠨ ᠶᠧᠪᠡᠩ ᠢ | ᠪᠣᠷᠣᠯᠠᠭᠤᠯᠬᠤ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠬᠢᠨᠠᠨ ᠪᠠᠶᠢᠴᠠᠭᠠᠵᠤ᠂ ᠬᠤᠳᠠᠯᠳᠤᠭᠠᠴᠢᠳ ᠤᠨ | ᠶᠧᠪᠡᠩ ᠵᠡᠷᠭᠡ ᠢᠳᠡᠭᠡᠨ ᠤ ᠵᠦᠢᠯ ᠤᠨ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠢᠳᠡᠭᠡᠨ ᠤ | ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠮᠡᠳᠡᠭᠦᠯᠦᠯᠲᠡ ᠶᠢ ᠪᠦᠯᠦᠭ ᠤᠳᠠᠭ᠎ᠠ ᠪᠠᠷ ᠠᠪᠬᠤ ᠶᠢ ᠱᠠᠭᠠᠷᠳᠠᠪᠠ᠃ | ᠬᠢᠷᠢ ᠲᠡᠩᠴᠡᠬᠦ ᠦᠭᠡᠢ ᠶᠧᠪᠡᠩ ᠵᠡᠷᠭᠡ ᠢᠳᠡᠭᠡᠨ ᠢ ᠣᠷᠣᠭᠤᠯᠬᠤ ᠦᠭᠡᠢ᠂ ᠬᠠᠳᠠᠭᠠᠯᠠᠬᠤ ᠦᠭᠡᠢ᠂ ᠪᠣᠷᠣᠯᠠᠭᠤᠯᠬᠤ | ᠦᠭᠡᠢ᠂ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠦᠨᠡᠨᠬᠦ ᠪᠠᠲᠤ ᠰᠠᠬᠢᠪᠠ᠃ | ᠣᠳᠣᠬᠠᠨ ᠳᠤ ᠨᠢᠬᠡᠨᠳᠡ11 ᠶᠧᠪᠡᠩ ᠦᠢᠯᠡᠳᠪᠦᠷᠢᠯᠡᠬᠦ ᠠᠵᠤ ᠠᠬᠤᠶᠢᠯᠠᠯ᠂110 ᠶᠧᠪᠡᠩ ᠪᠣᠯᠪᠠᠰᠤᠷᠠᠭᠤᠯᠬᠤ | ᠵᠢᠵᠢᠭ ᠦᠢᠯᠡᠳᠭᠡᠯ ᠪᠠ 25 ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠵᠡᠷᠭᠡ ᠡᠵᠡᠩᠨᠡᠯᠲᠡ ᠶᠢᠨ ᠲᠠᠯᠠᠪᠤᠷ ᠢ | ᠪᠠᠶᠢᠴᠠᠭᠠᠵᠤ᠂ ᠳᠠᠷᠠᠭ᠎ᠠ ᠠᠯᠬᠤᠮ ᠳᠤ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠧᠪᠡᠩ ᠤᠨ ᠵᠠᠬ᠎ᠠ ᠳᠡᠯᠭᠡᠭᠦᠷ ᠢ ᠦᠷᠭᠦᠯᠵᠢᠯᠡᠨ ᠠᠩᠬᠠᠷᠴᠤ᠂ ᠮᠠᠨ ᠤ ᠬᠤᠲᠠ ᠶᠢᠨ ᠢᠳᠡᠭᠡᠨ ᠤ ᠠᠮᠤᠷ | ᠲᠦᠪᠰᠢᠨ ᠢ ᠪᠦᠬᠦ ᠲᠠᠯ᠎ᠠ ᠪᠠᠷ ᠪᠠᠳᠤᠯᠠᠨ᠂ ᠠᠷᠠᠳ ᠣᠯᠠᠨ ᠢ ᠰᠠᠨᠠᠭ᠎ᠠ ᠠᠮᠤᠷ ᠨᠠᠢᠮᠠᠨ ᠰᠠᠷ᠎ᠠ ᠶᠢᠨ ᠪᠠᠶᠠᠷ ᠤᠨ | ᠡᠳᠦᠷ ᠢ ᠥᠩᠭᠡᠷᠡᠭᠦᠯᠦᠨ᠎ᠡ᠃ | | ᠵᠣᠬᠢᠶᠠᠭᠴᠢ᠄ ᠸᠠᠩ ᠪᠢᠩ ᠸᠧᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |