ᠹᠧᠩᠵᠧᠨ ᠬᠤᠲᠠ ︽ᠭᠤᠷᠪᠠ ᠶᠢ ᠠᠪᠤᠷᠠᠵᠤ ᠭᠤᠷᠪᠠ ᠶᠢ ᠡᠷᠭᠦᠬᠦ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2020/9/28
   ᠨᠢᠭᠡ ᠳᠤ᠂ ᠭᠡᠨᠡᠳᠲᠡ ᠡᠭᠦᠰᠬᠦ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠵᠦ᠂  ᠭᠠᠮᠰᠢᠭ ᠲᠤ ᠪᠡᠯᠡᠳᠬᠡᠬᠦ ᠡᠳ᠋ ᠪᠣᠳᠠᠰ ᠤᠨ ᠨᠥᠭᠡᠴᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠡᠳ᠋ ᠪᠣᠳᠠᠰ ᠤᠨ ᠪᠠᠲᠤᠯᠠᠭ᠎ᠠ ᠶᠢ ᠬᠠᠩᠭᠠᠬᠤ ᠶᠢᠨ ᠬᠠᠮᠲᠤ᠂ ᠲᠦᠭᠡᠮᠡᠯ ᠬᠠᠶᠢᠷ᠎ᠠ ᠬᠠᠯᠠᠮᠵᠢ ᠬᠦᠷᠭᠡᠬᠦ᠂ ᠶᠠᠳᠠᠭᠤ ᠬᠦᠴᠢᠷᠳᠡᠯᠲᠡᠶ ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ᠂ ᠶᠠᠳᠠᠭᠤ ᠬᠦᠴᠢᠷᠳᠡᠯᠲᠡᠶ ᠰᠤᠷᠤᠭᠴᠢᠳ ᠢ ᠠᠪᠤᠷᠠᠨ ᠲᠤᠰᠠᠯᠠᠬᠤ᠂ ᠪᠠᠭᠤᠷᠠᠶ ᠬᠥᠮᠦᠰ ᠢ ᠠᠪᠤᠷᠠᠨ ᠲᠤᠰᠠᠯᠠᠬᠤ᠂ ᠶᠠᠳᠠᠭᠤ ᠬᠦᠴᠢᠷᠳᠡᠯᠲᠡᠶ ᠴᠠᠭᠠᠨ ᠬᠠᠷᠠᠩ ᠡᠪᠡᠳᠴᠢᠲᠡᠨ ᠢ ᠰᠦᠢᠳᠭᠡᠯ ᠬᠤᠷᠢᠶᠠᠬᠤ ᠦᠭᠡᠢ ᠪᠠᠷ ᠬᠠᠷᠠᠭ᠎ᠠ ᠣᠷᠣᠭᠤᠯᠬᠤ ᠵᠡᠷᠭᠡ ᠡᠯ᠎ᠡ ᠵᠦᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ︽ᠪᠠᠭ᠎ᠠ ᠲᠩᠷᠢ ᠶᠢᠨ ᠡᠯᠴᠢ︾ ︽ ᠲᠡᠭᠷᠢ ᠶᠢᠨ ᠡᠯᠴᠢ ᠨᠡᠷᠡᠨ ᠤ ᠭᠡᠷᠡᠯ︾ ᠵᠡᠷᠭᠡ ᠬᠥᠮᠦᠯᠢᠭ ᠠᠪᠤᠷᠠᠨ ᠲᠤᠰᠠᠯᠠᠬᠤ ᠲᠥᠷᠥᠯ ᠵᠦᠢᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠪᠠᠭᠤᠷᠠᠶ ᠬᠠᠮᠲᠤᠯᠢᠭ ᠢ ᠲᠦᠢᠯ ᠤᠨ ᠣᠨᠣᠪᠴᠢᠲᠠᠶ ᠪᠠᠷ ᠠᠪᠤᠷᠠᠨ ᠲᠤᠰᠠᠯᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠪᠠ᠃    ᠬᠤᠶᠠᠷ ᠲᠤ᠂ ᠹᠧᠩᠵᠧᠨ ᠬᠤᠲᠠ ᠶᠢᠨ ᠬᠡᠪᠴᠢᠶᠡᠨ ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ  ᠪᠤᠯᠪᠠᠰᠤᠷᠠᠭᠤᠯᠤᠯ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠶᠢ ᠲᠦᠭᠡᠮᠡᠯᠵᠢᠭᠦᠯᠬᠦ ᠴᠢᠨᠠᠷᠲᠠᠶ ᠪᠤᠯᠪᠠᠰᠤᠷᠠᠭᠤᠯᠤᠯ ᠪᠠ ᠠᠪᠤᠷᠠᠭᠴᠢ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠪᠦᠬᠦ ᠵᠢᠯ ᠳᠤ 400 ᠬᠥᠮᠦᠨ   ᠤ ᠠᠪᠤᠷᠠᠨ ᠲᠤᠰᠠᠯᠠᠭᠴᠢ ᠶᠢᠨ ᠪᠤᠯᠪᠠᠰᠤᠷᠠᠭᠤᠯᠤᠯ ᠪᠠ 1800 ᠬᠥᠮᠦᠨ ᠤ ᠲᠦᠭᠡᠮᠡᠯᠵᠢᠭᠦᠯᠬᠦ ᠴᠢᠨᠠᠷᠲᠠᠶ ᠪᠤᠯᠪᠠᠰᠤᠷᠠᠭᠤᠯᠤᠯ ᠢ ᠪᠡᠶᠡᠯᠡᠬᠦᠯᠬᠦ ᠶᠢᠨ ᠬᠠᠮᠲᠤ᠂ ᠰᠢᠨ᠎ᠡ ᠪᠠᠷ ᠰᠤᠷᠭᠠᠭᠤᠯᠢ ᠳᠤ ᠤᠷᠤᠭᠰᠠᠨ ᠰᠤᠷᠤᠭᠴᠢᠳ ᠲᠤ ᠲᠤᠬᠠᠶ ᠶᠢᠨ ᠲᠠᠯᠠᠪᠤᠷ ᠤᠨ ᠠᠪᠤᠷᠠᠨ ᠲᠤᠰᠠᠯᠠᠬᠤ ᠮᠡᠳᠡᠯᠭᠡ ᠶᠢ ᠲᠦᠭᠡᠮᠡᠯᠵᠢᠭᠦᠯᠪᠡ᠃    ᠭᠤᠷᠪᠠ ᠳᠤ᠂ ᠦᠨ᠎ᠡ ᠲᠥᠯᠥᠪᠦᠷᠢ ᠦᠭᠡᠢ ᠪᠠᠷ ᠴᠢᠰᠤ ᠡᠷᠭᠦᠬᠦ᠂ ᠡᠷᠬᠡᠲᠡᠨ ᠢᠶᠠᠨ ᠬᠠᠨᠳᠢᠪᠯᠠᠬᠤ᠂ ᠴᠢᠰᠤ  ᠦᠢᠯᠡᠳᠬᠦ ᠭᠤᠤᠯ ᠡᠰ ᠢᠶᠠᠨ ᠬᠠᠨᠳᠢᠪᠯᠠᠬᠤ ᠠᠵᠢᠯ ᠢ ᠢᠳᠡᠪᠬᠢᠲᠡᠢ ᠠᠬᠢᠭᠤᠯᠵᠦ᠂ ᠹᠧᠩᠵᠧᠨ ᠬᠤᠲᠠ ᠣᠯᠠᠨ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠦᠨ᠎ᠡ ᠲᠥᠯᠥᠪᠦᠷᠢ ᠦᠭᠡᠢ ᠪᠠᠷ ᠴᠢᠰᠤ ᠡᠷᠭᠦᠬᠦ ᠠᠵᠢᠯ ᠢ ᠬᠠᠮᠲᠤᠪᠠᠷ ᠠᠬᠢᠭᠤᠯᠵᠤ᠂ ᠴᠢᠰᠤ ᠪᠦᠲᠦᠭᠡᠬᠦ ᠭᠤᠤᠯ ᠡᠰ ᠤᠨ ᠰᠠᠶᠢᠨ ᠳᠤᠷ᠎ᠠ ᠶᠢᠨ ᠬᠠᠨᠳᠢᠪᠯᠠᠭᠴᠢ ᠶᠢᠨ ᠴᠢᠰᠤᠨ ᠤ ᠦᠯᠢᠭᠡᠷ ᠢ 30 ᠬᠤᠪᠢ ᠬᠥᠮᠥᠷᠭᠡ ᠳᠤ ᠣᠷᠣᠭᠤᠯᠬᠤ ᠡᠭᠦᠷᠭᠡ ᠶᠢ ᠴᠢᠨᠠᠷ ᠰᠠᠶᠢᠲᠠᠶ  ᠪᠡᠶᠡᠯᠡᠬᠦᠯᠬᠦ ᠶᠢᠨ ᠬᠠᠮᠲᠤ ᠬᠥᠮᠦᠨ ᠤ ᠪᠡᠶ᠎ᠡ ᠶᠢᠨ ᠡᠷᠬᠡᠲᠡᠨ ᠢᠶᠠᠨ ᠬᠠᠨᠳᠢᠪᠯᠠᠬᠤ ᠠᠵᠢᠯ ᠢ ᠢᠳᠡᠪᠬᠢᠲᠡᠶ ᠠᠬᠢᠭᠤᠯᠵᠤ᠂ ︽ᠭᠤᠷᠪᠠ ᠶᠢ ᠡᠷᠭᠦᠬᠦ︾ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠲᠠᠰᠤᠷᠠᠯᠲᠠ ᠥᠬᠡᠶ ᠠᠬᠢᠭᠤᠯᠪᠠ᠃                            ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3