ᠹᠧᠩᠵᠧᠨ ᠬᠤᠲᠠ ᠶᠢᠨ 1 — 8 ᠳ᠋ᠤᠭᠠᠷ ᠰᠠᠷ᠎ᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ
ᠨᠡᠶᠢᠲᠡᠯᠡᠭᠰᠡᠨ ᠴᠠᠭ᠄
2020/9/28
  2020 ᠣᠨ ᠤ 1 — 8 ᠰᠠᠷ᠎ᠠ ᠳᠤ᠂ ᠹᠧᠩᠵᠧᠨ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ 45 ᠠᠵᠤ ᠠᠬᠤᠶᠢᠯᠠᠯ ᠣᠳᠣ ᠶᠢᠨ ᠦᠨ᠎ᠡ ᠶᠢᠨ ᠦᠢᠯᠡᠳᠬᠦᠨ ᠤ ᠥᠷᠲᠡᠭ ᠢ ᠨᠡᠶᠢᠲᠡ 155 ᠳ᠋ᠦᠩᠰᠢᠭᠤᠷ ᠲᠥᠭᠦᠷᠢᠭ᠂ ᠪᠣᠷᠣᠯᠠᠭᠤᠯᠤᠯᠲᠠ ᠶᠢᠨ ᠣᠷᠣᠯᠭ᠎ᠠ ᠶᠢ 164 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠵᠢᠯ ᠲᠥᠷᠥᠯ ᠬᠤᠪᠢᠶᠠᠭᠰᠠᠨ ᠠᠵᠢᠯᠯᠠᠭᠠᠨ ᠤ ᠪᠠᠶᠢᠳᠠᠯ᠄ ᠴᠠᠬᠢᠯᠭᠠᠨ ᠬᠦᠴᠦᠨ ᠤ ᠠᠵᠢᠯ ᠲᠥᠷᠥᠯ ᠨᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 23 ᠳ᠋ᠦᠩᠰᠢᠭᠤᠷ ᠲᠥᠭᠦᠷᠢᠭ᠂ ᠪᠣᠷᠣᠯᠠᠭᠤᠯᠤᠯᠲᠠ ᠶᠢᠨ ᠣᠷᠣᠯᠭ᠎ᠠ ᠶᠢ 23 ᠳ᠋ᠦᠩᠰᠢᠭᠤᠷ ᠲᠥᠭᠦᠷᠢᠭ ᠪᠡᠶᠡᠯᠡᠬᠦᠯᠪᠡ᠃ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠨᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠨᠡᠶᠢᠲᠡ 8.7 ᠳ᠋ᠦᠩᠰᠢᠭᠤᠷ ᠲᠥᠭᠦᠷᠢᠭ ︵ᠡᠭᠦᠨ ᠳᠤ᠂ ᠹᠯᠣᠷᠲᠤ ᠬᠢᠮᠢ ᠶᠢᠨ ᠠᠵᠤ ᠦᠢᠯᠡᠳᠪᠦᠷᠢ 5.5 ᠳ᠋ᠦᠩᠰᠢᠭᠤᠷ ᠲᠥᠭᠦᠷᠢᠭ᠂ ᠴᠠᠬᠢᠯᠠᠭᠤᠷ ᠴᠢᠯᠠᠭᠤ 3.2 ᠳ᠋ᠦᠩᠰᠢᠭᠤᠷ ᠲᠦᠬᠦᠷᠢᠭ︶᠂ ᠪᠣᠷᠣᠯᠠᠭᠤᠯᠤᠯᠲᠠ ᠶᠢᠨ ᠣᠷᠣᠯᠭ᠎ᠠ 8.5 ᠳ᠋ᠦᠩᠰᠢᠭᠤᠷ ᠲᠥᠭᠦᠷᠢᠭ ︵ᠡᠭᠦᠨ ᠳᠤ ᠹᠯᠣᠷ ᠬᠢᠮᠢ ᠶᠢᠨ ᠠᠵᠤ ᠦᠢᠯᠡᠳᠪᠦᠷᠢ 5.1 ᠳ᠋ᠦᠩᠰᠢᠭᠤᠷ ᠲᠥᠭᠦᠷᠢᠭ᠂ ᠴᠠᠬᠢᠯᠠᠭᠤᠷ ᠴᠢᠯᠠᠭᠤ 3.1 ᠳ᠋ᠦᠩᠰᠢᠭᠤᠷ ᠲᠥᠭᠦᠷᠢᠭ᠂ ᠡᠯᠪᠡᠭ ᠬᠤᠷᠢᠶᠠᠯᠲᠠ ᠶᠢᠨ ᠪᠣᠷᠣᠯᠠᠭᠤᠯᠤᠯᠲᠠ ᠶᠢᠨ ᠣᠷᠣᠯᠭ᠎ᠠ 0.3 ᠳ᠋ᠦᠩᠰᠢᠭᠤᠷ ᠲᠥᠭᠦᠷᠢᠭ︶ ᠪᠡᠶᠡᠯᠡᠬᠦᠯᠪᠡ᠃ ᠲᠡᠮᠦᠷᠯᠢᠭ ᠬᠠᠶᠢᠯᠤᠭᠤᠯᠬᠤ ᠠᠵᠢᠯ ᠲᠥᠷᠥᠯ ᠨᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ ᠨᠡᠶᠢᠲᠡ 117 ᠳ᠋ᠦᠩᠰᠢᠭᠤᠷ ᠲᠥᠭᠦᠷᠢᠭ᠂ ᠪᠣᠷᠣᠯᠠᠭᠤᠯᠤᠯᠲᠠ ᠶᠢᠨ ᠣᠷᠣᠯᠭ᠎ᠠ ᠶᠢ 125 ᠳ᠋ᠦᠩᠰᠢᠭᠤᠷ ᠲᠦᠬᠦᠷᠢᠭ ᠪᠡᠶᠡᠯᠡᠭᠦᠯᠪᠡ᠃ ᠬᠥᠩᠭᠡᠨ ᠠᠵᠤ  ᠦᠢᠯᠡᠳᠪᠦᠷᠢ ᠶᠢᠨ ᠠᠵᠢᠯ ᠲᠥᠷᠥᠯ ᠨᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠨᠡᠶᠢᠲᠡ 1.6 ᠳ᠋ᠦᠩᠰᠢᠭᠤᠷ ᠲᠥᠭᠦᠷᠢᠭ᠂ ᠪᠣᠷᠣᠯᠠᠭᠤᠯᠤᠯᠲᠠ ᠶᠢᠨ ᠣᠷᠣᠯᠭ᠎ᠠ ᠶᠢ 2 ᠳ᠋ᠦᠩᠰᠢᠭᠤᠷ ᠲᠥᠭᠦᠷᠢᠭ ᠪᠡᠶᠡᠯᠡᠬᠦᠯᠪᠡ᠃ ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠥᠷᠥᠯ ᠳᠤ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 0.8 ᠳ᠋ᠦᠩᠰᠢᠭᠤᠷ ᠲᠥᠭᠦᠷᠢᠭ᠂ ᠪᠣᠷᠣᠯᠠᠭᠤᠯᠤᠯᠲᠠ ᠶᠢᠨ ᠣᠷᠣᠯᠭ᠎ᠠ ᠶᠢ 0.6 ᠳ᠋ᠦᠩᠰᠢᠭᠤᠷ ᠲᠥᠭᠦᠷᠢᠭ  ᠪᠡᠶᠡᠯᠡᠬᠦᠯᠪᠡ᠃ ᠨᠡᠭᠦᠷᠡᠰᠦ ᠶᠢᠨ ᠠᠵᠢᠯ ᠲᠥᠷᠥᠯ ᠨᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 3.2 ᠳ᠋ᠦᠩᠰᠢᠭᠤᠷ ᠲᠥᠭᠦᠷᠢᠭ᠂ ᠪᠣᠷᠣᠯᠠᠭᠤᠯᠤᠯᠲᠠ ᠶᠢᠨ ᠣᠷᠣᠯᠭ᠎ᠠ ᠶᠢ 3.1 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠮᠧᠬᠠᠨᠢᠭ ᠦᠢᠯᠡᠳᠬᠦ ᠪᠠ ᠬᠠᠶᠠᠭᠳᠠᠮᠠᠯ ᠬᠠᠭᠤᠴᠢᠨ ᠢ ᠶᠡᠷᠦᠩᠬᠡᠶᠢᠯᠡᠨ ᠠᠰᠢᠭᠯᠠᠬᠤ ᠠᠵᠢᠯ ᠲᠥᠷᠥᠯ ᠨᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠨᠡᠶᠢᠲᠡ 0.4 ᠳ᠋ᠦᠩᠰᠢᠭᠤᠷ ᠲᠥᠭᠦᠷᠢᠭ᠂ ᠪᠣᠷᠣᠯᠠᠭᠤᠯᠭ᠎ᠠ ᠶᠢᠨ ᠣᠷᠣᠯᠭ᠎ᠠ ᠶᠢ 1.5 ᠳ᠋ᠦᠩᠰᠢᠭᠤᠷ ᠲᠥᠭᠦᠷᠢᠭ ᠪᠡᠶᠡᠯᠡᠭᠦᠯᠪᠡ᠃    ᠭᠤᠣᠯᠳᠠᠯᠭ᠎ᠠ ᠲᠠᠢ ᠪᠦᠲᠦᠭᠡᠭᠳᠡᠬᠦᠨ ᠤ ᠭᠠᠷᠤᠯᠲᠠ ᠶᠢᠨ ᠪᠠᠶᠢᠳᠠᠯ᠄ 1-8 ᠰᠠᠷ᠎ᠠ ᠳᠤ ᠴᠠᠬᠢᠭᠤᠷ ᠮᠠᠩᠭᠠᠨ ᠨᠡᠶᠢᠲᠡ 83 ᠲᠦᠮᠡᠨ ᠲᠣᠨ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 22% ᠢᠶᠠᠷ ᠳᠡᠭᠡᠭᠰᠢᠯᠡᠪᠡ︔ ᠾᠷᠣᠮ ᠲᠡᠮᠦᠷ ᠢ 79 ᠲᠦᠮᠡᠨ ᠲᠣᠨ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠪᠡ︔ 12 ᠲᠦᠮᠡᠨ ᠲᠣᠨ ᠴᠠᠬᠢᠯᠭᠠᠨ ᠴᠢᠯᠠᠭᠤ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 4% ᠪᠠᠷ ᠪᠠᠭᠤᠷᠠᠪᠠ︔ 5 ᠲᠦᠮᠡᠨ ᠲᠣᠨ ᠨᠢᠺᠤᠯ ᠲᠡᠮᠦᠷ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 20% ᠪᠠᠷ ᠪᠠᠭᠤᠷᠠᠪᠠ︔ ᠫᠢᠸᠤ᠋ 32504 ᠮᠢᠩᠭᠠᠨ ᠯᠢᠲᠷ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 3% ᠪᠠᠷ ᠨᠡᠮᠡᠭᠳᠡᠪᠡ︔ ᠵᠦᠷᠵᠢ ᠶᠢᠨ ᠨᠤᠨᠲᠠᠭ 3303 ᠲᠣᠨ ᠦᠢᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 3% ᠪᠠᠷ ᠪᠠᠭᠤᠷᠠᠪᠠ᠃                                    ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3