ᠹᠧᠩᠵᠧᠨ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠰᠠᠶᠢᠨ ᠳᠤᠷᠠᠴᠤᠳ ᠡᠯᠰᠡᠬᠦ ᠵᠠᠷᠯᠢᠭ
ᠨᠡᠶᠢᠲᠡᠯᠡᠭᠰᠡᠨ ᠴᠠᠭ᠄
2021/1/18
     ᠠᠪᠤ ᠡᠵᠢ ᠪᠣᠯ ᠬᠡᠤᠬᠡᠳ ᠤᠨ ᠦᠰᠦᠨ ᠪᠤᠶᠢᠵᠢᠯᠲᠠ ᠶᠢᠨ ᠰᠤᠷᠭᠠᠨ ᠬᠥᠮᠦᠵᠢᠯ ᠳᠠᠬᠢ ᠬᠠᠮᠤᠭ ᠤᠨ ᠰᠠᠶᠢᠨ ᠪᠠᠭᠰᠢ ᠮᠥᠨ᠂ ᠬᠡᠤᠬᠡᠳ ᠤᠨ ᠰᠤᠷᠭᠠᠨ ᠬᠥᠮᠦᠵᠢᠯ ᠨᠢ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ ᠲᠣᠭᠤᠷᠢᠨ ᠠᠴᠠ ᠰᠠᠯᠵᠤ ᠴᠢᠳᠠᠬᠤ ᠥᠬᠡᠶ᠂ ᠰᠤᠷᠭᠠᠭᠤᠯᠢ ᠪᠠ ᠨᠡᠶᠢᠭᠡᠮ ᠤᠨ ᠰᠤᠷᠭᠠᠨ ᠬᠥᠮᠦᠵᠢᠯ ᠠᠴᠠ ᠭᠠᠳᠠᠨ᠎ᠠ᠂ ᠬᠡᠷ ᠪᠦᠯᠢ ᠶᠢᠨ ᠰᠤᠷᠭᠠᠨ ᠬᠥᠮᠦᠵᠢᠯ ᠨᠢ ᠬᠡᠤᠬᠡᠳ ᠲᠤ ᠠᠪᠴᠤ ᠬᠡᠯᠡᠪᠡᠯ ᠮᠠᠰᠢ ᠴᠢᠬᠤᠯᠠ ᠰᠤᠷᠭᠠᠨ ᠬᠥᠮᠦᠵᠢᠯ ᠤᠨ ᠣᠷᠴᠢᠨ ᠲᠣᠭᠤᠷᠢᠨ ᠪᠣᠯᠤᠨ᠎ᠠ᠃ ︽ᠠᠮᠵᠢᠯᠲᠠ ᠲᠠᠢ ᠭᠡᠷ ᠪᠦᠯᠢ ᠨᠢ ᠠᠮᠵᠢᠯᠲᠠ ᠲᠠᠢ ᠬᠡᠦᠬᠡᠳ ᠢ ᠪᠤᠶᠢᠵᠢᠭᠤᠯᠵᠤ᠂ ᠢᠯᠠᠭᠳᠠᠭᠰᠠᠨ ᠭᠡᠷ ᠪᠦᠯᠢ ᠨᠢ ᠢᠯᠠᠭᠳᠠᠭᠰᠠᠨ ᠬᠡᠦᠬᠡᠳ ᠢ ᠬᠥᠮᠦᠵᠢᠭᠦᠯᠦᠨ᠎ᠡ︾ ᠭᠡᠳᠡᠭᠴᠢᠯᠡᠨ ᠭᠡᠷ ᠪᠦᠯᠢ ᠶᠢᠨ ᠰᠤᠷᠭᠠᠨ ᠬᠥᠮᠦᠵᠢᠯ ᠪᠣᠯ ᠪᠤᠰᠤᠳ ᠠᠯᠢᠪᠠ ᠰᠤᠷᠭᠠᠨ ᠬᠥᠮᠦᠵᠢᠯ ᠤᠨ ᠰᠠᠭᠤᠷᠢ ᠮᠥᠨ᠂ ᠡᠴᠢᠭᠡ ᠡᠬᠡ ᠨᠢ ᠬᠡᠦᠬᠡᠳ ᠤᠨ ᠦᠰᠦᠨ ᠪᠤᠶᠢᠵᠢᠯᠲᠠ ᠳᠤ ᠰᠢᠢᠳᠪᠦᠷᠢᠯᠡᠬᠦ ᠴᠢᠨᠠᠷᠲᠠᠢ ᠦᠢᠯᠡᠳᠦᠯ ᠦᠵᠡᠭᠦᠯᠳᠡᠭ᠃ ᠡᠶᠢᠮᠦ ᠠᠴᠠ ᠪᠢᠳᠡ ᠬᠡᠦᠬᠡᠳ ᠤᠨ ᠰᠤᠷᠭᠠᠭᠤᠯᠢ ᠳᠠᠬᠢ ᠰᠤᠷᠭᠠᠨ ᠬᠥᠮᠦᠵᠢᠯ ᠢ ᠠᠩᠬᠠᠷᠬᠤ ᠶᠢᠨ ᠬᠠᠮᠲᠤ ᠭᠡᠷ ᠪᠦᠯᠢ ᠶᠢᠨ ᠰᠤᠷᠭᠠᠨ ᠬᠥᠮᠦᠵᠢᠯ ᠢ ᠪᠠᠰᠠ‌ᠤᠮᠳᠠᠭᠠᠶᠢᠯᠠᠵᠦ ᠪᠣᠯᠬᠤ ᠦᠭᠡᠢ᠃ ᠨᠠᠰᠤᠨ ᠳᠤ ᠥᠯᠥ ᠭᠦᠷᠦᠭᠰᠡᠳ ᠲᠤ ᠨᠠᠩ ᠰᠠᠶᠢᠨ ᠦᠢᠯᠡᠴᠢᠯᠡᠵᠦ᠂ ᠲᠡᠳᠡᠨ ᠳᠤ ᠦᠰᠦᠨ ᠪᠤᠶᠢᠵᠢᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ  ᠪᠤᠯᠠᠭᠠᠨ᠂ ᠬᠡᠷ ᠤᠨ ᠠᠬᠠᠮᠠᠳ ᠤᠨ ᠬᠡᠤᠬᠡᠳ ᠢᠶᠠᠨ ᠰᠤᠷᠭᠠᠨ ᠬᠥᠮᠦᠵᠢᠭᠦᠯᠬᠦ ᠶᠠᠪᠤᠴᠠ ᠳᠤ ᠬᠡᠷ ᠪᠦᠯᠢ ᠶᠢᠨ ᠰᠤᠷᠭᠠᠨ ᠬᠥᠮᠦᠵᠢᠯ ᠤᠨ ᠲᠤᠬᠠᠶ ᠮᠡᠳᠡᠯᠭᠡ ᠶᠢ ᠢᠯᠡᠭᠦᠬᠡᠨ ᠤᠶᠢᠯᠠᠭᠠᠭᠤᠯᠬᠤ ᠪᠠ ᠬᠡᠤᠬᠡᠳ ᠤᠨ ᠬᠡᠷ ᠪᠦᠯᠢ ᠶᠢᠨ ᠰᠤᠷᠭᠠᠨ ᠬᠥᠮᠦᠵᠢᠯ ᠢ ᠰᠠᠶᠢᠨ ᠭᠥᠷᠳᠡᠬᠦ ᠳᠤ ᠲᠥᠬᠦᠮ ᠦᠵᠡᠭᠦᠯᠬᠦ ᠶᠢᠨ ᠲᠦᠯᠦᠭᠡ᠂ ᠹᠧᠩᠵᠧᠨ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠹᠧᠩᠵᠧᠨ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠣᠲᠣ ᠪᠥᠬᠦ ᠬᠤᠲᠠ ᠠᠴᠠ ︽ᠬᠡᠷ ᠪᠦᠯᠢ ᠶᠢᠨ ᠬᠥᠮᠦᠵᠢᠯ ᠤᠨ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ︾ ᠶᠢᠨ ᠰᠠᠶᠢᠨ ᠳᠤᠷ᠎ᠠ ᠶᠢᠨ ᠠᠵᠢᠯᠯᠠᠭᠴᠢ ᠡᠯᠰᠡᠵᠦ ᠪᠤᠢ᠃ ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠄    ᠨᠢᠭᠡ᠂ ᠦᠨᠳᠦᠰᠦᠨ ᠨᠥᠬᠦᠴᠡᠯ    1 . ᠪᠦᠬᠦ ᠤᠯᠤᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠳᠠᠩᠰᠠᠯᠠᠭᠤᠯᠤᠭᠰᠠᠨ ᠰᠠᠶᠢᠨ ᠳᠤᠷ᠎ᠠ ᠶᠢᠨ ᠠᠵᠢᠯᠯᠠᠭᠴᠢ ᠪᠠᠶᠢᠬᠤ ᠬᠡᠷᠡᠭᠳᠡᠢ᠃    2 . ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠳᠤ ᠳᠤᠷᠠᠲᠠᠶ᠂ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠢᠳᠡᠪᠬᠢᠲᠡᠶ  ᠦᠢᠯᠡᠴᠢᠯᠡᠨ᠎ᠡ    3 . ᠪᠦᠬᠦᠯᠢ 18 ᠨᠠᠰᠤᠨ ᠠᠴᠠ ᠳᠡᠭᠡᠭᠰᠢ 60 ᠨᠠᠰᠤᠨ ᠠᠴᠠ ᠳᠣᠷᠣᠭᠰᠢ᠂ ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠣᠭᠴᠢ ᠪᠠᠭᠰᠢ ᠶᠢᠨ ᠦᠨᠡᠮᠯᠡᠯ ᠪᠤᠶᠤ ᠤᠯᠤᠰ ᠤᠨ ᠬᠤᠶᠠᠳᠤᠭᠠᠷ ᠳᠡᠰ ᠠᠴᠠ ᠳᠡᠭᠡᠭᠰᠢᠬᠢ ︵ᠬᠤᠶᠠᠳᠤᠭᠠᠷ ᠳᠡᠰ ᠢ ᠪᠠᠭᠲᠠᠭᠠᠨ᠎ᠠ︶ ᠰᠡᠳᠬᠢᠴᠡ ᠶᠢᠨ ᠬᠠᠪᠰᠤᠷᠤᠨ ᠵᠢᠯᠣᠭᠤᠳᠣᠭᠴᠢ ᠪᠤᠶᠤ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠰᠤᠷᠤᠯᠴᠠᠭᠰᠠᠨ ᠨᠠᠮᠲᠠᠷ ᠲᠠᠢ ᠰᠠᠶᠢᠨ ᠳᠤᠷ᠎ᠠ ᠶᠢᠨ ᠠᠵᠢᠯᠯᠠᠭᠴᠢ ᠪᠠᠶᠢᠬᠤ ᠬᠡᠷᠡᠭᠲᠡᠶ᠃    4 . ᠰᠠᠶᠢᠨ ᠰᠠᠶᠢᠬᠠᠨ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤᠴᠢ ᠴᠢᠨᠠᠷ ᠪᠣᠯᠤᠨ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠲᠠᠢ ᠪᠠᠶᠢᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠭᠦᠷᠭᠡ ᠪᠠᠨ ᠬᠢᠨᠠᠮᠠᠭᠠᠶ ᠪᠡᠶᠡᠯᠡᠭᠦᠯᠬᠦ ᠬᠡᠷᠡᠭᠲᠡᠶ᠃    ᠬᠤᠶᠠᠷ᠂ ᠦᠢᠯᠡᠴᠢᠯᠡᠬᠦ ᠴᠠᠭ ᠵᠢᠴᠢ ᠠᠭᠤᠯᠭ᠎ᠠ    1 . ᠭᠠᠷᠠᠭ ᠪᠦᠷᠢ 10 - 15 ᠮᠢᠨᠦ᠋ᠲ ᠤᠨ ︽ᠬᠡᠷ ᠪᠦᠯᠢ ᠶᠢᠨ ᠰᠡᠳᠬᠢᠴᠡ ᠶᠢᠨ ᠬᠠᠪᠰᠤᠷᠤᠨ ᠵᠢᠯᠣᠭᠤᠳᠬᠤ ᠪᠢᠴᠢᠯ ᠬᠢᠴᠢᠶᠡᠯ ᠤᠨ ᠲᠢᠩᠭᠢᠮ︾ ᠢ ᠲᠣᠭᠲᠠᠮᠠᠯ ᠴᠠᠭ ᠢᠶᠠᠷ ᠳᠠᠮᠵᠢᠭᠤᠯᠤᠨ᠎ᠠ᠃    2 . ︽ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠣᠭᠤᠳᠬᠤ︾ ᠸᠢᠴᠠᠲ ᠤᠨ ᠴᠤᠭᠯᠠᠷᠠᠯ ᠢ ᠵᠣᠬᠢᠶᠠᠨ ᠪᠠᠶᠢᠭᠤᠯᠵᠤ᠂ ᠬᠡᠷᠡᠭᠴᠡᠭᠡ ᠱᠠᠭᠠᠷᠳᠠᠯᠭ᠎ᠠ ᠲᠠᠢ ᠨᠠᠰᠤᠨ ᠳᠤ ᠥᠯᠥ ᠭᠦᠷᠦᠭᠰᠡᠳ ᠲᠤ ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠣᠭᠤᠳᠣᠯᠭ᠎ᠠ ᠬᠠᠩᠭᠠᠵᠤ᠂ ᠬᠡᠷ ᠤᠨ ᠠᠬᠠᠮᠠᠳ ᠲᠤ ᠡᠴᠢᠭᠡ ᠡᠬᠡ ᠦᠷ᠎ᠡ ᠬᠡᠤᠬᠡᠳ ᠤᠨ ᠬᠠᠷᠢᠴᠠᠭ᠎ᠠ ᠵᠢᠴᠢ ᠬᠡᠷ ᠪᠦᠯᠢ ᠶᠢᠨ ᠬᠥᠮᠦᠵᠢᠯ ᠤᠨ ᠠᠰᠠᠭᠤᠳᠠᠯ ᠵᠡᠷᠭᠡ ᠶᠢ ᠲᠠᠶᠢᠯᠪᠤᠷᠢᠯᠠᠨ᠎ᠠ᠃    ᠭᠤᠷᠪᠠ᠂ ᠡᠯᠰᠡᠬᠦ ᠴᠠᠭ    2021 ᠣᠨ ᠤ 1 ᠰᠠᠷ᠎ᠠ ᠶᠢᠨ 7 ᠤ ᠡᠳᠦᠷ  ᠠᠴᠠ 2021 ᠣᠨ ᠤ 3 ᠰᠠᠷ᠎ᠠ ᠶᠢᠨ 20 ᠤ ᠡᠳᠦᠷ᠃    ᠳᠥᠷᠪᠡ᠂ ᠰᠠᠶᠢᠨ ᠳᠤᠷ᠎ᠠ ᠶᠢᠨ ᠠᠵᠢᠯᠯᠠᠭᠰᠠᠳ ᠤᠨ ᠬᠠᠷᠢᠭᠤ ᠱᠠᠩᠨᠠᠯ    24 ᠬᠤᠭᠤᠴᠠᠭ᠎ᠠ ᠠᠴᠠ ᠳᠡᠭᠡᠭᠰᠢᠬᠢ ᠰᠠᠶᠢᠨ ᠳᠤᠷᠠᠴᠤᠳ ᠲᠤ ︽ᠰᠢᠯᠢᠳᠡᠭ ᠰᠠᠶᠢᠨ ᠳᠤᠷᠠᠴᠤᠳ︾ ᠤᠨ ᠢᠷᠠᠭᠤ ᠠᠯᠳᠠᠷ ᠤᠨ ᠦᠨᠡᠮᠯᠡᠯ ᠢ ᠣᠯᠭᠤᠨ᠎ᠠ︔ 48 ᠬᠤᠭᠤᠴᠠᠭ᠎ᠠ ᠠᠴᠠ ᠳᠡᠭᠡᠭᠰᠢᠬᠢ ︽ᠬᠡᠷ ᠪᠦᠯᠢ ᠶᠢᠨ ᠰᠡᠳᠬᠢᠴᠡ ᠶᠢᠨ ᠬᠠᠪᠰᠤᠷᠤᠨ ᠵᠢᠯᠣᠭᠤᠳᠬᠤ ᠪᠢᠴᠢᠯ ᠬᠢᠴᠢᠶᠡᠯ ᠤᠨ ᠲᠢᠩᠭᠢᠮ︾ ᠤᠨ ᠰᠠᠶᠢᠨ ᠳᠤᠷᠠᠴᠤᠳ ᠲᠤ ︽ᠰᠢᠯᠢᠳᠡᠭ ᠰᠠᠶᠢᠨ ᠳᠤᠷᠠᠴᠤᠳ︾ ᠤᠨ ᠢᠷᠠᠭᠤ ᠠᠯᠳᠠᠷ ᠤᠨ ᠦᠨᠡᠮᠯᠡᠯ ᠢ ᠣᠯᠭᠤᠬᠤ ᠶᠢᠨ ᠬᠠᠮᠲᠤ ᠤᠯᠠᠭᠠᠨᠴᠠᠪ ᠬᠤᠲᠠ ᠶᠢᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠪᠥᠬᠦ ᠤᠯᠤᠰ ᠤᠨ ᠰᠢᠯᠢᠳᠡᠭ ᠰᠠᠶᠢᠨ ᠳᠤᠷᠠᠴᠤᠳ ᠵᠡᠷᠭᠡ ᠢᠷᠠᠭᠤ ᠠᠯᠳᠠᠷ ᠤᠯᠭᠤᠬᠤ ᠳᠤ ᠤᠷᠢᠳᠠᠪᠠᠷ ᠲᠠᠨᠢᠯᠴᠠᠭᠤᠯᠤᠨ᠎ᠠ᠃    ᠲᠠᠪᠤ᠂ ᠨᠡᠷ᠎ᠡ ᠮᠡᠳᠡᠭᠦᠯᠬᠦ ᠠᠷᠭ᠎ᠠ ᠮᠠᠶ᠋ᠢᠭ    ᠹᠧᠩᠵᠧᠨ ᠬᠤᠲᠠ ᠶᠢᠨ ᠪᠣᠯᠪᠠᠰᠤᠨ ᠤ ᠠᠯᠪᠠᠨ ᠬᠡᠷ    ᠹᠧᠩᠵᠧᠨ ᠬᠤᠲᠠ ᠶᠢᠨ ᠡᠪᠯᠡᠯ ᠤᠨ ᠬᠤᠷᠢᠶᠠᠨ ᠤ ᠠᠯᠪᠠᠨ ᠭᠡᠷ    ᠹᠧᠩᠵᠧᠨ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠣᠯᠪᠠᠰᠤᠨ ᠤ ᠠᠯᠪᠠᠨ ᠬᠡᠷ    ᠬᠠᠷᠢᠯᠴᠠᠬᠤ ᠬᠥᠮᠦᠨ᠄    ᠮᠦ ᠸᠧᠨ ᠵᠢᠶᠧ 18747480638    ᠵᠠᠩ ᠬᠤᠸᠠ 17678045942    ᠷᠤᠸᠠᠨ ᡁᠢ ᠶᠦᠩ 15048407669               ᠹᠧᠩᠵᠧᠨ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ               ᠡᠪ ᠬᠠᠮᠲᠤ ᠵᠠᠯᠠᠭᠤᠴᠤᠳ ᠤᠨ ᠡᠪᠯᠡᠯ ᠤᠨ ᠹᠧᠩᠵᠧᠨ ᠬᠤᠲᠠ ᠶᠢᠨ ᠬᠤᠷᠢᠶ᠎ᠠ               ᠹᠧᠩᠵᠧᠨ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ                                     2021 ᠣᠨ ᠤ 1 ᠰᠠᠷ᠎ᠠ ᠶᠢᠨ 7 ᠤ ᠡᠳᠦᠷ                                  ᠤᠷᠴᠢᠭᠤᠯᠤᠬᠴᠢ᠄  ᠬᠠᠨ ᠰᠢᠶᠤᠤ ᠿᠦᠩ                                  ᠬᠢᠨᠠᠬᠴᠢ᠄  ᠼᠦᠢ ᠶᠢᠩ                            
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3