| ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ | ᠲᠦᠪᠰᠢᠨ ᠢ ᠦᠨᠡᠨᠬᠦ ᠪᠠᠲᠤᠯᠠᠵᠤ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠨ᠂ ᠣᠷᠴᠢᠨ ᠲᠣᠭᠤᠷᠢᠨ ᠤ | ᠠᠷᠢᠭᠤᠨ ᠴᠡᠪᠡᠷ ᠢ ᠬᠠᠮᠠᠭᠠᠯᠠᠬᠤ ᠶᠢᠨ ᠲᠤᠰᠠᠳᠠ᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ | ᠬᠠᠤᠯᠢ︾᠂ ︽ᠢᠳᠡᠭᠡᠨ ᠤ ᠠᠮᠤᠷ ᠲᠦᠪᠰᠢᠨ ᠤ ᠬᠠᠤᠯᠢ︾᠂ ︽ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢ ᠢᠮᠠᠭ᠎ᠠ ᠨᠢᠲᠤᠯᠬᠤ ᠬᠠᠮᠢᠶᠠᠷᠤᠯᠲᠠ ᠶᠢᠨ | ᠠᠷᠭ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠡᠳᠦᠭᠡ ᠪᠦᠬᠦ ᠬᠤᠲᠠ ᠶᠢᠨ ᠦᠬᠡᠷ ᠬᠤᠨᠢ | ᠢᠮᠠᠭ᠎ᠠ ᠨᠢᠲᠤᠯᠬᠤ ᠠᠵᠢᠯᠯᠠᠭ᠎ᠠ ᠶᠢ ᠵᠢᠷᠤᠮᠵᠢᠭᠤᠯᠬᠤ ᠲᠤᠬᠠᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠲᠣᠭᠲᠠᠭᠰᠠᠨ ᠭᠠᠵᠠᠷ ᠲᠤ ᠦᠬᠡᠷ ᠬᠤᠨᠢ ᠢᠮᠠᠭ᠎ᠠ ᠨᠢᠲᠤᠯᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ᠃ | ᠲᠣᠭᠲᠠᠭᠰᠠᠨ ᠭᠠᠵᠠᠷ ᠲᠤ ᠨᠢᠲᠤᠯᠬᠤ ᠠᠵᠤ ᠠᠬᠤᠶᠢᠯᠠᠯ ᠢ ᠭᠠᠷᠭᠠᠪᠠᠯ᠂ ᠶᠠᠮᠠᠷᠪᠠ ᠨᠢᠭᠡᠴᠡ ᠪᠠ ᠬᠤᠪᠢ ᠬᠥᠮᠦᠨ ᠭᠡᠳ | ᠦᠬᠡᠷ ᠬᠤᠨᠢ ᠢᠮᠠᠭ᠎ᠠ ᠨᠢᠲᠤᠯᠬᠤ ᠠᠵᠢᠯ ᠢ ᠡᠷᠭᠢᠯᠡᠵᠦ ᠪᠣᠯᠬᠤ ᠥᠬᠡᠶ ︵ᠬᠥᠳᠡᠭᠡ ᠲᠣᠰᠬᠤᠨ ᠤ ᠭᠠᠵᠠᠷ ᠣᠷᠣᠨ ᠤ | ᠰᠠᠭᠤᠭᠠᠯᠢ ᠠᠷᠠᠳ ᠤᠨ ᠥᠪᠡᠰᠦᠪᠡᠨ ᠠᠯᠠᠵᠤ ᠥᠪᠡᠰᠦᠪᠡᠨ ᠢᠳᠡᠬᠦ ᠦᠬᠡᠷ ᠬᠤᠨᠢ ᠢᠮᠠᠭ᠎ᠠ ᠪᠠᠭᠲᠠᠬᠤ ᠥᠬᠡᠶ︶᠃ | ᠬᠤᠶᠠᠷ᠂ ᠶᠠᠮᠠᠷᠪᠠ ᠨᠢᠭᠡᠴᠡ ᠪᠤᠶᠤ ᠬᠤᠪᠢ ᠬᠥᠮᠦᠨ ᠤ ᠬᠠᠤᠯᠢ ᠠᠴᠠ ᠵᠥᠷᠢᠴᠡᠨ ᠦᠬᠡᠷ ᠬᠤᠨᠢ ᠢᠮᠠᠭ᠎ᠠ | ᠨᠢᠲᠤᠯᠬᠤ ᠠᠵᠢᠯᠯᠠᠭ᠎ᠠ ᠬᠢᠵᠦ ᠪᠠᠶᠢᠭ᠎ᠠ ᠨᠢᠭᠡᠴᠡ ᠪᠤᠶᠤ ᠬᠤᠪᠢ ᠬᠥᠮᠦᠨ ᠳᠤ ᠨᠢᠲᠤᠯᠬᠤ ᠲᠠᠯᠠᠪᠤᠷ ᠭᠠᠵᠠᠷ᠂ | ᠦᠢᠯᠡᠳᠭᠦᠨ ᠬᠠᠳᠠᠭᠠᠯᠠᠬᠤ ᠪᠡᠯᠡᠳᠬᠡᠮᠵᠢ ᠬᠠᠩᠭᠠᠬᠤ ᠶᠢ ᠴᠠᠭᠠᠵᠠᠯᠠᠨ᠎ᠠ᠃ | ᠭᠤᠷᠪᠠ᠂ ᠡᠯ᠎ᠡ ᠬᠡᠲᠦ ᠳᠡᠯᠭᠡᠭᠦᠷ᠂ ᠳᠡᠯᠭᠡᠭᠦᠷ ᠴᠢᠭ ᠨᠢ ᠲᠣᠭᠲᠠᠭᠰᠠᠨ ᠴᠢᠬ ᠤᠨ ᠪᠤᠰᠤ ᠠᠵᠤ ᠠᠬᠤᠶᠢᠯᠠᠯ ᠤᠨ | ᠨᠢᠲᠤᠯᠬᠤ ᠦᠬᠡᠷ ᠬᠤᠨᠢ ᠢᠮᠠᠭ᠎ᠠ ᠶᠢᠨ ᠠᠰᠢᠭ ᠰᠢᠮ᠎ᠡ ᠶᠢ ᠡᠵᠡᠩᠨᠡᠵᠦ ᠪᠣᠯᠬᠤ ᠥᠬᠡᠶ᠂ ᠡᠵᠡᠩᠨᠡᠭᠰᠡᠨ | ᠦᠢᠯᠡᠳᠭᠦᠨ ᠳᠡᠭᠡᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠭᠡᠷᠡᠴᠢ᠂ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠲᠡᠮᠳᠡᠭ ᠢ ᠳᠠᠭᠠᠯᠳᠤᠭᠤᠯᠬᠤ ᠬᠡᠷᠡᠭᠲᠡᠶ᠃ | ᠳᠥᠷᠪᠡ᠂ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ | ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠬᠤᠲᠠ ᠶᠢᠨ ᠬᠡᠪᠴᠢᠶᠡᠨ ᠳᠠᠬᠢ ᠬᠤᠪᠢ | ᠬᠥᠮᠦᠨ ᠤ ᠳᠤᠷ᠎ᠠ ᠪᠠᠷ ᠢᠶᠠᠨ ᠨᠢᠲᠤᠯᠬᠤ ᠦᠢᠯᠡ ᠠᠵᠢᠯᠯᠠᠭ᠎ᠠ ᠳᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠵᠦ᠂ ᠲᠣᠰ ᠵᠠᠷᠯᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠮᠢᠶ᠎ᠠ ᠪᠥᠬᠦᠶ ᠲᠣᠭᠲᠠᠭᠠᠯ ᠶᠣᠰᠣᠭᠠᠷ | ᠴᠢᠩᠭ᠎ᠠ ᠪᠥᠭᠡᠳ ᠬᠦᠨᠳᠦ ᠪᠠᠷ ᠰᠢᠢᠳᠭᠡᠨ᠎ᠡ᠃ | ᠲᠠᠪᠤ᠂ ᠠᠵᠢᠯᠲᠠᠨ ᠢ ᠳᠣᠷᠣᠮᠵᠢᠯᠠᠬᠤ᠂ ᠵᠣᠳᠣᠬᠤ ᠪᠤᠶᠤ ᠠᠯᠪᠠᠨ ᠶᠠᠪᠤᠳᠠᠯ ᠭᠦᠢᠴᠡᠳᠬᠡᠬᠦ ᠶᠢ ᠨᠢ ᠬᠠᠷᠰᠢᠯᠠᠭᠰᠠᠨ | ᠪᠣᠯ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠨ ᠲᠣᠷᠭᠠᠬᠤ ᠬᠠᠤᠯᠢ︾ ᠵᠡᠷᠭᠡ ᠶᠢᠨ ᠲᠣᠭᠲᠠᠭᠠᠯ | ᠶᠣᠰᠣᠭᠠᠷ ᠰᠢᠢᠳᠭᠡᠨ ᠲᠣᠷᠭᠠᠨ᠎ᠠ᠂ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠵᠢᠷᠭᠤᠭ᠎ᠠ᠂ ᠥᠷᠭᠡᠨ ᠣᠯᠠᠨ ᠠᠷᠠᠳ ᠲᠦᠮᠡᠨ ᠢᠳᠡᠪᠬᠢᠲᠡᠶ ᠬᠠᠮᠵᠢᠯᠴᠠᠵᠤ᠂ ᠥᠪᠡᠷ ᠢ ᠪᠠᠨ ᠬᠠᠮᠠᠭᠠᠯᠠᠬᠤ | ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠢᠳᠡᠭᠡᠨ ᠤ ᠠᠮᠤᠷ ᠲᠦᠪᠰᠢᠨ ᠤ ᠦᠵᠡᠯ | ᠤᠬᠠᠮᠰᠠᠷ ᠢᠶᠠᠨ ᠴᠢᠩᠭᠠᠳᠬᠠᠵᠤ᠂ ᠴᠡᠭ ᠲᠣᠭᠲᠠᠭᠠᠭᠰᠠᠨ ᠪᠤᠰᠤ ᠠᠵᠤ ᠠᠬᠤᠶᠢᠯᠠᠯ ᠤᠨ ᠨᠢᠲᠤᠯᠤᠭᠰᠠᠨ ᠦᠬᠡᠷ ᠬᠤᠨᠢ | ᠢᠮᠠᠭ᠎ᠠ ᠶᠢᠨ ᠠᠰᠢᠭ ᠰᠢᠮ᠎ᠡ ᠶᠢ ᠬᠤᠳᠠᠯᠳᠤᠨ ᠠᠪᠬᠤ ᠥᠬᠡᠶ᠂ ᠬᠡᠷᠡᠭᠯᠡᠬᠦ ᠥᠬᠡᠶ ᠪᠠᠶᠢᠵᠤ᠂ ᠪᠥᠬᠦ ᠬᠤᠲᠠ ᠶᠢᠨ | ᠢᠳᠡᠭᠡᠨ ᠤ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ᠃ ᠬᠡᠷᠪᠡ ᠳᠤᠷ᠎ᠠ ᠪᠠᠷ ᠢᠶᠠᠨ ᠠᠯᠠᠵᠤ ᠨᠢᠲᠤᠯᠬᠤ ᠦᠢᠯᠡ | ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠶ ᠳᠤᠨᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠳᠤ ᠢᠯᠡᠴᠢᠯᠡᠨ ᠮᠡᠳᠡᠭᠦᠯᠬᠦ ᠬᠡᠷᠡᠭᠲᠡᠶ᠃ ᠢᠯᠡᠴᠢᠯᠡᠨ ᠮᠡᠳᠡᠭᠦᠯᠬᠦ ᠤᠲᠠᠰᠤ᠄ | 0474-3584558᠃ | ᠲᠤᠯᠤᠭ᠎ᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | ᠹᠧᠩᠵᠧᠨ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ | 2021 ᠣᠨ ᠤ 1 ᠰᠠᠷ᠎ᠠ ᠶᠢᠨ 15 ᠤ ᠡᠳᠦᠷ | | ᠨᠠᠶᠢᠷᠠᠭᠤᠯᠤᠭᠴᠢ᠄ ᠯᠢ ᠰᠧ ᠬᠤᠶ | ᠤᠷᠴᠢᠭᠤᠯᠤᠬᠴᠢ᠄ ᠼᠦᠢ ᠶᠢᠩ |