ᠹᠧᠩᠵᠧᠨ ᠬᠤᠲᠠ ᠶᠢᠨ ᠬᠠᠷᠢᠶ᠎ᠠ ᠲᠣᠭᠤᠷᠢᠭ ᠤᠨ ᠬᠦᠨᠳᠦ ᠬᠡᠯᠪᠡᠷᠢ ᠶᠢᠨ ᠪᠠᠷᠠᠭ᠎ᠠ ᠶᠢᠨ ᠲᠡᠷᠭᠡ᠂ ᠠᠶᠤᠯ ᠲᠠᠢ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠶᠠᠪᠤᠬᠤ ᠶᠢ ᠴᠠᠭᠠᠵᠠᠯᠠᠬᠤ ᠵᠠᠮ ᠤᠨ ᠬᠡᠰᠡᠭ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/1/20
   ᠬᠤᠲᠠ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠣᠯᠪᠠᠰᠤᠨ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠂ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠨ ᠪᠠᠭᠠᠰᠬᠠᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ‌‍ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠳᠦᠭᠡ ᠹᠧᠩᠵᠧᠨ ᠬᠤᠲᠠ ᠶᠢᠨ ᠬᠠᠷᠢᠶ᠎ᠠ ᠲᠣᠭᠤᠷᠢᠭ ᠤᠨ ᠬᠦᠨᠳᠦ ᠬᠡᠯᠪᠡᠷᠢ ᠶᠢᠨ ᠪᠠᠷᠠᠭ᠎ᠠ ᠶᠢᠨ ᠲᠡᠷᠭᠡ᠂ ᠠᠶᠤᠯ ᠲᠠᠢ ᠬᠢᠮᠢ ᠶᠢᠨ ᠪᠤᠳᠠᠰ ᠤᠨ  ᠲᠡᠭᠡᠭᠡᠪᠦᠷᠢ ᠶᠢᠨ ᠲᠡᠷᠭᠡ ᠬᠥᠰᠬᠡ ᠶᠢᠨ ᠶᠠᠪᠤᠬᠤ ᠶᠢ ᠴᠠᠭᠠᠵᠠᠯᠠᠬᠤ ᠵᠠᠮ ᠤᠨ ᠬᠡᠰᠡᠭ ᠢ ᠳᠣᠣᠷᠠᠬᠢ ᠮᠡᠲᠦ ᠵᠠᠷᠯᠠᠨ ᠨᠡᠶᠢᠲᠡᠯᠡᠪᠡ᠄      ᠨᠢᠭᠡ᠂ ᠶᠠᠪᠤᠬᠤ ᠶᠢ ᠴᠠᠭᠠᠵᠠᠯᠠᠬᠤ ᠵᠠᠮ ᠤᠨ ᠬᠡᠰᠡᠭ᠄      1. 208 ᠤᠯᠤᠰ ᠤᠨ ᠵᠠᠮ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠣᠨᠣᠯᠵᠢᠨ ᠵᠠᠮ---- ᠶᠢᠩ ᠪᠢᠨ ᠶᠡᠭᠡ ᠵᠡᠭᠡᠯᠢ ᠶᠢᠨ ᠳᠡᠭᠡᠳᠦ ᠬᠤᠷᠳᠤᠴᠠᠲᠤ ᠵᠠᠰᠠᠮᠠᠯ ᠵᠠᠮ ᠤᠨ ᠬᠥᠭᠦᠷᠭᠡ ᠶᠢᠨ ᠲᠤᠤᠷ᠎ᠠ       2. 208 ᠤᠯᠤᠰ ᠤᠨ ᠵᠠᠮ ᠤᠨ ᠳᠡᠭᠦᠵᠢᠩ ᠬᠥᠭᠦᠷᠭᠡ ---- ᠮᠠ ᠵᠢᠶᠠ ᠺᠦ᠋ ᠯᠢᠶᠠᠨ ︵ᠬᠦᠷᠢᠶ᠎ᠡ︶ ᠥᠨᠳᠥᠷ ᠬᠤᠷᠳᠤᠴᠠᠲᠤ ᠵᠠᠰᠠᠮᠠᠯ ᠵᠠᠮ ᠤᠨ ᠬᠥᠭᠦᠷᠭᠡ ᠶᠢᠨ ᠳᠣᠣᠷ᠎ᠠ᠃       3. ᠯᠢᠩ ᠶᠠᠨ ᠰᠧ ᠰᠦᠮ᠎ᠡ ---- ᠳ᠋ᠡ ᠰᠢ ᠵᠢᠶᠧ ᠵᠡᠭᠡᠯᠢ᠃       4. ᠶᠦᠨ ᠹᠧᠩ ᠵᠠᠰᠠᠮᠠᠯ ᠵᠠᠮ ᠬᠢᠭᠡᠳ ᠬᠦᠷᠢᠶᠡᠯᠡᠩ ᠲᠣᠭᠤᠷᠢᠭ ᠤᠨ ᠠᠭᠤᠯᠵᠠᠷ ----  ᠰᠠᠨ ᠰᠢᠶᠤᠤ ᠲᠣᠰᠣ ᠨᠡᠮᠡᠬᠦ ᠥᠷᠲᠡᠭᠡ᠃      ᠬᠤᠶᠠᠷ᠂ ᠶᠠᠪᠤᠬᠤ ᠶᠢ ᠴᠠᠭᠠᠵᠠᠯᠠᠬᠤ ᠬᠤᠭᠤᠴᠠᠭ᠎ᠠ᠄ ᠪᠦᠬᠦᠯᠢ ᠡᠳᠦᠷ ︵24 ᠴᠠᠭ︶      ᠲᠣᠰ ᠵᠠᠷᠯᠠᠯ ᠢ 2021 ᠣᠨ ᠤ 1 ᠰᠠᠷ᠎ᠠ ᠶᠢᠨ 22 ᠤᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠲᠣᠭᠲᠠᠭᠠᠯ ᠢ ᠵᠥᠷᠢᠴᠡᠨ ᠬᠢᠵᠠᠭᠠᠷᠯᠠᠭᠰᠠᠨ ᠣᠷᠣᠨ ᠳᠤ ᠣᠷᠣᠭᠰᠠᠨ ᠪᠠᠶᠢᠪᠠᠯ᠂ ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠰᠢᠢᠳᠭᠡᠯ ᠦᠭᠭᠦᠨ᠎ᠡ᠃      ᠡᠬᠦᠨ ᠤ ᠲᠤᠬᠠᠢ ᠣᠨᠴᠠᠭᠠᠶᠢᠯᠠᠨ ᠮᠡᠳᠡᠭᠳᠡᠪᠡ᠃                     ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                              2021 ᠣᠨ ᠤ 1 ᠰᠠᠷ᠎ᠠ ᠶᠢᠨ 19 ᠤ ᠡᠳᠦᠷ                       ᠤᠷᠴᠢᠭᠤᠯᠤᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3