ᠤᠯᠠᠭᠠᠨᠴᠠᠪ ᠬᠤᠲᠠ ᠶᠢᠨ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ ᠤᠨ ᠹᠧᠩᠵᠧᠨ ᠳᠠᠬᠢ ᠬᠤᠪᠢᠶᠠᠷᠢ ᠨᠡᠶᠢᠭᠡᠮᠯᠢᠭ ᠠᠴᠠ ᠮᠠᠨ ᠤ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠬᠥᠪᠥᠩ ᠬᠤᠪᠴᠠᠰᠤ ᠬᠠᠨᠳᠢᠪᠯᠠᠪᠠ
ᠨᠡᠶᠢᠲᠡᠯᠡᠭᠰᠡᠨ ᠴᠠᠭ᠄
2021/1/29
  1 ᠳ᠋ᠦᠭᠡᠷ ᠰᠠᠷ᠎ᠠ ᠶᠢᠨ 22 ᠤᠨ ᠡᠳᠦᠷ᠂ ᠤᠯᠠᠭᠠᠨᠴᠠᠪ ᠬᠤᠲᠠ ᠶᠢᠨ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ ᠤᠨ ᠹᠧᠩᠵᠧᠨ ᠳᠠᠬᠢ ᠬᠤᠪᠢᠶᠠᠷᠢ ᠨᠡᠶᠢᠭᠡᠮᠯᠢᠭ ᠠᠴᠠ ᠮᠠᠨ ᠤ ᠬᠤᠲᠠ ᠶᠢᠨ ᠹᠧᠩᠴᠤᠸᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ︽ᠹᠧᠩᠵᠧᠨ ᠬᠤᠲᠠ ᠶᠢᠨ ᠡᠮᠡᠭᠲᠡᠶ ᠠᠵᠤ ᠠᠬᠤᠶᠢᠯᠠᠯᠲᠠᠨ ᠤ ᠬᠤᠪᠢᠶᠠᠷᠢ ᠨᠡᠶᠢᠭᠡᠮᠯᠢᠭ ᠠᠴᠠ ᠹᠧᠩᠴᠤᠸᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠲᠤ ᠬᠥᠪᠥᠩ ᠬᠤᠪᠴᠠᠰᠤ ᠬᠠᠨᠳᠢᠪᠯᠠᠬᠤ ᠠᠵᠢᠯᠯᠠᠭ᠎ᠠ︾ ᠶᠠᠪᠤᠭᠤᠯᠪᠠ᠃ ᠤᠯᠠᠭᠠᠨᠴᠠᠪ ᠬᠤᠲᠠ ᠶᠢᠨ ᠡᠮᠡᠭᠲᠡᠶ ᠠᠵᠤ ᠠᠬᠤᠶᠢᠯᠠᠯᠲᠠᠨ ᠤ ᠨᠡᠶᠢᠭᠡᠮᠯᠢᠭ ᠤᠨ ᠹᠧᠩᠵᠧᠨ ᠳᠠᠬᠢ ᠬᠤᠪᠢᠶᠠᠷᠢ ᠨᠡᠶᠢᠭᠡᠮᠯᠢᠭ ᠵᠢᠴᠢ ᠹᠧᠩᠴᠤᠸᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠷ ᠬᠠᠨᠳᠢᠪᠯᠠᠬᠤ ᠠᠵᠢᠯᠯᠠᠭ᠎ᠠ ᠳᠤ ᠣᠷᠣᠯᠴᠠᠪᠠ᠃
   ᠬᠠᠨᠳᠢᠪᠯᠠᠨ ᠬᠦᠷᠭᠡᠬᠦ ᠠᠵᠢᠯᠯᠠᠭ᠎ᠠ ᠳᠤᠮᠳᠠ᠂ ᠹᠧᠩᠵᠧᠨ ᠬᠤᠳᠠ ᠶᠢᠨ ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ ᠪᠣᠯᠤᠨ ᠬᠤᠳᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠬᠠᠮᠢᠶ᠎ᠠ ᠪᠦᠬᠦᠢ ᠬᠥᠮᠦᠰ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ᠰᠢᠨ᠎ᠡ ᠬᠥᠪᠥᠩ ᠬᠤᠪᠴᠠᠰᠤ ᠲᠦᠭᠡᠭᠡᠨ ᠡᠮᠦᠰᠭᠡᠵᠦ᠂  ᠠᠵᠢᠯ ᠬᠢᠬᠦ ᠦᠶ᠎ᠡ ᠳᠤ ᠲᠠᠭᠠᠷᠠᠬᠤ ᠦᠬᠡᠢ ᠲᠤᠯᠠᠭᠠᠬᠠᠨ ᠪᠤᠯᠠᠭᠠᠨ᠂ ᠵᠣᠬᠢᠶᠠᠨ ᠪᠠᠶᠢᠭᠤᠯᠤᠯᠲᠠ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠦᠨ ᠵᠤᠵᠠᠭᠠᠨ ᠬᠠᠶᠢᠷ᠎ᠠ ᠬᠠᠯᠠᠮᠵᠢ ᠶᠢ ᠬᠦᠷᠳᠡᠭᠡᠪᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠪᠣᠯ ᠬᠤᠲᠠ ᠶᠢᠨ ᠵᠢᠰᠦ ᠭᠤᠶᠣᠯᠠᠭᠴᠢ ᠪᠠᠶᠢᠵᠦ᠂ ᠡᠪᠦᠯ ᠤᠨ ᠬᠠᠬᠢᠷ ᠬᠦᠢᠳᠡᠨ᠂ ᠵᠣᠨ ᠤ ᠠᠭᠠᠭᠢᠮ᠎ᠠ ᠬᠠᠯᠠᠭᠤᠨ ᠢ ᠬᠠᠶᠢᠬᠤᠷᠤᠯ ᠦᠬᠡᠢ ᠠᠵᠢᠯᠴᠢ ᠬᠦᠳᠡᠯᠮᠦᠷᠢᠴᠢ ᠠᠵᠢᠯᠯᠠᠭ᠎ᠠ ᠪᠠᠷ ᠢᠶᠠᠨ ᠬᠤᠲᠠ ᠶᠢ ᠵᠠᠰᠠᠨ ᠴᠢᠮᠡᠵᠦ᠂ ᠹᠧᠩᠵᠧᠨ ᠬᠤᠲᠠ ᠶᠢᠨ ᠪᠥᠲᠥᠭᠡᠨ ᠪᠠᠶᠢᠭᠤᠯᠤᠯᠲᠠ ᠬᠥᠭᠵᠢᠯᠲᠡ ᠳᠤ ᠪᠦᠷ ᠬᠤᠪᠢ ᠨᠡᠮᠡᠷᠢ ᠦᠵᠡᠭᠦᠯᠪᠡ᠃                      ᠨᠠᠶᠢᠷᠠᠭᠤᠯᠤᠭᠴᠢ᠄ ᠵᠠᠩ ᠬᠤᠶ                      ᠤᠷᠴᠢᠭᠤᠯᠤᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3