| ᠪᠦᠬᠦ ᠬᠤᠳᠠ ᠶᠢᠨ ᠨᠠᠰᠤᠲᠠᠶᠢᠴᠤᠳ ᠨᠠᠷ ᠡ᠄ | 2021 ᠣᠨ ᠤ ︽ᠨᠠᠰᠤᠲᠠᠶᠢᠴᠤᠳ ᠢ ᠬᠦᠨᠳᠦᠯᠡᠬᠦ ᠰᠠᠷ᠎ᠠ︾ ᠬᠦᠷᠴᠦ ᠢᠷᠡᠬᠦ ᠲᠠᠰᠢᠷᠠᠮ ᠢᠶᠠᠷ᠂ ᠹᠧᠩᠵᠧᠨ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠹᠧᠩᠵᠧᠨ ᠬᠤᠲᠠ ᠶᠢᠨ ᠨᠠᠰᠤᠲᠠᠶᠢᠴᠤᠳ ᠤᠨ | ᠵᠥᠪᠯᠡᠯ ᠤᠨ ᠠᠯᠪᠠᠨ ᠬᠡᠷ ᠠᠴᠠ ᠪᠥᠬᠦ ᠬᠤᠲᠠ ᠶᠢᠨ ᠲᠤᠯᠤᠭᠠᠨ ᠲᠦᠮᠡ ᠰᠢᠬᠠᠮ ᠨᠠᠰᠤᠲᠠᠶᠢᠴᠤᠳ ᠲᠤ ᠳᠣᠲᠣᠨᠣ | ᠮᠡᠨᠳᠦᠴᠢᠯᠡᠯ ᠪᠠ ᠰᠠᠶᠢᠨ ᠰᠠᠶᠢᠬᠠᠨ ᠢᠷᠥᠭᠡᠯ ᠳᠡᠪᠰᠢᠭᠦᠯᠵᠦ ᠪᠠᠶᠢᠨ᠎ᠠ︕ ᠡᠭᠦᠨ ᠤ ᠬᠠᠮᠲᠤ ᠨᠠᠰᠤᠲᠠᠶᠢᠴᠤᠳ ᠤᠨ | ᠠᠵᠢᠯ ᠤᠨ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠨᠥᠬᠦᠳ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ | ᠢᠯᠡᠳᠬᠡᠶ᠎ᠡ︕ ᠮᠠᠨ ᠤ ᠬᠤᠲᠠ ᠶᠢᠨ ᠨᠠᠰᠤᠵᠢᠯ ᠤᠨ ᠦᠢᠯᠡᠰ ᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ | ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠨᠠᠰᠤᠳᠠᠶᠢᠴᠤᠳ ᠪᠣᠯ ᠨᠡᠶᠢᠭᠡᠮ ᠤᠨ ᠡᠷᠬᠢᠮ ᠨᠠᠨᠳᠢᠨ ᠡᠳ᠋ ᠪᠠᠶᠠᠯᠢᠭ ᠮᠥᠨ᠂ ᠣᠯᠠᠨ ᠵᠢᠯ ᠤᠨ ᠲᠤᠷᠰᠢ᠂ ᠪᠦᠬᠦ | ᠬᠤᠲᠠ ᠶᠢᠨ ᠨᠠᠰᠤᠳᠠᠶᠢᠴᠤᠳ ᠶᠡᠭᠡ ᠲᠠᠯ᠎ᠠ ᠶᠢ ᠲᠠᠨᠢᠵᠤ᠂ ᠶᠡᠭᠡ ᠲᠠᠯ᠎ᠠ ᠶᠢ ᠬᠠᠷᠠᠭᠠᠯᠵᠠᠨ᠂ ᠠᠵᠢᠯ ᠤᠨ ᠪᠠᠶᠢᠷᠢ ᠪᠠᠨ | ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠭᠤᠶᠠᠴᠢ ᠦᠭᠡᠢ ᠵᠢᠳᠬᠦᠵᠦ᠂ ᠬᠦᠴᠦᠨ ᠴᠢᠳᠠᠯ ᠢᠶᠠᠨ ᠡᠷᠭᠦᠵᠦ᠂ ᠮᠠᠨ ᠤ | ᠬᠤᠲᠠ ᠶᠢᠨ ᠨᠡᠶᠢᠭᠡᠮ ᠤᠨ ᠪᠦᠬᠦ ᠲᠠᠯ᠎ᠠ ᠶᠢᠨ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ | ᠠᠵᠢᠯ ᠤᠨ ᠪᠠᠶᠢᠷᠢ ᠠᠴᠠ ᠪᠠᠨ ᠰᠠᠯᠤᠭᠰᠠᠨ ᠤ ᠳᠠᠷᠠᠭ᠎ᠠ᠂ ᠤᠭ ᠰᠠᠨᠠᠭ᠎ᠠ ᠪᠠᠨ ᠦᠯᠦ ᠮᠠᠷᠲᠠᠵᠤ᠂ | ᠥᠩᠭᠡᠷᠡᠭᠰᠡᠨ ᠲᠠᠢ ᠪᠠᠨ ᠠᠳᠠᠯᠢ ᠪᠠᠷ ᠪᠦᠬᠦ ᠬᠤᠲᠠ ᠶᠢᠨ ᠨᠡᠶᠢᠭᠡᠮ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢ | ᠬᠠᠯᠠᠮᠵᠢᠯᠠᠨ ᠳᠡᠮᠵᠢᠪᠡ᠃ ᠥᠩᠭᠡᠷᠡᠭᠰᠡᠨ ᠪᠠ ᠢᠷᠡᠭᠡᠳᠦᠶ ᠭᠡᠰᠡᠨ ᠥᠬᠡᠶ᠂ ᠮᠠᠨ ᠤ ᠬᠤᠲᠠ ᠶᠢᠨ ᠬᠥᠭᠵᠢᠯᠲᠡ ᠳᠤ | ᠴᠥᠮ ᠨᠠᠰᠤᠳᠠᠶᠢᠴᠤᠳ ᠤᠨ ᠣᠶᠤᠨ ᠤᠬᠠᠭᠠᠨ ᠪᠠ ᠬᠦᠴᠦ ᠬᠥᠳᠡᠯᠮᠦᠷᠢ ᠰᠢᠩᠭᠡᠵᠦ ᠪᠠᠶᠢᠳᠠᠭ᠃ ᠮᠥᠨ ᠴᠦ ᠮᠠᠨ ᠤ | ᠬᠤᠲᠠ ᠶᠢᠨ ᠨᠡᠶᠢᠭᠡᠮ ᠤᠨ ᠬᠥᠭᠵᠢᠯᠲᠡ ᠶᠢᠨ ᠡᠭᠦᠳᠦᠨ ᠨᠡᠭᠡᠭᠡᠭᠴᠢ ᠪᠠ ᠭᠡᠷᠡᠴᠢᠯᠡᠭᠴᠢ ᠮᠥᠨ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ᠨᠠᠰᠤᠲᠠᠨ ᠢᠶᠠᠨ ᠠᠰᠠᠷᠠᠬᠤ᠂ | ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠪᠠ ᠨᠡᠶᠢᠭᠡᠮ ᠤᠨ | ᠣᠷᠴᠢᠨ ᠨᠥᠬᠦᠴᠡᠯ ᠢ ᠪᠣᠶ ᠪᠣᠯᠭᠠᠵᠤ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠶᠢ ᠠᠬᠢᠭᠤᠯᠤᠨ᠂ | ᠨᠠᠰᠤᠵᠢᠯ ᠤᠨ ᠦᠢᠯᠡᠰ ᠪᠠ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ︾ ᠭᠡᠵᠦ ᠲᠤᠷᠠᠳᠴᠦ᠂ ᠬᠥᠮᠦᠨ | ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ | ᠣᠶᠤᠨᠴᠢ ᠨᠠᠰᠤᠵᠢᠯ ᠤᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠮᠠᠨ ᠤ ᠬᠤᠲᠠ ᠶᠢᠨ ᠰᠢᠨ᠎ᠡ | ᠴᠠᠭ ᠦᠶ᠎ᠡ ᠶᠢᠨ ᠨᠠᠰᠤᠵᠢᠯ ᠤᠨ ᠦᠢᠯᠡᠰ ᠤᠨ ᠬᠥᠭᠵᠢᠯᠲᠡ ᠳᠤ ᠴᠢᠭᠯᠡᠯ ᠢ ᠲᠣᠳᠣᠷᠬᠠᠶ ᠵᠢᠭᠠᠵᠤ ᠥᠭᠭᠦᠭᠰᠡᠨ ᠪᠠᠶᠢᠨ᠎ᠠ | ᠃ ᠣᠶᠢᠷ᠎ᠠ ᠶᠢᠨ ᠵᠢᠯ ᠳᠤ᠂ ᠪᠦᠬᠦ ᠬᠤᠲᠠ ᠶᠢᠨ ᠡᠯ᠎ᠡ ᠱᠠᠲᠤᠨ ᠤ ᠨᠠᠰᠤᠲᠠᠶᠢᠴᠤᠳ ᠤᠨ ᠵᠣᠬᠢᠶᠠᠨ ᠪᠠᠶᠢᠭᠤᠯᠤᠯᠲᠠ | ᠪᠣᠯᠤᠨ ᠥᠷᠭᠡᠨ ᠣᠯᠠᠨ ᠨᠠᠰᠤᠲᠠᠶᠢᠴᠤᠳ ᠤᠨ ︽ᠠᠷᠠᠳ ᠣᠯᠠᠨ ᠳᠤ ᠪᠦᠬᠦ ᠲᠠᠯ᠎ᠠ᠂ ᠪᠦᠬᠦ ᠦᠶᠡᠯᠡᠯ ᠤᠨ | ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ︾ ᠱᠠᠭᠠᠷᠳᠠᠯᠭ᠎ᠠ ᠶᠣᠰᠣᠭᠠᠷ᠂ ᠨᠠᠰᠤᠲᠠᠶᠢᠴᠤᠳ ᠤᠨ | ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ | ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ᠂ | ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠨ ᠦᠢᠯᠡᠴᠢᠯᠡᠬᠦ ᠵᠡᠷᠭᠡ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠦᠴᠦᠯᠡᠨ ᠰᠠᠶᠢᠲᠤᠷ ᠬᠢᠵᠦ᠂ ᠨᠠᠰᠤᠲᠠᠶᠢᠴᠤᠳ ᠤᠨ ᠬᠠᠤᠯᠢ | ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ ᠪᠠᠲᠤᠯᠠᠵᠤ᠂ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢ | ᠪᠥᠬᠦ ᠲᠠᠯ᠎ᠠ ᠪᠠᠷ ᠠᠬᠢᠭᠤᠯᠪᠠ᠃ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ | ᠨᠢᠭᠡ ᠠᠯᠬᠤᠮ ᠥᠷᠭᠡᠳᠬᠡᠵᠦ᠂ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ | ᠨᠡᠮᠡᠭᠦᠷᠢ ᠶᠢᠨ ᠲᠦᠭᠡᠮᠡᠯ ᠬᠠᠷᠠᠭᠠᠯᠵᠠᠯ ᠤᠨ ᠲᠦᠷᠢᠮ ᠢ ᠪᠡᠶᠡᠯᠡᠬᠦᠯᠦᠨ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠦᠨ᠂ ᠨᠠᠰᠤᠲᠠᠨ ᠢᠶᠠᠨ ᠠᠰᠠᠷᠠᠵᠤ | ᠨᠠᠰᠤᠲᠠᠨ ᠢᠶᠠᠨ ᠠᠴᠢᠯᠠᠵᠤ ᠨᠠᠰᠤᠲᠠᠨ ᠢᠶᠠᠨ ᠬᠦᠨᠳᠦᠯᠡᠬᠦ ᠭᠡᠷ ᠪᠦᠯᠢ ᠲᠠᠰᠤᠷᠠᠯᠳᠠ ᠦᠭᠡᠢ ᠴᠣᠯᠭᠤᠷᠠᠨ ᠭᠠᠷᠴᠤ᠂ | ᠨᠠᠰᠤᠲᠠᠶᠢᠴᠤᠳ ᠤᠨ ᠬᠦᠨᠳᠦᠳᠬᠡᠯ ᠤᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠬᠦᠷᠲᠡᠮᠵᠢ ᠶᠢᠨ | ᠲᠦᠷᠦᠭᠳᠡᠯ ᠢ ᠢᠯᠡᠳᠲᠡ ᠳᠡᠭᠡᠭᠰᠢᠯᠡᠭᠦᠯᠪᠡ᠃ | ︽ᠠᠶᠢᠯ ᠪᠣᠯᠭᠠᠨ ᠪᠦᠷ ᠨᠠᠰᠤᠲᠠᠶᠢᠴᠤᠳ ᠲᠠᠢ᠂ ᠬᠥᠮᠦᠨ ᠪᠣᠯᠭᠠᠨ ᠪᠦᠷ ᠦᠲᠡᠯᠦᠭᠡ ᠨᠠᠰᠤᠨ ᠤ ᠦᠶ᠎ᠡ ᠲᠠᠢ︾ | ᠂ ᠰᠢ ᠶᠢᠨ ᠫᠢᠩ ᠶᠡᠷᠦᠩᠬᠡᠶ ᠱᠦᠵᠢ ᠶᠢᠨ ︽ᠨᠠᠮ ᠤᠨ ᠬᠤᠷᠢᠶ᠎ᠠ ᠤᠳᠤᠷᠢᠳᠴᠤ᠂ ᠵᠠᠰᠠᠭ ᠤᠨ ᠣᠷᠳᠣᠨ ᠭᠤᠣᠯᠯᠠᠨ | ᠤᠳᠤᠷᠢᠳᠴᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠵᠤ᠂ ᠪᠦᠬᠦ ᠠᠷᠠᠳ ᠢᠶᠠᠷ ᠢᠶᠠᠨ ᠠᠵᠢᠯᠯᠠᠭ᠎ᠠ ᠠᠪᠬᠤ︾ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠪᠦᠬᠦ ᠨᠡᠶᠢᠭᠡᠮ ᠢᠶᠠᠷ ᠢᠶᠠᠨ ᠨᠠᠰᠤᠲᠠᠨ ᠢᠶᠠᠨ ᠬᠦᠨᠳᠦᠯᠡᠵᠦ | ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠠᠪᠰᠤᠷᠬᠤ ᠰᠢᠯᠢᠳᠡᠭ ᠤᠯᠠᠮᠵᠢᠯᠠᠯ ᠢ | ᠶᠡᠬᠡᠪᠡᠷ ᠪᠠᠳᠠᠷᠠᠭᠤᠯᠵᠤ᠂ ᠨᠠᠰᠤᠲᠠᠨ ᠢᠶᠠᠨ ᠬᠦᠨᠳᠦᠯᠡᠬᠦ ᠰᠡᠳᠬᠢᠯᠭᠡ ᠶᠢ ᠦᠷᠭᠦᠯᠵᠢ ᠡᠪᠦᠷᠯᠡᠨ᠂ ᠨᠠᠰᠤᠲᠠᠨ ᠢᠶᠠᠨ | ᠠᠴᠢᠯᠠᠬᠤ ᠰᠤᠷᠲᠠᠯ ᠢ ᠦᠷᠭᠦᠯᠵᠢ ᠪᠠᠳᠠᠷᠠᠭᠤᠯᠵᠤ᠂ ᠨᠠᠰᠤᠲᠠᠨ ᠢᠶᠠᠨ ᠬᠠᠪᠰᠤᠷᠬᠤ ᠶᠠᠪᠤᠳᠠᠯ ᠢ ᠦᠷᠭᠦᠯᠵᠢ ᠬᠢᠵᠦ᠂ ︽ | ᠥᠲᠡᠯᠪᠡᠯ ᠠᠰᠠᠷᠠᠮᠵᠢ ᠲᠠᠢ᠂ ᠡᠮᠨᠡᠯᠭᠡ ᠲᠠᠢ᠂ ᠰᠤᠷᠭᠠᠨ ᠬᠥᠮᠦᠵᠢᠯ ᠲᠠᠢ᠂ ᠥᠲᠡᠯᠪᠡᠯ ᠬᠢᠬᠦ ᠶᠠᠭᠤᠮ᠎ᠠ ᠲᠠᠢ᠂ ᠪᠠᠶᠠᠷ | ᠴᠡᠩᠭᠡᠯ ᠲᠠᠢ︾ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠤᠷᠳᠤ ᠨᠠᠰᠤᠯᠠᠬᠤ ᠠᠮᠢ | ᠨᠠᠰᠤ ᠶᠢ ᠨᠡᠩ ᠤᠳᠬ᠎ᠠ ᠠᠭᠤᠯᠭ᠎ᠠ ᠲᠠᠢ᠂ ᠨᠡᠩ ᠦᠨ᠎ᠡ ᠦᠷᠳᠡᠭ ᠲᠠᠢ ᠪᠤᠯᠭᠠᠨ᠂ ᠨᠠᠰᠤᠲᠠᠶᠢᠴᠤᠳ ᠲᠤ ᠠᠮᠤᠷ | ᠲᠣᠭᠲᠠᠭᠤᠨ᠂ ᠵᠣᠯ ᠵᠢᠷᠭᠠᠯ ᠲᠠᠢ ᠥᠲᠡᠯᠦᠭᠡ ᠨᠠᠰᠤᠨ ᠤ ᠠᠮᠢᠳᠤᠷᠠᠯ ᠢ ᠡᠳ᠋ᠯᠡᠭᠦᠯᠬᠦ ᠬᠡᠷᠡᠭᠲᠡᠢ᠃ | ᠪᠢᠳᠡ ᠥᠷᠭᠡᠨ ᠤᠯᠠᠨ ᠨᠠᠰᠤᠲᠠᠶᠢᠴᠤᠳ ᠤᠨ ᠥᠨᠢ ᠡᠭᠦᠷᠢᠳᠡ ᠣᠷᠣᠰᠢᠨ ᠰᠠᠭᠤᠵᠤ᠂ ᠦᠷᠭᠦᠯᠵᠢᠯᠡᠨ ᠡᠷᠡᠭᠦᠯ | ᠥᠭᠡᠳᠡᠷᠬᠡᠭ ᠰᠡᠳᠬᠢᠴᠡ᠂ ᠪᠠᠶᠠᠰᠤᠩᠭᠤᠶ ᠢᠳᠡᠪᠬᠢᠲᠡᠶ ᠵᠣᠷᠢᠭ ᠰᠠᠨᠠᠭ᠎ᠠ ᠲᠠᠢ ᠪᠠᠶᠢᠵᠤ᠂ ᠡᠯᠪᠡᠭ ᠪᠠᠶᠠᠯᠢᠭ ᠤᠶᠤᠨ | ᠤᠬᠠᠭᠠᠨ ᠪᠠ ᠡᠷᠬᠢᠮ ᠨᠠᠨᠳᠢᠨ ᠲᠤᠷᠰᠢᠯᠭ᠎ᠠ ᠪᠠᠷ ᠢᠶᠠᠨ ᠰᠢᠨ᠎ᠡ ᠹᠧᠩᠵᠧᠨ ᠢ ᠪᠦᠳᠦᠭᠡᠨ ᠪᠠᠶᠢᠭᠤᠯᠬᠤ ᠳᠤ ᠰᠢᠨ᠎ᠡ | ᠬᠤᠪᠢ ᠨᠡᠮᠡᠷᠢ ᠪᠠᠨ ᠦᠵᠡᠭᠦᠯᠬᠦ ᠶᠢ ᠵᠦᠩᠨᠡᠶ᠎ᠡ︕ ᠨᠠᠰᠤᠲᠠᠶᠢᠴᠤᠳ ᠤᠨ ᠵᠣᠯ ᠵᠢᠷᠭᠠᠯ ᠲᠠᠢ ᠪᠠᠶᠠᠷ ᠪᠠᠶᠠᠰᠤᠯ ᠲᠠᠢ᠂ | ᠠᠮᠢᠳᠤᠷᠠᠯ ᠰᠠᠶᠢᠨ ᠰᠠᠶᠢᠬᠠᠨ᠂ ᠤᠷᠳᠤ ᠨᠠᠰᠤᠯᠠᠵᠤ ᠤᠳᠠᠭᠠᠨ ᠵᠢᠷᠭᠠᠬᠤ ᠶᠢ ᠴᠢᠩ ᠰᠡᠳᠬᠢᠯ ᠠᠴᠠ ᠪᠠᠨ ᠪᠡᠯᠭᠡᠳᠡᠶ᠎ᠡ︕ | | | ᠹᠧᠩᠵᠧᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ | ᠹᠧᠩᠵᠧᠨ ᠬᠤᠲᠠ ᠶᠢᠨ ᠨᠠᠰᠤᠲᠠᠶᠢᠴᠤᠳ ᠤᠨ ᠵᠥᠪᠯᠡᠯ ᠤᠨ ᠠᠯᠪᠠᠨ ᠭᠡᠷ | 2021 ᠣᠨ ᠤ 10 ᠰᠠᠷ᠎ᠠ ᠶᠢᠨ 10 ᠤ ᠡᠳᠦᠷ | | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |