2021 ᠣᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠩᠭᠢ ᠡᠷᠭᠢᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/10/21
   ᠮᠠᠨ ᠤ ᠬᠤᠲᠠ ᠶᠢᠨ ᠬᠤᠲᠠ ᠬᠥᠳᠡᠭᠡ ᠶᠢᠨ ᠠᠵᠢᠯ ᠠᠯᠳᠠᠭᠰᠠᠳ ᠤᠨ ᠠᠵᠢᠯ ᠤᠯᠬᠤ ᠮᠡᠷᠭᠡᠵᠢᠯ ᠴᠢᠳᠠᠪᠤᠷᠢ ᠶᠢᠨ ᠠᠵᠢᠯ ᠢ ᠠᠬᠢᠭᠤᠯᠤᠨ᠂ ᠠᠵᠢᠯ ᠤᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠨᠠᠩ ᠴᠢᠨᠠᠷ ᠰᠠᠶᠢᠲᠠᠶ᠂ ᠨᠠᠩ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠶᠢᠨ ᠲᠥᠯᠥᠭᠡ᠂ ᠰᠤᠳᠤᠯᠬᠤ ᠪᠠᠷ ᠳᠡᠮᠵᠢᠨ᠂ 2021 ᠣᠨ ᠤ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠤᠨ ᠠᠩᠭᠢ ᠡᠷᠭᠢᠯᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠪᠣᠯᠪᠠᠰᠤᠷᠠᠭᠤᠯᠤᠯ ᠤᠨ ᠡᠲᠡᠭᠡᠳ    ᠮᠠᠨ ᠤ ᠬᠤᠲᠠ ᠳᠤ ᠪᠠᠶᠢᠩᠭᠤ ᠰᠠᠭᠤᠭ᠎ᠠ ᠪᠥᠭᠡᠳ ᠪᠤᠯᠪᠠᠰᠤᠷᠠᠭᠤᠯᠤᠯ ᠬᠦᠷᠲᠡᠬᠦ ᠬᠦᠰᠡᠯ ᠲᠠᠢ ᠪᠥᠭᠡᠳ ᠪᠡᠶ᠎ᠡ ᠪᠠᠨ ᠳᠠᠭᠠᠭᠠᠬᠤ ᠴᠢᠳᠠᠪᠤᠷᠢ ᠲᠠᠢ᠂ ᠮᠡᠷᠭᠡᠵᠢᠯ ᠴᠢᠳᠠᠪᠤᠷᠢ ᠶᠢᠨ ᠮᠡᠳᠡᠯᠭᠡ ᠰᠤᠷᠬᠤ ᠬᠦᠰᠡᠯ ᠲᠠᠢ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠬᠥᠳᠡᠭᠡ ᠲᠣᠰᠬᠤᠨ ᠠᠴᠠ ᠰᠢᠯᠵᠢᠵᠦ ᠠᠵᠢᠯ ᠣᠯᠤᠭᠰᠠᠨ ᠬᠥᠳᠡᠯᠮᠦᠷᠢᠴᠢᠳ᠂ ᠴᠡᠷᠢᠭ ᠠᠴᠠ ᠬᠠᠯᠠᠭᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠦᠰ᠂ ᠬᠤᠲᠠ ᠬᠥᠳᠡᠭᠡ ᠶᠢᠨ ᠦᠷᠭᠦᠯᠵᠢᠯᠡᠨ ᠰᠤᠷᠭᠠᠭᠤᠯᠢ ᠳᠠᠪᠰᠢᠭᠰᠠᠨ ᠦᠭᠡᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠨ ᠰᠤᠷᠤᠭᠴᠢ ᠵᠡᠷᠭᠡ ᠬᠤᠲᠠ ᠬᠥᠳᠡᠭᠡ ᠶᠢᠨ ᠡᠯ᠎ᠡ ᠲᠥᠷᠥᠯ ᠤᠨ ᠬᠥᠳᠡᠯᠮᠦᠷᠢ ᠶᠢᠨ ᠬᠦᠴᠦᠨ᠃    ᠬᠤᠶᠠᠷ᠂ ᠨᠡᠷ᠎ᠡ ᠮᠡᠳᠡᠭᠦᠯᠬᠦ ᠴᠠᠭ ᠵᠢᠴᠢ ᠭᠠᠵᠠᠷ    ︵ᠨᠢᠭᠡ︶ ᠨᠡᠷ᠎ᠡ ᠮᠡᠳᠡᠭᠦᠯᠬᠦ ᠬᠤᠭᠤᠴᠠᠭ᠎ᠠ᠄ ᠪᠠᠶᠢᠩᠭᠤ ᠳᠤ ᠪᠠᠨ ᠰᠣᠷᠣᠭᠴᠢ ᠡᠯᠰᠡᠨ᠎ᠡ    ︵ᠬᠤᠶᠠᠷ︶ ᠨᠡᠷ᠎ᠡ ᠮᠡᠳᠡᠭᠦᠯᠬᠦ ᠭᠠᠵᠠᠷ᠄ ᠹᠧᠩᠵᠧᠨ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠶᠤᠸᠠᠨ ᠰᠢᠨ ᠬᠥᠳᠡᠯᠭᠡᠬᠦ ᠬᠦᠴᠦᠨ ᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ    ᠭᠤᠷᠪᠠ᠂ ᠪᠣᠯᠪᠠᠰᠤᠷᠠᠭᠤᠯᠬᠤ ᠠᠵᠢᠯ ᠲᠥᠷᠥᠯ    ᠴᠠᠬᠢᠯᠭᠠᠨ ᠤ ᠠᠵᠢᠯ᠂ ᠭᠠᠩᠨᠠᠭᠤᠷᠴᠢᠨ᠂ ᠪᠣᠯᠣᠳ ᠰᠢᠷᠪᠥᠰᠥᠨ ᠤ ᠠᠵᠢᠯᠴᠢᠨ᠂ ᠭᠠᠷ ᠤᠷᠠᠯᠠᠯ ᠤᠨ ᠮᠤᠳᠤᠴᠢᠨ ᠂ ᠤᠰᠤ ᠳᠤᠯᠠᠭᠠᠯᠠᠭᠴᠢ ᠶᠢᠨ ᠠᠵᠢᠯ᠂ ᠵᠢᠶᠠᠰᠠ ᠶᠢᠨ ᠠᠵᠢᠯ᠂ ᠪᠠᠷᠢᠯᠭ᠎ᠠ ᠶᠢᠨ ᠠᠵᠢᠯ᠂ ᠬᠦᠨᠳᠦ ᠶᠢ ᠡᠷᠭᠦᠬᠦ ᠠᠴᠢᠬᠤ ᠪᠠᠭᠤᠯᠭᠠᠬᠤ ᠮᠠᠰᠢᠨ ᠤ ᠠᠵᠢᠯ᠂ ᠬᠢᠲᠠᠳ ᠮᠠᠶ᠋ᠢᠭ ᠤᠨ ᠬᠠᠭᠤᠷᠤᠯᠭ᠎ᠠ ᠶᠢᠨ ᠠᠵᠢᠯ᠂ ᠬᠢᠲᠠᠳ ᠮᠠᠶ᠋ᠢᠭ ᠤᠨ ᠭᠤᠯᠢᠷ ᠤᠨ ᠠᠵᠢᠯ᠂ ᠵᠢᠰᠦ ᠭᠤᠶᠣᠯᠠᠭᠴᠢ᠂ ᠦᠰᠦ ᠭᠤᠶᠣᠯᠠᠭᠴᠢ ᠪᠠ ᠨᠢᠯᠬ᠎ᠠ ᠬᠡᠤᠬᠡᠳ ᠤᠨ ᠠᠵᠢᠯ᠂ ᠬᠡᠷ ᠠᠬᠤᠶ ᠶᠢᠨ ᠰᠤᠪᠢᠯᠠᠯᠲᠠ᠂ ᠨᠠᠰᠤᠵᠢᠯ ᠤᠨ ᠠᠰᠠᠷᠠᠮᠵᠢ ᠶᠢᠨ ᠠᠵᠢᠯ ᠵᠡᠷᠭᠡ ᠡᠷᠡᠭᠦᠯ ᠢ ᠬᠠᠮᠠᠭᠠᠯᠠᠬᠤ ᠲᠥᠷᠥᠯ ᠤᠨ ᠠᠵᠢᠯ ᠲᠥᠷᠥᠯ᠃    ᠳᠥᠷᠪᠡ᠂ ᠨᠡᠷ᠎ᠡ ᠮᠡᠳᠡᠭᠦᠯᠬᠦ ᠠᠷᠭ᠎ᠠ    ᠪᠡᠶ᠎ᠡ ᠶᠢᠨ ᠦᠨᠡᠮᠯᠡᠯ ᠤᠨ ᠵᠥᠪ ᠪᠤᠷᠤᠭᠤ ᠲᠠᠯ᠎ᠠ ᠶᠢᠨ ᠬᠠᠭᠤᠯᠪᠤᠷᠢ ᠨᠢᠭᠡ ᠬᠤᠪᠢ᠂ ᠡᠷᠦᠬᠡ ᠠᠮᠠ ᠶᠢᠨ ᠡᠷᠦᠬᠡ ᠶᠢᠨ ᠡᠵᠡᠨ ᠤ ᠲᠣᠰ ᠬᠥᠮᠦᠨ ᠤ ᠬᠠᠭᠤᠳᠠᠰᠤᠨ ᠤ ᠬᠠᠭᠤᠯᠪᠤᠷᠢ ᠨᠢᠭᠡ ᠬᠤᠪᠢ᠂ ᠴᠠᠭᠠᠨ ᠳᠡᠪᠢᠰᠬᠡᠷ ᠲᠠᠢ ᠬᠤᠶᠠᠷ ᠢᠮᠠᠬᠤ ᠶᠢᠨ ᠰᠡᠭᠦᠳᠡᠷ ᠬᠤᠶᠠᠷ ᠬᠤᠪᠢ ᠬᠡᠷᠡᠭᠰᠡᠨ᠎ᠡ᠃    ᠲᠠᠪᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠᠷ ᠲᠡᠳᠬᠦᠬᠦ    1. ᠪᠣᠯᠪᠠᠰᠤᠷᠠᠭᠤᠯᠤᠯ ᠤᠨ ᠠᠵᠢᠯᠲᠠᠨ ᠪᠣᠯᠪᠠᠰᠤᠷᠠᠭᠤᠯᠤᠯ ᠤᠨ ᠬᠢᠨᠠᠨ ᠲᠣᠭᠲᠠᠭᠠᠬᠤ ᠰᠢᠯᠭᠠᠯᠲᠠ ᠳᠤ ᠣᠷᠣᠯᠴᠠᠭᠠᠳ ᠬᠢᠷᠢ ᠲᠡᠩᠴᠡᠭᠰᠡᠨ ᠤ ᠳᠠᠷᠠᠭ᠎ᠠ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ᠂ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠪᠠ ᠪᠣᠯᠪᠠᠰᠤᠷᠠᠭᠤᠯᠤᠯ ᠤᠨ ᠬᠢᠷᠢ ᠲᠡᠩᠴᠡᠭᠰᠡᠨ ᠦᠨᠡᠮᠯᠡᠯ ᠢ ᠤᠯᠭᠤᠨ᠎ᠠ᠃    2. ᠲᠤᠰ ᠤᠳᠠᠭᠠᠨ ᠤ ᠪᠣᠯᠪᠠᠰᠤᠷᠠᠭᠤᠯᠤᠯ ᠳᠤ ᠶᠠᠮᠠᠷ ᠴᠤ ᠰᠦᠢᠳᠬᠡᠯ ᠬᠤᠷᠢᠶᠠᠬᠤ ᠦᠭᠡᠶ᠃            ᠹᠧᠩᠵᠧᠨ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ                         2021 ᠣᠨ ᠤ 10 ᠰᠠᠷ᠎ᠠ          ᠤᠷᠴᠢᠭᠤᠯᠤᠬᠴᠢ᠄ ᠬᠠᠨ ᠰᠢᠶᠤᠤ ᠿᠦᠩ          ᠬᠢᠨᠠᠬᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3