| ᠮᠠᠨ ᠤ ᠬᠤᠲᠠ ᠶᠢᠨ ᠬᠤᠲᠠ ᠬᠥᠳᠡᠭᠡ ᠶᠢᠨ ᠠᠵᠢᠯ ᠠᠯᠳᠠᠭᠰᠠᠳ ᠤᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠶᠢ ᠳᠥᠯᠭᠢᠨ ᠠᠬᠢᠭᠤᠯᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠵᠦ᠂ ᠨᠠᠩ ᠴᠢᠨᠠᠷ ᠰᠠᠶᠢᠲᠠᠶ᠂ ᠨᠠᠩ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠶᠢᠨ ᠲᠥᠯᠥᠭᠡ᠂ | ᠰᠤᠳᠤᠯᠬᠤ ᠪᠠᠷ ᠳᠡᠮᠵᠢᠨ᠂ 2021 ᠣᠨ ᠤ ᠠᠳᠠᠯ ᠦᠢᠯᠡᠰ ᠴᠣᠭᠴᠠᠯᠠᠬᠤ ᠪᠤᠯᠪᠠᠰᠤᠷᠠᠭᠤᠯᠤᠯ ᠤᠨ ᠠᠩᠭᠢ | ᠡᠷᠭᠢᠯᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠪᠣᠯᠪᠠᠰᠤᠷᠠᠭᠤᠯᠤᠯ ᠤᠨ ᠡᠲᠡᠭᠡᠳ | ᠮᠠᠨ ᠤ ᠬᠤᠲᠠ ᠳᠤ ᠪᠠᠶᠢᠩᠭᠤ ᠰᠠᠭᠤᠭ᠎ᠠ᠂ ᠠᠳᠠᠯ ᠦᠢᠯᠡᠰ ᠴᠣᠭᠴᠠᠯᠠᠬᠤ ᠬᠦᠰᠡᠯ ᠲᠠᠢ ᠪᠥᠭᠡᠳ ᠪᠡᠶ᠎ᠡ ᠪᠠᠨ | ᠳᠠᠭᠠᠭᠠᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠲᠠᠢ᠂ ᠠᠳᠠᠯ ᠦᠢᠯᠡᠰ ᠴᠣᠭᠴᠠᠯᠠᠬᠤ ᠮᠡᠳᠡᠯᠭᠡ ᠶᠢ ᠰᠤᠷᠬᠤ | ᠬᠦᠰᠡᠯ ᠲᠠᠢ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ | ᠬᠥᠮᠦᠰ᠂ ᠴᠡᠷᠢᠭ ᠠᠴᠠ ᠬᠠᠯᠠᠭᠳᠠᠭᠰᠠᠳ᠂ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ᠂ | ᠳᠡᠭᠡᠳᠦ ᠰᠤᠷᠭᠠᠭᠤᠯᠢ ᠲᠡᠭᠦᠰᠦᠭᠰᠡᠳ᠂ ᠢᠯᠡᠬᠦᠳᠡᠮᠡᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠠ ᠠᠵᠢᠯ | ᠠᠯᠳᠠᠭᠰᠠᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠬᠥᠯᠥᠰᠥᠨ ᠠᠵᠢᠯᠴᠢᠨ᠂ ᠰᠦᠯᠵᠢᠶᠡᠨ ᠤ | ᠬᠤᠳᠠᠯᠳᠤᠭᠠᠴᠢᠨ ᠡᠷᠦᠬᠡ ᠵᠡᠷᠭᠡ ᠬᠤᠲᠠ ᠬᠥᠳᠡᠭᠡ ᠶᠢᠨ ᠡᠯ᠎ᠡ ᠲᠥᠷᠥᠯ ᠤᠨ ᠬᠥᠳᠡᠯᠮᠦᠷᠢ ᠶᠢᠨ ᠬᠦᠴᠦᠨ᠃ | ᠬᠤᠶᠠᠷ᠂ ᠨᠡᠷ᠎ᠡ ᠮᠡᠳᠡᠭᠦᠯᠬᠦ ᠴᠠᠭ ᠵᠢᠴᠢ ᠭᠠᠵᠠᠷ | ︵ᠨᠢᠭᠡ︶ ᠨᠡᠷ᠎ᠡ ᠮᠡᠳᠡᠭᠦᠯᠬᠦ ᠴᠠᠭ᠄ 2021 ᠣᠨ ᠤ 10 ᠰᠠᠷ᠎ᠠ ᠠᠴᠠ ᠡᠬᠢᠯᠡᠨ ᠬᠦᠮᠦᠨ ᠤ ᠲᠤᠭ᠎ᠠ | ᠭᠦᠢᠴᠡᠳᠡᠯᠡ᠃ | ︵ᠬᠤᠶᠠᠷ︶ ᠨᠡᠷ᠎ᠡ ᠮᠡᠳᠡᠭᠦᠯᠬᠦ ᠭᠠᠵᠠᠷ᠄ ᠹᠧᠩᠵᠧᠨ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠬᠤᠶᠠᠳᠤᠭᠠᠷ ᠳᠠᠪᠬᠤᠷᠭ᠎ᠠ ᠶᠢᠨ 206᠃ | ᠭᠤᠷᠪᠠ᠂ ᠪᠣᠯᠪᠠᠰᠤᠷᠠᠭᠤᠯᠤᠯ ᠤᠨ ᠠᠭᠤᠯᠭ᠎ᠠ᠂ ᠴᠠᠭ ᠬᠤᠭᠤᠴᠠᠭ᠎ᠠ ᠬᠢᠭᠡᠳ ᠠᠷᠭ᠎ᠠ ᠮᠠᠶ᠋ᠢᠭ | ︵ᠨᠢᠭᠡ︶ ᠪᠣᠯᠪᠠᠰᠤᠷᠠᠭᠤᠯᠤᠯ ᠤᠨ ᠠᠭᠤᠯᠭ᠎ᠠ᠄ ︽ᠲᠠᠨ ᠤ ᠠᠵᠤ ᠠᠬᠤᠶᠢᠯᠠᠯ ︵SYB︶ ᠢᠶᠠᠨ ᠡᠭᠦᠳᠦᠨ | ᠡᠷᠭᠢᠯᠡᠬᠦ︾ ᠭᠡᠬᠦ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ ᠢᠶᠠᠷ ᠭᠤᠤᠯᠳᠠᠯᠭ᠎ᠠ ᠪᠣᠯᠭᠠᠵᠤ᠂ ᠠᠳᠠᠯ ᠦᠢᠯᠡᠰ | ᠴᠣᠭᠴᠠᠯᠠᠬᠤ ᠦᠵᠡᠯ ᠤᠬᠠᠮᠰᠠᠷ᠂ ᠠᠵᠤ ᠠᠬᠤᠶᠢᠯᠠᠯ ᠤᠨ ᠰᠡᠳᠬᠢᠮᠵᠢ᠂ ᠵᠠᠬ᠎ᠠ ᠳᠡᠯᠭᠡᠭᠦᠷ ᠤᠨ ᠦᠨᠡᠯᠡᠨ ᠵᠢᠱᠢᠯᠲᠡ᠂ | ᠠᠵᠤ ᠠᠬᠤᠶᠢᠯᠠᠯ ᠤᠨ ᠠᠵᠢᠯᠲᠠᠨ ᠤ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ | ᠬᠡᠯᠪᠡᠷᠢ ᠪᠠᠶᠢᠳᠠᠯ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠠᠰᠢᠭ ᠬᠤᠨᠵᠢᠪᠣᠷᠢ ᠶᠢᠨ | ᠲᠥᠯᠥᠪᠯᠡᠭᠡ ᠵᠡᠷᠭᠡ ᠠᠭᠤᠯᠭ᠎ᠠ ᠶᠢᠨ ᠲᠣᠭᠤᠷᠢᠨ ᠳᠤ ᠪᠣᠯᠪᠠᠰᠤᠷᠠᠭᠤᠯᠤᠯ ᠥᠷᠨᠢᠭᠦᠯᠦᠨ᠎ᠡ᠃ | ︵ᠬᠤᠶᠠᠷ︶ ᠪᠣᠯᠪᠠᠰᠤᠷᠠᠭᠤᠯᠬᠤ ᠴᠠᠭ᠄ ᠬᠤᠭᠤᠴᠠᠭ᠎ᠠ ᠪᠦᠷᠢ ᠶᠢᠨ ᠪᠣᠯᠪᠠᠰᠤᠷᠠᠭᠤᠯᠬᠤ ᠴᠠᠭ ᠨᠢ 10 ᠡᠳᠦᠷ᠂ | ᠪᠣᠳᠠᠲᠠᠶ ᠪᠣᠯᠪᠠᠰᠤᠷᠠᠭᠤᠯᠬᠤ ᠴᠠᠭ ᠢ ᠠᠰ ᠲᠤᠨᠢ ᠮᠡᠳᠡᠭᠳᠡᠨ᠎ᠡ᠃ | ︵ᠭᠤᠷᠪᠠ︶ ᠪᠣᠯᠪᠠᠰᠤᠷᠠᠭᠤᠯᠤᠯ ᠤᠨ ᠠᠷᠭ᠎ᠠ ᠮᠠᠶ᠋ᠢᠭ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠢ ᠦᠨᠳᠦᠰᠦᠯᠡᠨ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠰᠦᠯᠵᠢᠶᠡᠨ ᠳᠡᠭᠡᠷ᠎ᠡ | ᠪᠣᠯᠪᠠᠰᠤᠷᠠᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ | ᠳᠥᠷᠪᠡ᠂ ᠨᠡᠷ᠎ᠡ ᠮᠡᠳᠡᠭᠦᠯᠬᠦ ᠠᠷᠭ᠎ᠠ | ᠪᠡᠶ᠎ᠡ ᠶᠢᠨ ᠦᠨᠡᠮᠯᠡᠯ ᠤᠨ ᠬᠠᠭᠤᠯᠪᠤᠷᠢ ᠨᠢᠭᠡ ᠬᠠᠭᠤᠳᠠᠰᠤ᠂ ᠡᠷᠦᠬᠡ ᠠᠮᠠ ᠶᠢᠨ ᠬᠠᠭᠤᠯᠪᠤᠷᠢ ᠨᠢᠭᠡ ᠬᠠᠭᠤᠳᠠᠰᠤ | ᠂ ᠤᠯᠠᠭᠠᠨ ᠳᠡᠪᠢᠰᠬᠡᠷ ᠲᠠᠢ ᠬᠤᠶᠠᠷ ᠢᠮᠠᠬᠤ ᠶᠢᠨ ᠦᠨᠡᠮᠯᠡᠯ ᠬᠤᠶᠠᠷ ᠬᠠᠭᠤᠳᠠᠰᠤ᠂ ᠠᠵᠢᠯ ᠣᠯᠤᠭᠰᠠᠨ ᠪᠠ ᠠᠵᠢᠯ | ᠠᠯᠳᠠᠭᠰᠠᠨ ᠳᠡᠩᠰᠡᠯᠡᠯᠲᠡ ᠶᠢᠨ ᠦᠨᠡᠮᠯᠡᠯ ᠤᠨ ᠬᠠᠭᠤᠯᠪᠤᠷᠢ ᠨᠢᠭᠡ ᠬᠠᠭᠤᠳᠠᠰᠤ ᠠᠪᠴᠤ ᠬᠤᠲᠠ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠭ᠎ᠠ ᠶᠢᠨ 206 ᠳᠤ ᠬᠦᠷᠴᠦ ᠨᠡᠷ᠎ᠡ | ᠮᠡᠳᠡᠭᠦᠯᠦᠨ᠎ᠡ᠃ | ᠲᠠᠪᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠳᠡᠳᠭᠦᠮᠵᠢ | 1. ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ︽ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ | ᠬᠢᠷᠢ ᠲᠡᠩᠴᠡᠭᠰᠡᠨ ᠦᠨᠡᠮᠯᠡᠯ︾ ᠲᠠᠢ ᠮᠥᠷᠲᠡᠭᠡᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ | ᠣᠯᠭᠤᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠨᠡᠶᠢᠴᠡᠪᠡᠯ ᠬᠠᠮᠤᠭ ᠠᠷᠪᠢᠨ ᠳᠠᠭᠠᠨ 20 ᠲᠦᠮᠡᠨ | ᠲᠥᠭᠦᠷᠢᠭ ᠤᠨ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠮ ᠬᠦᠤ ᠲᠠᠢ ᠵᠢᠭᠡᠯᠡᠯᠭᠡ ᠭᠥᠷᠳᠡᠵᠦ ᠪᠣᠯᠤᠨ᠎ᠠ᠃ | | 2. ᠲᠤᠰ ᠤᠳᠠᠭᠠᠨ ᠤ ᠪᠣᠯᠪᠠᠰᠤᠷᠠᠭᠤᠯᠤᠯ ᠳᠤ ᠶᠠᠮᠠᠷ ᠴᠤ ᠰᠦᠢᠳᠬᠡᠯ ᠬᠤᠷᠢᠶᠠᠬᠤ ᠦᠭᠡᠶ᠃ | | ᠹᠧᠩᠵᠧᠨ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ | 2021 ᠣᠨ ᠤ 10 ᠰᠠᠷ᠎ᠠ | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |