| ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ | ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ | ᠬᠢᠨᠠᠨ ᠵᠢᠯᠣᠭᠤᠳᠬᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠦᠯᠦᠭᠡ᠂ | ᠮᠠᠨ ᠤ ᠬᠤᠲᠠ ᠶᠢᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠣᠨᠴᠠᠭᠠᠶᠢᠯᠠᠨ | ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠪᠦᠬᠦ ᠤᠯᠤᠰ ᠤᠨ | ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ | ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠬᠠᠮᠢᠶᠠᠷᠤᠯᠲᠠ ᠶᠢᠨ ᠪᠠᠶᠢᠭᠤᠯᠤᠯ᠂ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠠᠵᠢᠯᠯᠠᠭᠠᠨ ᠤ ᠲᠣᠭᠲᠠᠴᠠ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠤᠭᠰᠠᠨ ᠦᠷ᠎ᠡ ᠳ᠋ᠦᠩ ᠤᠨ | ᠬᠡᠷᠡᠭᠯᠡᠯᠲᠡ ᠵᠡᠷᠭᠡ ᠲᠠᠯ᠎ᠠ ᠪᠠᠷ ᠨᠢᠭᠲᠠ ᠤᠶᠠᠯᠳᠤᠭᠤᠯᠤᠨ᠂ 2022 ᠣᠨ ᠪᠣᠯᠬᠤ ᠳᠤ ᠪᠥᠬᠦ ᠲᠠᠯ᠎ᠠ ᠶᠢ | ᠬᠠᠮᠤᠷᠤᠭᠰᠠᠨ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠦᠷ᠎ᠡ ᠳ᠋ᠦᠩ ᠨᠢ ᠡᠷᠬᠡ ᠰᠦᠷ ᠲᠠᠢ᠂ ᠬᠠᠷᠢᠭᠤᠴᠠᠯᠭ᠎ᠠ | ᠨᠡᠬᠡᠮᠵᠢᠯᠡᠬᠦ ᠳᠤ ᠬᠦᠴᠦᠲᠡᠶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠯ ᠲᠣᠭᠲᠠᠴᠠ ᠶᠢ | ᠦᠨᠳᠦᠰᠦᠨ ᠳᠡᠭᠡᠨ ᠪᠠᠶᠢᠭᠤᠯᠬᠤ ᠪᠠᠷ ᠴᠢᠷᠮᠠᠶᠢᠨ᠎ᠠ᠃ ᠵᠠᠰᠠᠭ ᠢ ᠬᠢᠨᠠᠨ ᠪᠠᠶᠢᠴᠠᠭᠠᠬᠤ ᠲᠠᠯ᠎ᠠ ᠪᠠᠷ᠂ ᠰᠢᠶᠠᠩ ᠪᠠᠯᠭᠠᠰᠤ | ᠵᠢᠴᠢ ᠲᠡᠭᠦᠨ ᠤ ᠬᠤᠯᠪᠣᠭᠳᠠᠯ ᠪᠥᠬᠦᠶ ᠡᠭᠦᠷᠭᠡ ᠴᠢᠳᠠᠮᠵᠢᠳᠤ ᠰᠠᠯᠠᠭ᠎ᠠ ᠮᠥᠴᠢᠷ ᠤᠨ ᠰᠤᠷᠭᠠᠨ ᠬᠥᠮᠦᠵᠢᠯ ᠤᠨ | ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠶᠢ ᠬᠢᠨᠠᠨ ᠵᠢᠯᠣᠭᠤᠳᠴᠤ ᠦᠨᠡᠯᠡᠬᠦ ᠶᠢ ᠦᠷᠭᠦᠯᠵᠢᠯᠡᠨ ᠥᠷᠨᠢᠭᠦᠯᠵᠦ᠂ | ᠲᠡᠳᠡᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠦᠢᠴᠡᠳᠭᠡᠭᠦ ᠶᠢ | ᠰᠢᠮᠳᠠᠭᠤᠯᠤᠨ᠎ᠠ᠃ ᠰᠤᠷᠭᠠᠭᠤᠯᠢ ᠬᠢᠨᠠᠬᠤ ᠲᠠᠯ᠎ᠠ ᠪᠠᠷ᠂ ᠰᠤᠷᠭᠠᠭᠤᠯᠢ ᠡᠷᠭᠢᠯᠡᠬᠦ ᠶᠢ ᠬᠠᠤᠯᠢ ᠶᠣᠰᠣᠭᠠᠷ | ᠵᠢᠷᠤᠮᠵᠢᠭᠤᠯᠬᠤ᠂ ᠰᠤᠷᠭᠠᠨ ᠬᠥᠮᠦᠵᠢᠯᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠡᠯ᠎ᠡ ᠲᠥᠷᠣ᠋ ᠤᠨ ᠰᠤᠷᠭᠠᠭᠤᠯᠢ ᠪᠠ ᠪᠤᠰᠤᠳ ᠰᠤᠷᠭᠠᠨ ᠬᠥᠮᠦᠵᠢᠯ ᠤᠨ ᠪᠠᠶᠢᠭᠤᠯᠤᠮᠵᠢ ︵ᠳᠣᠷᠣᠭᠰᠢ ᠰᠤᠷᠭᠠᠭᠤᠯᠢ | ᠭᠡᠵᠦ ᠲᠣᠪᠴᠢᠯᠠᠨ᠎ᠠ︶ ᠶᠢᠨ ᠬᠢᠨᠠᠨ ᠵᠢᠯᠣᠭᠤᠳᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠰᠤᠷᠭᠠᠭᠤᠯᠢ ᠶᠢᠨ ᠥᠪᠡᠷᠮᠢᠴᠡ ᠣᠨᠴᠠᠯᠢᠭ ᠲᠠᠢ᠂ ᠬᠢᠷᠢ ᠲᠦᠪᠰᠢᠨ ᠲᠠᠢ ᠡᠷᠭᠢᠯᠡᠬᠦ ᠶᠢ ᠬᠥᠲᠥᠯᠦᠨ ᠵᠢᠯᠣᠭᠤᠳᠤᠨ᠎ᠠ᠃ | ᠦᠨᠡᠯᠡᠨ ᠵᠢᠱᠢᠵᠦ ᠬᠢᠨᠠᠨ ᠬᠡᠮᠵᠢᠬᠦ ᠲᠠᠯ᠎ᠠ ᠪᠠᠷ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠰᠠᠯᠠᠭ᠎ᠠ | ᠮᠥᠴᠢᠷ ᠤᠨ ᠨᠢᠭᠡᠳᠦᠯᠲᠡᠶ ᠰᠢᠰᠲ᠋ᠧᠮᠵᠢᠭᠦᠯᠦᠨ ᠬᠠᠮᠢᠶᠠᠷᠬᠤ᠂ ᠣᠯᠠᠨ ᠲᠠᠯ᠎ᠠ ᠶᠢᠨ ᠬᠢᠨ ᠣᠷᠣᠯᠴᠠᠭᠰᠠᠨ ᠰᠤᠷᠭᠠᠨ | ᠬᠥᠮᠦᠵᠢᠯ ᠤᠨ ᠦᠨᠡᠯᠡᠨ ᠵᠢᠱᠢᠵᠦ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ | ᠬᠠᠮᠢᠶᠠᠷᠤᠯᠲᠠ ᠶᠢ ᠰᠠᠶᠢᠵᠢᠷᠠᠭᠤᠯᠬᠤ᠂ ᠰᠤᠷᠭᠠᠨ ᠬᠥᠮᠦᠵᠢᠯ ᠤᠨ ᠰᠢᠢᠳᠪᠦᠷᠢᠳᠤ ᠪᠣᠳᠣᠯᠭ᠎ᠠ ᠶᠢ ᠰᠢᠯᠢᠳᠡᠭᠵᠢᠭᠦᠯᠬᠦ᠂ | ᠰᠤᠷᠭᠠᠨ ᠬᠥᠮᠦᠵᠢᠯ ᠤᠨ ᠠᠵᠢᠯ ᠢ ᠵᠢᠯᠣᠭᠤᠳᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ | ᠬᠤᠶᠠᠷ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠬᠠᠮᠢᠶᠠᠷᠬᠤ ᠪᠠᠶᠢᠭᠤᠯᠤᠯ ᠢ ᠰᠢᠯᠤᠭᠤᠳᠬᠠᠬᠤ | ᠬᠡᠷᠡᠭᠲᠡᠶ | ︵ᠨᠢᠭᠡ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ | ᠲᠡᠭᠦᠯᠳᠡᠷᠵᠢᠭᠦᠯᠦᠨ᠎ᠡ᠃ ᠬᠤᠲᠠ ᠶᠢᠨ ᠵᠠᠰᠠᠭ ᠤᠨ ᠣᠷᠳᠣᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ | ᠪᠠᠶᠢᠭᠤᠯᠵᠤ᠂ ᠬᠤᠲᠠ ᠶᠢᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠠᠵᠢᠯ ᠢ ᠬᠤᠪᠢᠳᠠᠨ ᠬᠠᠮᠢᠶᠠᠷᠴᠤ | ᠪᠠᠶᠢᠭ᠎ᠠ ᠳᠡᠳ᠋ ᠬᠤᠲᠠ ᠶᠢᠨ ᠳᠠᠷᠤᠭ᠎ᠠ ᠵᠥᠪᠯᠡᠯ ᠤᠨ ᠡᠷᠬᠢᠯᠡᠭᠴᠢ ᠪᠣᠯᠵᠤ᠂ ᠬᠤᠲᠠ ᠶᠢᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠪᠠ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ | ᠰᠤᠷᠭᠠᠨ ᠬᠥᠮᠦᠵᠢᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ ᠶᠢ ᠬᠠᠪᠰᠤᠷᠤᠨ ᠵᠥᠪᠯᠡᠯ ᠤᠨ | ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ᠂ ᠪᠦᠷᠢᠯᠳᠦᠬᠦᠨ ᠨᠢᠭᠡᠴᠡ ᠳᠤ ᠬᠤᠲᠠ ᠶᠢᠨ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠪᠯᠡᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ | ᠪᠠᠭᠲᠠᠨ᠎ᠠ᠃ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠢ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠲᠤᠬᠢᠷᠠᠭᠤᠯᠵᠦ᠂ ᠡᠳᠦᠷ ᠲᠤᠲᠤᠮ ᠤᠨ ᠬᠤᠲᠠ ᠶᠢᠨ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠶᠡᠷᠦᠩᠬᠡᠶ ᠵᠠᠬᠢᠷᠤᠭᠴᠢ ᠶᠢᠨ ᠰᠤᠷᠭᠠᠭᠤᠯᠢ ᠪᠠ ᠲᠤᠰᠬᠠᠶ ᠲᠤᠰᠢᠶᠠᠯ | ᠬᠠᠪᠰᠤᠷᠭᠠᠭᠰᠠᠨ ᠳᠡᠳ᠋ ᠶᠡᠷᠦᠩᠬᠡᠶ ᠵᠠᠬᠢᠷᠤᠭᠴᠢ ᠶᠢᠨ ᠰᠤᠷᠭᠠᠭᠤᠯᠢ ᠪᠠᠶᠢᠭᠤᠯᠵᠤ᠂ ᠪᠣᠳᠠᠲᠠᠶ ᠠᠵᠢᠯ ᠤᠨ | ᠨᠠᠶᠢᠳᠠᠪᠤᠷᠢᠵᠢᠭᠤᠯᠤᠯᠲᠠ ᠶᠢ ᠬᠠᠷᠢᠭᠤᠴᠠᠭᠤᠯᠤᠨ᠎ᠠ᠃ ᠮᠠᠨ ᠤ ᠬᠤᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠬᠢᠳᠡᠯ ᠲᠠᠢ ᠬᠠᠷᠢᠴᠠᠭᠤᠯᠵᠤ᠂ ᠬᠠᠮᠢᠶᠠᠷᠤᠯᠲᠠ ᠶᠢᠨ | ᠪᠠᠶᠢᠭᠤᠯᠤᠯ ᠢ ᠰᠢᠯᠤᠭᠤᠳᠬᠠᠨ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠰᠤᠷᠭᠠᠨ ᠬᠥᠮᠦᠵᠢᠯ ᠤᠨ | ᠬᠢᠨᠠᠨ ᠵᠢᠯᠣᠭᠤᠳᠬᠤ ᠬᠦᠴᠦᠨ ᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ | ᠪᠡᠶ᠎ᠡ ᠪᠠᠨ ᠳᠠᠭᠠᠭᠠᠵᠤ ᠡᠭᠦᠷᠭᠡ ᠴᠢᠳᠠᠮᠵᠢ ᠪᠠᠨ ᠬᠡᠷᠡᠭᠵᠢᠭᠦᠯᠬᠦ ᠶᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ︶ | ︵ᠬᠤᠶᠠᠷ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠡᠭᠦᠷᠭᠡ ᠴᠢᠳᠠᠮᠵᠢ ᠶᠢ ᠨᠠᠶᠢᠳᠠᠪᠤᠷᠢᠵᠢᠭᠤᠯᠤᠨ᠎ᠠ᠃ | ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ︽ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ | ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ ᠵᠠᠰᠠᠭ ᠢ ᠬᠢᠨᠠᠨ ᠪᠠᠶᠢᠴᠠᠭᠠᠬᠤ᠂ | ᠰᠤᠷᠭᠠᠭᠤᠯᠢ ᠶᠢ ᠬᠢᠨᠠᠨ ᠪᠠᠶᠢᠴᠠᠭᠠᠬᠤ᠂ ᠦᠨᠡᠯᠡᠨ ᠵᠢᠱᠢᠵᠦ ᠬᠢᠨᠠᠨ ᠬᠡᠮᠵᠢᠬᠦ ᠡᠭᠦᠷᠭᠡ ᠴᠢᠳᠠᠮᠵᠢ ᠶᠢ ᠪᠥᠬᠦ ᠲᠠᠯ᠎ᠠ ᠪᠠᠷ | ᠬᠦᠢᠴᠡᠳᠭᠡᠨ᠎ᠡ᠃ ᠵᠢᠯ ᠪᠦᠷᠢ ᠨᠢᠭᠡ ᠤᠳᠠᠭ᠎ᠠ ᠶᠡᠷᠤᠩᠬᠡᠢ ᠬᠢᠨᠠᠨ ᠵᠢᠯᠣᠭᠤᠳᠬᠤ ᠶᠢ ᠵᠣᠬᠢᠶᠠᠨ ᠪᠠᠶᠢᠭᠤᠯᠬᠤ ᠶᠢᠨ | ᠬᠠᠮᠲᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠰᠬᠠᠶ ᠲᠥᠷᠥᠯ ᠤᠨ ᠬᠢᠨᠠᠨ ᠵᠢᠯᠣᠭᠤᠳᠬᠤ ᠶᠢ ᠥᠷᠨᠢᠭᠦᠯᠬᠦ | ᠬᠡᠷᠡᠭᠲᠡᠶ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠬᠢᠨ ᠬᠢᠨᠠᠨ ᠵᠢᠯᠣᠭᠤᠳᠬᠤ ᠠᠵᠢᠯ ᠢ ᠴᠢᠨᠠᠷ | ᠰᠠᠶᠢᠲᠠᠢ ᠥᠷᠨᠢᠭᠦᠯᠵᠦ᠂ ᠠᠰᠠᠭᠤᠳᠠᠯ ᠢ ᠢᠯᠡᠷᠡᠬᠦᠯᠦᠨ᠂ ᠠᠰᠠᠭᠤᠳᠠᠯ ᠢ ᠣᠨᠣᠰᠢᠯᠠᠵᠤ᠂ ᠴᠡᠭᠴᠡᠯᠡᠨ | ᠰᠠᠶᠢᠵᠢᠷᠠᠭᠤᠯᠬᠤ ᠶᠢ ᠱᠠᠯᠠᠪᠳᠠᠭᠤᠯᠤᠨ᠂ ᠨᠠᠮ ᠪᠣᠯᠤᠨ ᠤᠯᠤᠰ ᠤᠨ ᠰᠤᠷᠭᠠᠨ ᠬᠥᠮᠦᠵᠢᠯ ᠤᠨ ᠴᠢᠭᠯᠡᠯᠲᠡ ᠲᠦᠷᠦ ᠶᠢᠨ | ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠠ ᠪᠤᠰᠤᠳ ᠪᠦᠷᠢᠯᠳᠦᠬᠦᠨ ᠨᠢᠭᠡᠴᠡ︶ | ︵ᠭᠤᠷᠪᠠ︶ ᠠᠵᠢᠯ ᠬᠤᠪᠢᠶᠠᠷᠢᠯᠠᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ ᠬᠤᠲᠠ ᠶᠢᠨ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠳᠡᠭᠡᠳᠦ ᠱᠠᠲᠤᠨ ᠤ ᠬᠢᠨᠠᠨ ᠵᠢᠯᠣᠭᠤᠳᠬᠤ ᠰᠠᠯᠠᠭ᠎ᠠ ᠮᠥᠴᠢᠷ ᠤᠨ | ᠬᠢᠨᠠᠨ ᠵᠢᠯᠣᠭᠤᠳᠬᠤ ᠶᠢ ᠬᠦᠯᠢᠶᠡᠬᠦ ᠶᠢ ᠬᠠᠷᠢᠭᠤᠴᠠᠨ᠎ᠠ᠃ ᠰᠤᠷᠭᠠᠭᠤᠯᠢ ᠠᠴᠠ ᠭᠠᠳᠠᠨᠠᠬᠢ ᠪᠤᠰᠤᠳ ᠰᠤᠷᠭᠠᠨ | ᠬᠥᠮᠦᠵᠢᠯ ᠤᠨ ᠪᠠᠶᠢᠭᠤᠯᠤᠮᠵᠢ ᠶᠢ ᠬᠢᠨᠠᠨ ᠵᠢᠯᠣᠭᠤᠳᠬᠤ ᠶᠢ ᠭᠤᠤᠯᠳᠠᠭᠤ ᠬᠤᠲᠠ ᠶᠢᠨ ᠰᠤᠷᠭᠠᠨ ᠬᠥᠮᠦᠵᠢᠯ ᠤᠨ | ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠤᠷᠭᠠᠨ | ᠬᠥᠮᠦᠵᠢᠯ ᠤᠨ ᠦᠨᠡᠯᠡᠨ ᠵᠢᠱᠢᠵᠦ ᠬᠢᠨᠠᠨ ᠬᠡᠮᠵᠢᠬᠦ ᠶᠢ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ | ᠵᠥᠪᠯᠡᠯ ᠤᠨ ᠠᠯᠪᠠᠨ ᠬᠡᠷ ᠠᠴᠠ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠶᠢᠨ ᠣᠨ ᠤ ᠠᠵᠢᠯ ᠤᠨ | ᠲᠥᠯᠥᠪᠯᠡᠭᠡ᠂ ᠳ᠋ᠦᠩᠨᠡᠯᠲᠡ᠂ ᠴᠢᠬᠤᠯᠠ ᠶᠡᠭᠡ ᠵᠦᠶ᠋ᠯᠡᠰ ᠪᠠ ᠬᠢᠨᠠᠨ ᠵᠢᠯᠣᠭᠤᠳᠤᠭᠰᠠᠨ ᠦᠷ᠎ᠡ ᠳ᠋ᠦᠩ ᠢᠶᠠᠨ ᠳᠡᠭᠡᠷ᠎ᠡ | ᠨᠢᠭᠡ ᠱᠠᠲᠤᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ | ︶ | ︵ᠳᠥᠷᠪᠡ︶ ᠪᠦᠷᠢᠯᠳᠦᠬᠦᠨ ᠨᠢᠭᠡᠴᠡ ᠶᠢᠨ ᠦᠢᠯᠡᠳᠦᠯ ᠢ ᠪᠠᠳᠠᠷᠠᠭᠤᠯᠤᠨ᠎ᠠ᠃ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠪᠠᠶᠢᠭᠤᠯᠤᠮᠵᠢ ᠶᠢᠨ ᠠᠵᠢᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠬᠠᠮᠢᠶ᠎ᠠ ᠪᠥᠬᠦᠶ | ᠨᠢᠭᠡᠴᠡ ᠶᠢᠨ ᠪᠣᠳᠠᠲᠠᠶ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠢᠯ ᠤᠨ ᠲᠠᠰ ᠳᠠᠷᠠᠭᠠᠯᠠᠯ ᠢ | ᠵᠢᠷᠤᠮᠵᠢᠭᠤᠯᠵᠤ᠂ ᠨᠢᠭᠡᠳᠦᠯᠲᠡᠶ ᠵᠣᠬᠢᠴᠠᠭᠤᠯᠬᠤ᠂ ᠠᠵᠢᠯ ᠬᠤᠪᠢᠶᠠᠷᠢᠯᠠᠨ ᠬᠠᠷᠢᠭᠤᠴᠠᠬᠤ᠂ ᠴᠤᠭᠭᠠᠷ ᠠᠳᠬᠤᠵᠤ | ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ | ᠬᠠᠮᠲᠤᠷᠠᠭᠰᠠᠨ ᠬᠤᠷᠠᠯ ᠤᠨ ᠲᠦᠷᠢᠮ ᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ | ᠵᠥᠪᠯᠡᠯ ᠨᠢ ᠵᠢᠯ ᠪᠦᠷᠢ ᠱᠠᠭᠠᠷᠳᠠᠯᠭ᠎ᠠ ᠶᠣᠰᠣᠭᠠᠷ ᠠᠵᠢᠯ ᠤᠨ ᠬᠤᠷᠠᠯ ᠬᠤᠷᠠᠯᠳᠤᠭᠤᠯᠤᠨ᠂ ᠬᠠᠮᠢᠶ᠎ᠠ ᠪᠥᠬᠦᠶ | ᠨᠢᠭᠡᠴᠡ ᠶᠢᠨ ᠡᠭᠦᠷᠭᠡ ᠲᠤᠰᠢᠶᠠᠯ ᠢᠶᠠᠨ ᠬᠦᠢᠴᠡᠳᠭᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ᠃ | ᠬᠠᠮᠢᠶ᠎ᠠ ᠪᠥᠬᠦᠶ ᠨᠢᠭᠡᠴᠡ ᠨᠦᠭᠦᠳ ᠲᠤᠰᠬᠠᠶ ᠬᠥᠮᠦᠨ ᠳᠣᠭᠢᠷᠠᠭᠤᠯᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ | ᠠᠵᠢᠯ ᠲᠠᠢ ᠬᠠᠷᠢᠯᠴᠠᠬᠤ ᠶᠢ ᠬᠠᠷᠢᠭᠤᠴᠠᠭᠤᠯᠵᠤ᠂ ᠲᠣᠰ ᠰᠠᠯᠠᠭ᠎ᠠ ᠮᠥᠴᠢᠷ ᠲᠣᠰ ᠬᠦᠷᠢᠶ᠎ᠡ ᠴᠠᠷᠠᠭ᠎ᠠ ᠳᠤ | ᠬᠤᠯᠪᠣᠭᠳᠠᠬᠤ ᠰᠤᠷᠭᠠᠨ ᠬᠥᠮᠦᠵᠢᠯ ᠤᠨ ᠬᠠᠯᠠᠮᠰᠢᠯ ᠪᠠ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ | ᠰᠢᠶ᠋ᠳᠪᠦᠷᠢᠯᠡᠬᠦ ᠬᠡᠷᠡᠭᠲᠡᠶ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠶᠢᠨ ᠪᠦᠷᠢᠯᠳᠦᠬᠦᠨ ᠨᠡᠷ | ᠬᠢᠨᠠᠨ ᠵᠢᠯᠣᠭᠤᠳᠬᠤ ᠳᠤ ᠢᠳᠡᠪᠬᠢᠲᠡᠶ ᠣᠷᠣᠯᠴᠠᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠶ᠋ᠴᠡᠳᠬᠡᠬᠦ | ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ | ᠪᠠ ᠬᠠᠮᠢᠶ᠎ᠠ ᠪᠥᠬᠦᠶ ᠪᠦᠷᠢᠯᠳᠦᠬᠦᠨ ᠨᠢᠭᠡᠴᠡ︶ | ᠭᠤᠷᠪᠠ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠬᠤ | ᠬᠡᠷᠡᠭᠲᠡᠶ | ︵ᠲᠠᠪᠤ︶ ᠣᠨ ᠤ ᠬᠢᠨᠠᠨ ᠵᠢᠯᠣᠭᠤᠳᠬᠤ ᠲᠥᠯᠥᠪᠯᠡᠭᠡ ᠲᠣᠭᠲᠠᠭᠠᠵᠤ᠂ ᠬᠢᠨᠠᠨ ᠵᠢᠯᠣᠭᠤᠳᠴᠤ ᠥᠪᠡᠷ ᠢ ᠪᠠᠨ | ᠦᠨᠡᠯᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ | ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠤᠷᠭᠠᠨ | ᠬᠥᠮᠦᠵᠢᠯ ᠤᠨ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠭᠤᠣᠯᠳᠠᠯᠭ᠎ᠠ ᠲᠠᠢ ᠬᠢᠨᠠᠨ ᠵᠢᠯᠣᠭᠤᠳᠴᠤ ᠡᠭᠦᠨ ᠳᠤ ᠭᠤᠣᠯᠳᠠᠭᠤ ᠰᠤᠷᠭᠠᠨ ᠬᠥᠮᠦᠵᠢᠯ ᠢ ᠡᠩ | ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠬᠤ᠂ ᠰᠤᠷᠭᠠᠭᠤᠯᠢ ᠡᠷᠬᠢᠯᠡᠬᠦ ᠪᠠᠷᠢᠮᠵᠢᠶ᠎ᠠ ᠶᠢ ᠬᠡᠷᠡᠭᠵᠢᠭᠦᠯᠬᠦ᠂ ᠰᠤᠷᠭᠠᠨ | ᠬᠥᠮᠦᠵᠢᠯ ᠤᠨ ᠣᠷᠣᠭᠤᠯᠤᠯᠲᠠ ᠪᠠ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠬᠤ᠂ ᠪᠠᠭᠰᠢ ᠶᠢᠨ ᠣᠷᠣᠨ | ᠲᠣᠭᠠᠨ ᠤ ᠬᠠᠷᠠᠭᠠᠯᠵᠠᠯ ᠢ ᠪᠠᠲᠤᠯᠠᠬᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠠ ᠴᠢᠬᠤᠯᠠ ᠶᠡᠭᠡ | ᠰᠤᠷᠭᠠᠨ ᠬᠥᠮᠦᠵᠢᠯ ᠤᠨ ᠢᠨᠵᠧᠨᠧᠷᠢᠩ ᠤᠨ ᠵᠦᠢᠯᠡᠰ ᠢ ᠬᠡᠷᠡᠭᠵᠢᠭᠦᠯᠬᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ | ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠵᠡᠷᠭᠡ ᠪᠠᠶᠢᠳᠠᠯ | ᠪᠠᠭᠲᠠᠨ᠎ᠠ᠃ ᠮᠠᠨ ᠤ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠳᠤ ᠨᠡᠶᠢᠳᠡᠮ ᠬᠠᠷᠠᠭᠠᠯᠵᠠᠯ ᠦᠵᠡᠭᠦᠯᠬᠦ ᠶᠢ | ᠬᠢᠨᠠᠨ ᠵᠢᠯᠣᠭᠤᠳᠴᠤ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠪᠠ ᠬᠢᠨᠠᠨ ᠰᠢᠯᠭᠠᠵᠤ ᠳᠠᠬᠢᠨ ᠪᠠᠶᠢᠴᠠᠭᠠᠬᠤ | ᠠᠵᠢᠯ ᠢ ᠰᠠᠶᠢᠲᠤᠷ ᠬᠢᠵᠦ᠂ ᠬᠢᠨᠠᠨ ᠵᠢᠯᠣᠭᠤᠳᠴᠤ ᠬᠢᠨᠠᠨ ᠰᠢᠯᠭᠠᠵᠤ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠰᠤᠷᠭᠠᠨ ᠬᠥᠮᠦᠵᠢᠯ ᠤᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠪᠣᠯᠤᠨ | ᠭᠤᠣᠯᠳᠠᠯᠭ᠎ᠠ ᠲᠠᠢ ᠠᠵᠢᠯ ᠤᠨ ᠲᠤᠰᠬᠠᠢ ᠬᠢᠨᠠᠨ ᠵᠢᠯᠤᠭᠤᠳᠤᠯᠭ᠎ᠠ ᠶᠢ ᠦᠷᠭᠦᠯᠵᠢᠯᠡᠨ ᠥᠷᠨᠢᠭᠦᠯᠵᠦ᠂ ᠴᠢᠬᠤᠯᠠ ᠶᠡᠭᠡ | ᠰᠤᠷᠭᠠᠨ ᠬᠥᠮᠦᠵᠢᠯ ᠤᠨ ᠭᠡᠨᠡᠳᠲᠡ ᠶᠢᠨ ᠬᠡᠷᠡᠭ ᠤᠨ ᠬᠢᠨᠠᠨ ᠵᠢᠯᠤᠭᠤᠳᠤᠯᠭ᠎ᠠ ᠶᠢ ᠴᠠᠭ ᠲᠤᠬᠠᠢ ᠳᠤᠨᠢ ᠦᠷᠨᠢᠬᠦᠯᠦᠨ᠎ᠡ | ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ | ᠠᠯᠪᠠᠨ ᠬᠡᠷ ᠵᠢᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠡ︶ | ︵ᠵᠢᠷᠭᠤᠭ᠎ᠠ︶ ᠰᠤᠷᠭᠠᠭᠤᠯᠢ ᠶᠢ ᠬᠢᠨᠠᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠰᠤᠷᠭᠠᠭᠤᠯᠢ ᠶᠢᠨ | ᠬᠢᠨᠠᠨ ᠵᠢᠯᠣᠭᠤᠳᠴᠤ ᠦᠨᠡᠯᠡᠬᠦ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠶᠣᠰᠣ ᠮᠣᠷᠠᠯ ᠢ ᠪᠤᠶ ᠪᠤᠯᠭᠠᠨ ᠬᠥᠮᠦᠨ ᠢ | ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠵᠥᠪ ᠣᠨᠣᠪᠴᠢᠲᠠᠢ ᠰᠤᠷᠭᠠᠭᠤᠯᠢ ᠡᠷᠬᠢᠯᠡᠬᠦ | ᠴᠢᠭᠯᠡᠯ ᠢ ᠪᠠᠷᠢᠮᠳᠠᠯᠠᠨ᠂ ᠨᠠᠮ ᠤᠨ ᠪᠠᠶᠢᠭᠤᠯᠤᠯᠲᠠ ᠵᠢᠴᠢ ᠨᠠᠮ ᠤᠨ ᠪᠠᠶᠢᠭᠤᠯᠤᠯᠲᠠ ᠪᠠᠷ ᠡᠪᠯᠡᠯ ᠢ ᠳᠠᠶᠢᠴᠢᠯᠠᠨ ᠠᠩᠬᠢ | ᠪᠠᠶᠢᠭᠤᠯᠬᠤ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯᠤᠨ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠬᠥᠮᠦᠵᠢᠯ ᠪᠠ ᠬᠠᠤᠯᠢ ᠶᠣᠰᠣᠭᠠᠷ ᠰᠤᠷᠭᠠᠭᠤᠯᠢ ᠪᠠᠨ ᠵᠠᠰᠠᠵᠤ ᠰᠤᠷᠭᠠᠭᠤᠯᠢ ᠡᠷᠬᠢᠯᠡᠨ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠪᠠᠷ ᠰᠤᠷᠭᠠᠭᠤᠯᠢ ᠵᠢᠴᠢ ᠲᠡᠭᠦᠨ ᠤ | ᠤᠳᠤᠷᠢᠳᠬᠤ ᠬᠥᠮᠦᠰ ᠪᠣᠯᠤᠨ ᠬᠠᠮᠢᠶᠠᠷᠤᠯᠲᠠ ᠶᠢᠨ ᠠᠵᠢᠯᠳᠠᠨ ᠢ ᠬᠢᠨᠠᠨ ᠵᠢᠯᠣᠭᠤᠳᠴᠤ ᠦᠨᠡᠯᠡᠬᠦ ᠴᠢᠬᠤᠯᠠ | ᠠᠭᠤᠯᠭ᠎ᠠ ᠪᠣᠯᠭᠠᠨ᠎ᠠ᠃ ᠤᠶᠤᠨ ᠤ ᠬᠥᠮᠦᠵᠢᠯ ᠢ ᠴᠢᠬᠤᠯᠠᠴᠢᠯᠠᠵᠤ ᠶᠣᠰᠣ ᠰᠤᠷᠲᠠᠬᠤᠨ ᠤ ᠬᠥᠮᠦᠵᠢᠯ ᠢ | ᠬᠥᠩᠭᠡᠪᠴᠢᠯᠡᠬᠦ᠂ ᠬᠤᠪᠢ ᠶᠢ ᠴᠢᠬᠤᠯᠠᠴᠢᠯᠠᠵᠤ ᠬᠡᠪ ᠴᠢᠨᠠᠷ ᠢ ᠬᠥᠩᠭᠡᠪᠴᠢᠯᠡᠬᠦ ᠵᠡᠷᠭᠡ ᠥᠷᠥᠭᠡᠰᠦᠭᠡᠯ ᠢᠶᠠᠷ | ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠤᠨ᠎ᠠ᠃ ᠰᠤᠷᠭᠠᠭᠤᠯᠢ ᠬᠢᠨᠠᠨ ᠪᠠᠶᠢᠴᠠᠭᠠᠬᠤ | ᠬᠠᠷᠢᠭᠤᠴᠠᠯᠭ᠎ᠠ ᠶᠢᠨ ᠣᠷᠣᠨ ᠤ ᠲᠦᠷᠢᠮ ᠢ ᠲᠡᠭᠦᠯᠳᠡᠷᠵᠢᠭᠦᠯᠵᠦ᠂ ᠪᠠᠶᠢᠩᠭᠤᠵᠢᠭᠰᠠᠨ ᠬᠢᠨᠠᠨ ᠵᠢᠯᠣᠭᠤᠳᠬᠤ | ᠲᠣᠭᠲᠠᠴᠠ ᠶᠢ ᠪᠠᠶᠢᠭᠤᠯᠤᠨ᠂ ᠰᠤᠷᠭᠠᠭᠤᠯᠢ ᠶᠢᠨ ᠬᠠᠷᠢᠭᠤᠴᠠᠯᠭᠠᠲᠤ ᠰᠤᠷᠭᠠᠭᠤᠯᠢ ᠬᠢᠨᠠᠨ ᠪᠠᠶᠢᠴᠠᠭᠠᠭᠴᠢ ᠶᠢᠨ | ᠫᠠᠶᠢᠰᠠ ᠡᠯᠭᠦᠨ ᠬᠢᠨᠠᠨ ᠵᠢᠯᠣᠭᠤᠳᠬᠤ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ ᠠᠷᠠᠳ ᠠᠴᠠ ᠡᠷᠭᠢᠯᠡᠭᠰᠡᠨ | ᠰᠤᠷᠭᠠᠭᠤᠯᠢ ᠶᠢᠨ ᠬᠢᠨᠠᠨ ᠵᠢᠯᠣᠭᠤᠳᠬᠤ ᠲᠦᠷᠢᠮ ᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠠᠷᠠᠳ ᠠᠴᠠ | ᠡᠷᠭᠢᠯᠡᠭᠰᠡᠨ ᠰᠤᠷᠭᠠᠭᠤᠯᠢ ᠶᠢ ᠬᠢᠨᠠᠨ ᠵᠢᠯᠣᠭᠤᠳᠬᠤ ᠬᠡᠪᠴᠢᠶᠡᠨ ᠳᠤ ᠨᠢᠭᠡᠳᠦᠯᠲᠡᠶ ᠣᠷᠣᠭᠤᠯᠤᠨ᠂ ᠠᠷᠠᠳ ᠠᠴᠠ | ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠪᠠᠨ ᠵᠢᠷᠤᠮᠵᠢᠭᠤᠯᠬᠤ ᠶᠢ ᠰᠢᠮᠳᠠᠭᠤᠯᠤᠨ | ᠵᠢᠯᠣᠭᠤᠳᠤᠨ᠎ᠠ᠃ ᠵᠠᠷᠴᠢᠮ ᠳᠡᠭᠡᠷ᠎ᠡ ᠪᠠᠨ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠨᠢ ᠨᠢᠭᠡ ᠲᠤᠰᠢᠶᠠᠯ ᠤᠨ | ᠬᠤᠭᠤᠴᠠᠭ᠎ᠠ ᠳᠠᠭᠤᠰᠬᠤ ᠦᠶ᠎ᠡ ᠳᠤ᠂ ᠨᠢᠭᠡ ᠤᠳᠠᠭ᠎ᠠ ᠶᠢᠨ ᠶᠡᠷᠦᠩᠬᠡᠶᠢᠯᠡᠭᠰᠡᠨ ᠬᠢᠨᠠᠨ ᠵᠢᠯᠣᠭᠤᠳᠣᠯᠭ᠎ᠠ ᠶᠢ ᠬᠦᠯᠢᠶᠡᠬᠦ | ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ | ᠵᠢᠴᠢ ᠡᠯ᠎ᠡ ᠪᠦᠷᠢᠯᠳᠦᠬᠦᠨ ᠨᠢᠭᠡᠴᠡ︶ | ︵ᠳᠣᠯᠤᠭ᠎ᠠ︶ ᠰᠤᠷᠭᠠᠨ ᠬᠥᠮᠦᠵᠢᠯ ᠤᠨ ᠦᠨᠡᠯᠡᠨ ᠵᠢᠱᠢᠵᠦ ᠬᠢᠨᠠᠨ ᠬᠡᠮᠵᠢᠬᠦ ᠶᠢ ᠴᠢᠩᠭᠠᠳᠬᠠᠨ᠎ᠠ᠃ ᠮᠠᠨ ᠤ | ᠬᠤᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠪᠠ ᠡᠯ᠎ᠡ ᠲᠥᠷᠥᠯ ᠤᠨ ᠰᠤᠷᠭᠠᠨ ᠬᠥᠮᠦᠵᠢᠯ ᠤᠨ | ᠶᠠᠰᠤ ᠴᠢᠨᠠᠷ ᠢ ᠪᠠᠶᠢᠩᠭᠤᠵᠢᠭᠤᠯᠤᠨ ᠦᠨᠡᠯᠡᠨ ᠵᠢᠱᠢᠵᠦ ᠬᠢᠨᠠᠨ ᠬᠡᠮᠵᠢᠬᠦ ᠲᠦᠷᠢᠮ ᠵᠢᠴᠢ ᠬᠦᠢᠴᠡᠳᠭᠡᠯ ᠲᠤᠭ᠎ᠠ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ᠂ | ᠰᠤᠷᠭᠠᠭᠤᠯᠢ ᠡᠷᠭᠢᠯᠡᠬᠦ ᠨᠥᠬᠦᠴᠡᠯ ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠦᠨᠡᠯᠡᠨ | ᠵᠢᠱᠢᠵᠦ ᠬᠢᠨᠠᠨ ᠬᠡᠮᠵᠢᠬᠦ ᠶᠢ ᠴᠢᠩᠭᠠᠳᠬᠠᠨ᠂ ᠰᠤᠷᠤᠭᠴᠢᠳ ᠤᠨ ᠰᠤᠷᠤᠯᠭ᠎ᠠ ᠶᠢᠨ ᠬᠢᠷᠢ ᠬᠡᠮᠵᠢᠶ᠎ᠡ ᠶᠢ ᠦᠨᠡᠯᠡᠨ | ᠵᠢᠱᠢᠵᠦ ᠬᠢᠨᠠᠨ ᠬᠡᠮᠵᠢᠬᠦ ᠶᠢ ᠥᠷᠨᠢᠭᠦᠯᠦᠨ᠎ᠡ᠃ ᠦᠨᠡᠯᠡᠨ ᠵᠢᠱᠢᠵᠦ ᠬᠢᠨᠠᠨ ᠬᠡᠮᠵᠢᠭᠰᠡᠨ ᠦᠷ᠎ᠡ ᠳ᠋ᠦᠩ ᠢ ᠰᠢᠨᠵᠢᠯᠡᠬᠦ | ᠤᠬᠠᠭᠠᠨᠴᠢ ᠪᠠᠷ ᠵᠠᠳᠠᠯᠬᠤ ᠪᠠ ᠭᠦᠨᠵᠡᠭᠡᠶ ᠬᠡᠷᠡᠭᠯᠡᠬᠦ ᠶᠢ ᠴᠢᠩᠭᠠᠳᠬᠠᠵᠤ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠵᠢᠮ᠎ᠡ ᠶᠣᠰᠣ ᠶᠢ ᠵᠢᠷᠤᠮᠯᠠᠬᠤ ᠶᠢ ᠬᠥᠲᠥᠯᠦᠨ ᠵᠢᠯᠣᠭᠤᠳᠴᠤ ᠰᠢᠮᠳᠠᠭᠤᠯᠤᠨ᠂ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠶᠠᠰᠤ ᠴᠢᠨᠠᠷ ᠪᠠ ᠰᠣᠷᠣᠭᠴᠢ ᠶᠢᠨ ᠪᠥᠬᠦ ᠲᠠᠯ᠎ᠠ ᠶᠢᠨ ᠬᠥᠭᠵᠢᠯᠲᠡ ᠳᠤ ᠠᠩᠬᠠᠷᠤᠯ ᠢᠶᠠᠨ | ᠲᠥᠪᠯᠡᠷᠡᠭᠦᠯᠦᠨ᠎ᠡ᠃ ᠬᠡᠤᠬᠡᠳ ᠤᠨ ᠴᠡᠴᠡᠷᠯᠢᠭ ᠤᠨ ᠬᠡᠤᠬᠡᠳ ᠤᠨ ᠴᠡᠴᠡᠷᠯᠢᠭ ᠡᠷᠭᠢᠯᠡᠬᠦ ᠠᠵᠢᠯᠯᠠᠭ᠎ᠠ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠯᠡᠨ ᠵᠢᠱᠢᠨ᠎ᠡ᠃ ᠭᠤᠷᠪᠠᠳᠠᠬᠢ ᠡᠲᠡᠭᠡᠳ ᠤᠨ ᠦᠨᠡᠯᠡᠨ | ᠵᠢᠱᠢᠵᠦ ᠬᠢᠨᠠᠨ ᠬᠡᠮᠵᠢᠬᠦ ᠪᠠᠶᠢᠭᠤᠯᠤᠮᠵᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠰᠤᠷᠭᠠᠨ | ᠬᠥᠮᠦᠵᠢᠯ ᠤᠨ ᠦᠨᠡᠯᠡᠨ ᠵᠢᠱᠢᠵᠦ ᠬᠢᠨᠠᠨ ᠬᠡᠮᠵᠢᠬᠦ ᠠᠵᠢᠯ ᠢ ᠥᠷᠨᠢᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ | ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠬᠢᠨᠠᠨ ᠬᠡᠮᠵᠢᠬᠦ ᠪᠠᠶᠢᠭᠤᠯᠤᠮᠵᠢ ᠶᠢᠨ ᠬᠢᠷᠢ ᠬᠡᠮ ᠢ ᠬᠢᠨᠠᠨ | ᠬᠠᠷᠭᠤᠭᠤᠯᠬᠤ ᠪᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︶ | ︵ᠨᠠᠢᠮᠠ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠷᠭ᠎ᠠ ᠮᠠᠶ᠋ᠢᠭ ᠪᠠ ᠠᠷᠭ᠎ᠠ ᠶᠢ ᠰᠠᠶᠢᠵᠢᠷᠠᠭᠤᠯᠤᠨ᠎ᠠ᠃ | ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠶᠢ ᠬᠦᠢᠴᠡᠳ | ᠠᠰᠢᠭᠯᠠᠨ ᠬᠢᠨᠠᠨ ᠵᠢᠯᠣᠭᠤᠳᠴᠤ ᠦᠨᠡᠯᠡᠨ ᠵᠢᠱᠢᠵᠦ ᠬᠢᠨᠠᠨ ᠬᠡᠮᠵᠢᠬᠦ ᠠᠵᠢᠯ ᠢ ᠥᠷᠨᠢᠭᠦᠯᠦᠨ᠎ᠡ᠃ ᠰᠤᠷᠭᠠᠨ | ᠬᠥᠮᠦᠵᠢᠯ ᠤᠨ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ | ᠬᠢᠨᠠᠨ ᠵᠢᠯᠣᠭᠤᠳᠬᠤ ᠲᠤᠭ᠎ᠠ ᠪᠠᠷᠢᠮᠲᠠ ᠴᠤᠭᠯᠠᠭᠤᠯᠬᠤ ᠠᠷᠭ᠎ᠠ ᠵᠠᠮ ᠢ ᠥᠷᠭᠡᠳᠬᠡᠨ᠂ ᠦᠨᠳᠦᠰᠦᠨ ᠱᠠᠲᠤᠨ ᠤ | ᠰᠤᠷᠭᠠᠭᠤᠯᠢ ᠶᠢᠨ ᠲᠠᠭᠯᠠᠨ ᠮᠡᠳᠡᠭᠦᠯᠬᠦ ᠲᠤᠭ᠎ᠠ ᠪᠠᠷᠢᠮᠲᠠ ᠶᠢᠨ ᠳᠠᠷᠤᠭᠠᠰᠤ ᠶᠢ ᠬᠥᠩᠭᠡᠷᠡᠭᠦᠯᠦᠨ᠎ᠡ᠃ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠵᠢᠮ᠎ᠡ ᠶᠣᠰᠣ ᠶᠢ ᠵᠢᠷᠤᠮᠯᠠᠨ᠂ ᠶᠠᠪᠤᠴᠠ ᠶᠢᠨ ᠴᠢᠨᠠᠷᠲᠠᠶ ᠬᠢᠨᠠᠨ ᠵᠢᠯᠣᠭᠤᠳᠬᠤ | ᠪᠠ ᠦᠷ᠎ᠡ ᠳ᠋ᠦᠩ ᠤᠨ ᠴᠢᠨᠠᠷᠲᠠᠶ ᠬᠢᠨᠠᠨ ᠵᠢᠯᠣᠭᠤᠳᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ | ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠶᠢ ᠴᠢᠨᠠᠷ ᠢ ᠲᠣᠭᠲᠠᠭᠠᠨ ᠦᠨᠡᠯᠡᠨ ᠵᠢᠱᠢᠬᠦ ᠠᠴᠠ ᠨᠠᠷᠢᠯᠢᠭ | ᠤᠨᠤᠪᠴᠢᠳᠠᠢ ᠪᠠᠷ ᠦᠨᠡᠯᠡᠨ ᠵᠢᠱᠢᠬᠦ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠶᠡᠷᠦᠩᠬᠡᠶᠢᠯᠡᠨ ᠬᠢᠨᠠᠨ | ᠵᠢᠯᠣᠭᠤᠳᠬᠤ᠂ ᠲᠤᠰᠬᠠᠶ ᠵᠦᠢᠯ ᠢᠶᠠᠷ ᠬᠢᠨᠠᠨ ᠵᠢᠯᠣᠭᠤᠳᠬᠤ᠂ ᠪᠠᠶᠢᠩᠭᠤ ᠶᠢᠨ ᠴᠢᠨᠠᠷᠲᠠᠶ ᠪᠠᠷ ᠬᠢᠨᠠᠨ ᠵᠢᠯᠣᠭᠤᠳᠬᠤ | ᠵᠡᠷᠭᠡ ᠠᠷᠭ᠎ᠠ ᠮᠠᠶ᠋ᠢᠭ ᠢ ᠠᠮᠢᠳᠤᠯᠢᠭ ᠢᠶᠠᠷ ᠬᠡᠷᠡᠭᠯᠡᠨ᠂ ︽ᠬᠤᠶᠠᠷ ᠢ ᠲᠣᠬᠢᠶᠠᠯᠳᠤᠯ ᠢᠶᠠᠷ ᠬᠢᠬᠦ︾ ᠠᠷᠭ᠎ᠠ ᠶᠢ | ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠬᠢᠨᠠᠨ ᠵᠢᠯᠣᠭᠤᠳᠬᠤ ᠶᠢᠨ ᠴᠢᠭᠯᠡᠭᠦᠯᠦᠯᠲᠦ ᠴᠢᠨᠠᠷ ᠪᠠ ᠪᠣᠳᠠᠲᠤ ᠦᠷ᠎ᠡ | ᠪᠦᠳᠦᠮᠵᠢᠳᠤ ᠴᠢᠨᠠᠷ ᠢ ᠴᠢᠩᠭᠠᠷᠠᠭᠤᠯᠤᠨ᠎ᠠ᠃ ᠬᠢᠨᠠᠨ ᠵᠢᠯᠣᠭᠤᠳᠬᠤ ᠲᠥᠯᠥᠪᠯᠡᠭᠡ ᠶᠢᠨ ᠬᠠᠮᠢᠶᠠᠷᠤᠯᠲᠠ ᠶᠢ | ᠴᠢᠩᠭᠠᠳᠬᠠᠵᠤ᠂ ᠬᠢᠨᠠᠨ ᠵᠢᠯᠣᠭᠤᠳᠬᠤ ᠡᠭᠦᠷᠭᠡ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠬᠢᠨᠠᠨ | ᠵᠢᠯᠣᠭᠤᠳᠬᠤ ᠤᠳᠠᠭ᠎ᠠ ᠤᠳᠠᠭ᠎ᠠ ᠶᠢ ᠴᠢᠩᠭ᠎ᠠ ᠬᠢᠵᠠᠭᠠᠷᠯᠠᠨ᠂ ᠬᠡᠲᠦ ᠣᠯᠠᠨ ᠣᠷᠣ ᠮᠥᠷ ᠦᠯᠡᠳᠡᠭᠡᠬᠦ ᠵᠡᠷᠭᠡ | ᠬᠡᠯᠪᠡᠷᠢ ᠶᠢᠨ ᠦᠵᠡᠯ ᠤᠨ ᠠᠰᠠᠭᠤᠳᠠᠯ ᠢ ᠰᠡᠷᠭᠡᠶᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ︶ | ᠳᠥᠷᠪᠡ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠤᠭᠰᠠᠨ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠳᠬᠠᠬᠤ ᠬᠡᠷᠡᠭᠳᠡᠢ | ︵ᠶᠢᠰᠦ︶ ᠬᠢᠨᠠᠨ ᠵᠢᠯᠣᠭᠤᠳᠴᠤ ᠮᠡᠳᠡᠭᠦᠯᠬᠦ ᠪᠠ ᠬᠠᠷᠢᠭᠤ ᠲᠤᠰᠬᠠᠬᠤ ᠲᠦᠷᠢᠮ ᠢ ᠵᠢᠷᠤᠮᠵᠢᠭᠤᠯᠤᠨ᠎ᠠ᠃ | ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠨᠢ ᠬᠢᠨᠠᠨ ᠵᠢᠯᠣᠭᠤᠳᠤᠭᠰᠠᠨ ᠤ ᠳᠠᠷᠠᠭ᠎ᠠ | ᠂ ᠬᠢᠨᠠᠨ ᠵᠢᠯᠣᠭᠤᠳᠬᠤ ᠮᠡᠳᠡᠭᠦᠯᠦᠯᠲᠡ ᠶᠢ ᠪᠣᠶ ᠪᠣᠯᠭᠠᠵᠤ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠶᠢᠨ | ᠬᠠᠮᠲᠤ᠂ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ᠂ ᠸᠢᠴᠠᠲ᠂ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠢ | ᠠᠰᠢᠭᠯᠠᠨ᠂ ᠵᠣᠬᠢᠰᠲᠠᠶ ᠠᠷᠭ᠎ᠠ ᠮᠠᠶ᠋ᠢᠭ ᠢᠶᠠᠷ ᠨᠡᠶᠢᠭᠡᠮ ᠳᠤ ᠢᠯᠡ ᠪᠤᠯᠭᠠᠨ᠎ᠠ᠃ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠰᠢᠢᠳᠪᠦᠷᠢᠳᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ ᠬᠦᠴᠦᠨ ᠥᠬᠡᠶ᠂ ᠬᠤᠯᠪᠣᠭᠳᠠᠯ ᠪᠥᠬᠦᠶ | ᠰᠤᠷᠭᠠᠨ ᠬᠥᠮᠦᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠢᠯᠡᠴᠢᠯᠡᠬᠦ ᠬᠡᠷᠡᠭᠲᠡᠶ᠃ ᠶᠡᠷᠦᠩᠬᠡᠶᠢᠯᠡᠨ ᠬᠢᠨᠠᠨ ᠵᠢᠯᠣᠭᠤᠳᠴᠤ ᠳᠠᠭᠤᠰᠤᠭᠰᠠᠨ ᠤ ᠳᠠᠷᠠᠭᠠᠬᠢ 30 ᠡᠳᠦᠷ ᠤᠨ | ᠳᠣᠲᠣᠷ᠎ᠠ ᠪᠠ ᠲᠤᠰᠬᠠᠶ ᠵᠦᠢᠯ ᠢᠶᠠᠷ ᠬᠢᠨᠠᠨ ᠵᠢᠯᠣᠭᠤᠳᠴᠤ ᠳᠠᠭᠤᠰᠤᠭᠰᠠᠨ ᠤ ᠳᠠᠷᠠᠭᠠᠬᠢ 15 ᠡᠳᠦᠷ ᠤᠨ ᠳᠣᠲᠣᠷ᠎ᠠ | ᠂ ᠬᠢᠨᠠᠨ ᠵᠢᠯᠣᠭᠤᠳᠣᠯᠭ᠎ᠠ ᠬᠦᠯᠢᠶᠡᠭᠰᠡᠨ ᠰᠤᠷᠭᠠᠭᠤᠯᠢ ᠳᠤ ᠬᠢᠨᠠᠨ ᠵᠢᠯᠣᠭᠤᠳᠤᠭᠰᠠᠨ ᠦᠷ᠎ᠡ ᠳ᠋ᠦᠩ ᠢᠶᠠᠨ ᠬᠠᠷᠢᠭᠤ | ᠲᠤᠰᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ | ᠪᠠᠭᠤᠯᠭᠠᠨ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠤᠷᠠᠳᠴᠦ᠂ ᠴᠡᠭᠴᠡᠯᠡᠨ ᠰᠠᠶᠢᠵᠢᠷᠠᠭᠤᠯᠬᠤ ᠴᠠᠭ ᠤᠨ | ᠬᠢᠵᠠᠭᠠᠷ ᠢ ᠲᠣᠳᠣᠷᠬᠠᠶᠢᠯᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠤᠨ | ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ︶ | ︵ᠠᠷᠪᠠ︶ ᠰᠢᠮᠳᠠᠭᠤᠯᠤᠨ ᠵᠢᠯᠣᠭᠤᠳᠴᠤ ᠴᠡᠭᠴᠡᠯᠡᠨ ᠰᠠᠶᠢᠵᠢᠷᠠᠭᠤᠯᠬᠤ ᠪᠠ ᠳᠠᠬᠢᠨ ᠪᠠᠶᠢᠴᠠᠭᠠᠬᠤ ᠲᠦᠷᠢᠮ ᠢ | ᠪᠦᠷᠢᠨᠰᠢᠭᠦᠯᠬᠦ ᠬᠡᠷᠡᠭᠲᠡᠶ᠃ ᠬᠢᠨᠠᠨ ᠵᠢᠯᠣᠭᠤᠳᠣᠯᠭ᠎ᠠ ᠬᠦᠯᠢᠶᠡᠭᠰᠡᠨ ᠰᠤᠷᠭᠠᠭᠤᠯᠢ ᠨᠤᠭᠤᠳ ᠴᠡᠭᠴᠡᠯᠡᠨ | ᠰᠠᠶᠢᠵᠢᠷᠠᠭᠤᠯᠬᠤ ᠠᠵᠢᠯ ᠢᠶᠠᠨ ᠬᠢᠨᠠᠮᠠᠭᠠᠶ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠳᠤ ᠲᠣᠭᠲᠠᠭᠠᠭᠰᠠᠨ ᠴᠠᠭ ᠤᠨ | ᠬᠢᠵᠠᠭᠠᠷ ᠤᠨ ᠳᠣᠲᠣᠷ᠎ᠠ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠳᠤ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠮᠡᠳᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢᠶᠠᠨ ᠨᠡᠶᠢᠲᠡᠯᠡᠬᠦ ᠬᠡᠷᠡᠭᠲᠡᠶ᠃ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠨᠢ ᠬᠢᠨᠠᠨ ᠵᠢᠯᠣᠭᠤᠳᠴᠤ ᠪᠠᠶᠢᠭ᠎ᠠ ᠰᠤᠷᠭᠠᠭᠤᠯᠢ ᠶᠢᠨ ᠴᠡᠭᠴᠡᠯᠡᠨ ᠰᠠᠶᠢᠵᠢᠷᠠᠭᠤᠯᠬᠤ ᠰᠠᠨᠠᠯ ᠢ | ᠨᠠᠶᠢᠳᠠᠪᠤᠷᠢᠵᠢᠭᠤᠯᠬᠤ ᠶᠢ ᠵᠢᠯᠣᠭᠤᠳᠤᠨ ᠰᠢᠮᠳᠠᠭᠤᠯᠵᠤ᠂ ᠴᠡᠭᠴᠡᠯᠡᠨ ᠰᠠᠶᠢᠵᠢᠷᠠᠭᠤᠯᠬᠤ ᠨᠢ ᠬᠦᠴᠦᠨ ᠥᠬᠡᠶ ᠪᠣᠯ | ᠬᠤᠯᠪᠣᠯᠳᠤᠭᠰᠠᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ ᠬᠢᠨᠠᠨ ᠵᠢᠯᠣᠭᠤᠳᠣᠭᠤᠯᠬᠤ ᠵᠦᠶ᠋ᠯᠡᠰ ᠤᠨ ︽ᠡᠷᠬᠢᠨ | ᠬᠠᠷᠠᠬᠤ︾ ᠲᠣᠭᠲᠠᠴᠠ ᠶᠢ ᠪᠠᠶᠢᠭᠤᠯᠵᠤ᠂ ᠳᠡᠭᠡᠳᠦ ᠱᠠᠲᠤ ᠪᠠ ᠲᠣᠰ ᠱᠠᠲᠤᠨ ᠤ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠪᠠᠶᠢᠭᠤᠯᠤᠮᠵᠢ ᠶᠢᠨ ᠬᠢᠨᠠᠨ ᠵᠢᠯᠣᠭᠤᠳᠬᠤ ᠳᠤ ᠢᠯᠡᠷᠡᠭᠦᠯᠦᠭᠰᠡᠨ ᠠᠰᠠᠭᠤᠳᠠᠯ ᠤᠨ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠳᠤ ᠴᠢᠭᠯᠡᠭᠦᠯᠦᠨ ᠴᠠᠭ ᠲᠤᠬᠠᠶ ᠳᠤᠨᠢ ᠳᠠᠬᠢᠨ ᠪᠠᠶᠢᠴᠠᠭᠠᠯᠲᠠ ᠬᠢᠬᠦ ᠶᠢᠨ ᠬᠠᠮᠲᠤ᠂ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠵᠢᠯᠣᠭᠤᠳᠣᠭᠤᠯᠬᠤ ᠰᠤᠷᠭᠠᠭᠤᠯᠢ ᠳᠤ ᠲᠠᠷᠠᠭᠠᠴᠢ ᠶᠢᠨ ᠨᠢᠭᠡ | ᠦᠶᠡᠯᠡᠯ ᠤᠨ ᠬᠤᠭᠤᠴᠠᠭᠠᠨ ᠤ ᠶᠡᠷᠦᠩᠬᠡᠶᠢᠯᠡᠭᠰᠡᠨ ᠬᠢᠨᠠᠨ ᠵᠢᠯᠣᠭᠤᠳᠣᠯᠭ᠎ᠠ ᠬᠢᠬᠦ ᠶᠢᠨ ᠴᠢᠬᠤᠯᠠ ᠠᠭᠤᠯᠭ᠎ᠠ ᠪᠣᠯᠭᠠᠵᠤ᠂ | ᠠᠰᠠᠭᠤᠳᠠᠯ ᠳᠠᠬᠢᠨ ᠡᠭᠦᠰᠬᠦ ᠶᠢ ᠰᠡᠷᠭᠡᠶᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ ᠵᠢᠴᠢ ᠬᠠᠮᠢᠶ᠎ᠠ ᠪᠥᠬᠦᠶ ᠪᠦᠷᠢᠯᠳᠦᠬᠦᠨ ᠨᠢᠭᠡᠴᠡ︶ | ︵ᠠᠷᠪᠠᠨ ᠨᠢᠭᠡ︶ ᠤᠷᠮᠠᠰᠢᠭᠤᠯᠵᠤ ᠬᠢᠵᠠᠭᠠᠷᠯᠠᠬᠤ ᠲᠦᠷᠢᠮ ᠢ ᠴᠢᠩᠭᠠᠷᠠᠭᠤᠯᠤᠨ᠎ᠠ᠃ ᠬᠤᠲᠠ ᠶᠢᠨ ᠵᠠᠰᠠᠭ ᠤᠨ | ᠣᠷᠳᠣᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠤᠷᠭᠠᠨ ᠬᠥᠮᠦᠵᠢᠯ ᠤᠨ ᠬᠢᠨᠠᠨ ᠵᠢᠯᠣᠭᠤᠳᠣᠯᠭ᠎ᠠ ᠶᠢᠨ ᠦᠷ᠎ᠡ | ᠳ᠋ᠦᠩ ᠢᠶᠠᠷ ᠰᠢᠯᠢᠳᠡᠭ ᠬᠢᠨᠠᠨ ᠵᠢᠯᠣᠭᠤᠳᠣᠯᠭ᠎ᠠ ᠬᠦᠯᠢᠶᠡᠭᠰᠡᠨ ᠰᠤᠷᠭᠠᠭᠤᠯᠢ ᠵᠢᠴᠢ ᠬᠤᠯᠪᠣᠭᠳᠠᠯ ᠪᠥᠬᠦᠶ | ᠬᠠᠷᠢᠭᠤᠴᠠᠯᠭᠠᠲᠠᠨ ᠢ ᠬᠥᠬᠢᠭᠦᠯᠦᠨ ᠰᠠᠶᠢᠰᠢᠶᠠᠬᠤ ᠶᠢᠨ ᠬᠠᠮᠲᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠡᠬᠢ | ᠪᠠᠶᠠᠯᠢᠭ ᠤᠨ ᠲᠣᠬᠢᠷᠠᠭᠤᠯᠤᠯᠲᠠ᠂ ᠺᠠᠳ᠋ᠷ ᠢ ᠬᠢᠨᠠᠨ ᠰᠢᠯᠭᠠᠵᠤ ᠲᠣᠮᠢᠯᠠᠨ ᠬᠡᠷᠡᠭᠯᠡᠬᠦ ᠵᠡᠷᠭᠡ ᠲᠠᠯ᠎ᠠ ᠪᠠᠷ ᠡᠩ | ᠲᠡᠷᠢᠭᠦᠨ ᠳᠤ ᠪᠣᠳᠣᠯᠬᠢᠯᠠᠨ᠎ᠠ᠃ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ ᠰᠤᠷᠭᠠᠨ | ᠬᠥᠮᠦᠵᠢᠯ ᠤᠨ ᠬᠢᠨᠠᠨ ᠵᠢᠯᠤᠭᠤᠳᠤᠯᠭ᠎ᠠ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠤᠷᠭᠠᠭᠤᠯᠢ ᠶᠢᠨ | ᠤᠳᠤᠷᠢᠳᠬᠤ ᠪᠠᠭ᠂ ᠤᠳᠤᠷᠢᠳᠬᠤ ᠺᠠᠳ᠋ᠷ ᠢ ᠬᠢᠨᠠᠨ ᠰᠢᠯᠭᠠᠵᠤ ᠰᠢᠯᠭᠠᠨ ᠪᠠᠶᠢᠴᠠᠭᠠᠬᠤ ᠶᠢᠨ ᠴᠢᠬᠤᠯᠠ ᠠᠭᠤᠯᠭ᠎ᠠ | ᠪᠣᠯᠭᠠᠬᠤ ᠬᠡᠷᠡᠭᠲᠡᠶ᠃ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠶᠢᠭᠤᠯᠤᠮᠵᠢ ᠨᠢ ᠰᠤᠷᠭᠠᠨ ᠬᠥᠮᠦᠵᠢᠯ ᠤᠨ | ᠰᠢᠰᠲ᠋ᠧᠮ ᠤᠨ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠳᠠᠭᠠᠨ᠂ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠩᠬᠠᠷᠬᠤ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ | ᠠᠯᠪᠠᠨ ᠬᠡᠷ︶ | ︵ᠠᠷᠪᠠᠨ ᠬᠤᠶᠠᠷ︶ ᠪᠣᠯᠵᠣᠨ ᠶᠠᠷᠢᠯᠴᠠᠬᠤ ᠲᠦᠷᠢᠮ ᠢ ᠴᠢᠩᠳᠠᠯᠠᠨ᠎ᠠ᠃ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ | ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠡᠷᠡᠰ | ᠲᠦᠢᠯᠪᠤᠷᠢᠲᠠᠶ ᠪᠢᠰᠢ᠂ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠪᠣᠳᠠᠲᠠᠶ ᠪᠠᠷ ᠭᠦᠶ᠋ᠴᠡᠳᠬᠡᠭᠰᠡᠨ | ᠥᠬᠡᠶ᠂ ᠰᠤᠷᠭᠠᠨ ᠬᠥᠮᠦᠵᠢᠯ ᠤᠨ ᠪᠣᠭᠤᠮᠲᠠ ᠰᠢᠪᠲᠤᠯᠬᠤ ᠡᠭᠦᠷᠭᠡ ᠶᠢ ᠪᠡᠶᠡᠯᠡᠭᠦᠯᠬᠦ ᠨᠢ ᠬᠦᠨᠳᠦ ᠨᠣᠴᠢᠲᠠᠶ | ᠬᠤᠴᠣᠷᠴᠤ᠂ ᠰᠤᠷᠭᠠᠭᠤᠯᠢ ᠡᠷᠭᠢᠯᠡᠬᠦ ᠦᠶ᠋ᠯᠡ ᠠᠵᠢᠯᠯᠠᠭ᠎ᠠ ᠨᠢ ᠵᠢᠷᠤᠮᠵᠢᠯ ᠥᠬᠡᠶ᠂ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠶᠠᠰᠤ ᠴᠢᠨᠠᠷ ᠮᠠᠭᠤᠳᠠᠭᠰᠠᠨ᠂ ᠠᠮᠤᠷ ᠲᠦᠪᠰᠢᠨ ᠤ ᠠᠰᠠᠭᠤᠳᠠᠯ ᠨᠡᠯᠢᠶᠡᠳ ᠣᠯᠠᠨ ᠪᠤᠶᠤ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠶᠢ ᠬᠦᠯᠢᠶᠡᠬᠦ ᠥᠬᠡᠶ ᠬᠢᠨᠠᠨ ᠵᠢᠯᠣᠭᠤᠳᠬᠤ ᠶᠢ ᠬᠦᠯᠢᠶᠡᠭᠰᠡᠨ ᠰᠤᠷᠭᠠᠭᠤᠯᠢ ᠳᠤ᠂ | ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠠᠴᠠ ᠲᠡᠭᠦᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ | ᠪᠣᠯᠵᠣᠨ ᠶᠠᠷᠢᠯᠴᠠᠵᠤ᠂ ᠴᠢᠬᠤᠯᠠ ᠲᠠᠢ ᠦᠶ᠎ᠡ ᠳᠤ ᠭᠤᠤᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃ | ᠪᠣᠯᠵᠣᠨ ᠶᠠᠷᠢᠯᠴᠠᠬᠤ ᠳᠠᠭᠠᠨ ᠪᠢᠴᠢᠭ ᠤᠨ ᠲᠡᠮᠳᠡᠭᠯᠡᠯ ᠬᠢᠬᠦ ᠶᠢᠨ ᠬᠠᠮᠲᠤ ᠬᠤᠲᠠ ᠶᠢᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ ᠳᠤ ᠬᠠᠭᠤᠯᠤᠨ ᠬᠦᠷᠭᠡᠵᠦ ᠳᠠᠩᠰᠠᠯᠠᠭᠤᠯᠤᠨ᠂ ᠵᠠᠰᠠᠭ ᠤᠨ ᠠᠵᠢᠯ ᠤᠨ ᠪᠦᠲᠦᠮᠵᠢ | ᠪᠠ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ | ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ︶ | ︵ᠠᠷᠪᠠᠨ ᠭᠤᠷᠪᠠ︶ ᠬᠠᠷᠢᠭᠤᠴᠠᠯᠭ᠎ᠠ ᠬᠡᠯᠡᠯᠴᠡᠬᠦ ᠲᠦᠷᠢᠮ ᠢ ᠴᠢᠩᠳᠠᠯᠠᠨ᠎ᠠ᠃ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ᠂ | ᠰᠢᠯᠲᠠᠭᠯᠠᠨ ᠲᠦᠯᠬᠢᠯᠴᠡᠭᠰᠡᠨ᠂ ᠠᠵᠢᠯ ᠬᠢᠭᠰᠡᠨ ᠥᠬᠡᠶ ᠪᠤᠶᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ | ᠡᠭᠦᠷᠭᠡ ᠪᠠᠨ ᠪᠡᠶᠡᠯᠡᠭᠦᠯᠦᠭᠰᠡᠨ ᠥᠬᠡᠶ ᠬᠢᠨᠠᠨ ᠵᠢᠯᠣᠭᠤᠳᠣᠯᠭ᠎ᠠ ᠬᠦᠯᠢᠶᠡᠭᠰᠡᠨ ᠰᠤᠷᠭᠠᠭᠤᠯᠢ ᠶᠢ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠠᠴᠠ ᠰᠤᠷᠭᠠᠨ ᠬᠥᠮᠦᠵᠢᠯ ᠤᠨ ᠬᠢᠨᠠᠨ ᠵᠢᠯᠣᠭᠤᠳᠤᠭᠰᠠᠨ ᠦᠷ᠎ᠡ | ᠳ᠋ᠦᠩ᠂ ᠠᠵᠢᠯ ᠤᠨ ᠢᠯᠡᠷᠡᠯ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠤᠲᠠ ᠶᠢᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ ᠳᠤ ᠮᠡᠳᠡᠭᠳᠡᠵᠦ᠂ ᠤᠳᠤᠷᠢᠳᠬᠤ ᠪᠠᠭ ᠤᠨ ᠪᠦᠷᠢᠯᠳᠦᠬᠦᠨ ᠢ ᠰᠢᠯᠢᠳᠡᠭ ᠢ ᠨᠢ | ᠰᠢᠯᠭᠠᠷᠠᠭᠤᠯᠵᠤ ᠲᠡᠷᠢᠭᠦᠨ ᠢ ᠨᠢ ᠰᠢᠯᠭᠠᠷᠠᠭᠤᠯᠵᠤ᠂ ᠳᠡᠪᠰᠢᠭᠦᠯᠦᠨ ᠬᠡᠷᠡᠭᠯᠡᠬᠦ ᠪᠤᠶᠤ ᠴᠢᠬᠤᠯᠠ ᠲᠤᠰᠢᠶᠠᠯ ᠳᠤ | ᠰᠢᠯᠵᠢᠭᠦᠯᠦᠨ ᠲᠣᠮᠢᠯᠠᠵᠤ ᠪᠣᠯᠬᠤ ᠥᠬᠡᠶ ᠭᠡᠵᠦ ᠰᠠᠨᠠᠭᠤᠯᠤᠨ᠎ᠠ᠃ ᠰᠤᠷᠭᠠᠭᠤᠯᠢ ᠡᠷᠭᠢᠯᠡᠬᠦ ᠴᠢᠭᠯᠡᠯ ᠨᠢ | ᠪᠤᠷᠤᠭᠤᠳᠠᠭᠰᠠᠨ ᠪᠤᠶᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠴᠢᠬᠤᠯᠠ ᠶᠡᠭᠡ ᠠᠰᠠᠭᠤᠳᠠᠯ | ᠢᠯᠡᠷᠡᠭᠰᠡᠨ᠂ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠦᠭᠰᠡᠨ ᠥᠬᠡᠶ᠂ ᠰᠤᠷᠭᠠᠨ ᠬᠥᠮᠦᠵᠢᠯ ᠤᠨ ᠡᠭᠦᠷᠭᠡ | ᠬᠠᠷᠢᠭᠤᠴᠠᠯᠭ᠎ᠠ ᠪᠠᠨ ᠭᠦᠶ᠋ᠴᠡᠳᠬᠡᠭᠰᠡᠨ ᠦᠨᠡᠯᠡᠯᠲᠡ ᠨᠢ ᠬᠢᠷᠢ ᠲᠡᠩᠴᠡᠭᠰᠡᠨ ᠥᠬᠡᠶ ᠵᠢᠴᠢ ᠰᠤᠷᠭᠠᠨ ᠬᠥᠮᠦᠵᠢᠯ ᠤᠨ | ᠬᠢᠨᠠᠨ ᠵᠢᠯᠣᠭᠤᠳᠬᠤ ᠠᠵᠢᠯ ᠢ ᠬᠠᠷᠰᠢᠯᠠᠭᠰᠠᠨ᠂ ᠬᠠᠷᠰᠢᠯᠠᠭᠰᠠᠨ ᠪᠠ ᠥᠯᠥ ᠬᠠᠮᠵᠢᠯᠴᠠᠭᠰᠠᠨ ᠬᠢᠨᠠᠨ | ᠵᠢᠯᠣᠭᠤᠳᠤᠭᠳᠠᠭᠰᠠᠨ ᠰᠤᠷᠭᠠᠭᠤᠯᠢ ᠶᠢ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠠᠴᠠ ᠬᠤᠯᠪᠣᠭᠳᠠᠯ | ᠪᠥᠬᠦᠶ ᠲᠣᠭᠲᠠᠭᠠᠯ ᠶᠣᠰᠣᠭᠠᠷ ᠵᠠᠷᠯᠠᠨ ᠰᠢᠭᠦᠮᠵᠢᠯᠡᠬᠦ ᠶᠢᠨ ᠬᠠᠮᠲᠤ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠳᠤ ᠬᠠᠷᠢᠭᠤᠴᠠᠯᠭ᠎ᠠ ᠬᠡᠯᠡᠯᠴᠡᠬᠦ ᠰᠠᠨᠠᠭᠤᠯᠭ᠎ᠠ ᠳᠤᠷᠠᠳᠤᠨ᠎ᠠ᠃ ᠬᠠᠷᠢᠭᠤᠴᠠᠯᠭ᠎ᠠ ᠨᠡᠬᠡᠮᠵᠢᠯᠡᠭᠰᠡᠨ | ᠪᠠ ᠰᠢᠶ᠋ᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠬᠠᠮᠢᠶ᠎ᠠ | ᠪᠥᠬᠦᠶ ᠪᠦᠷᠢᠯᠳᠦᠬᠦᠨ ᠨᠢᠭᠡᠴᠡ︶ | |