| ᠨᠢᠭᠡ᠂ ᠲᠣᠭᠲᠠᠭᠠᠭᠰᠠᠨ ᠠᠬᠤᠶ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ | ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠪᠣᠯᠤᠨ ᠡᠯ᠎ᠡ ᠨᠢᠭᠡᠴᠢ ᠶᠢᠨ ᠬᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ | ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠢ ᠣᠯᠠᠨ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠪᠠᠶᠢᠭᠠᠳ ᠭᠠᠯ ᠢ ᠰᠡᠷᠭᠡᠶᠢᠯᠡᠬᠦ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠬᠦᠨᠳᠦ ᠶᠡᠭᠡ | ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠭᠠᠯ ᠢ ᠰᠡᠷᠭᠡᠶᠢᠯᠡᠬᠦ ᠠᠮᠤᠷ ᠲᠦᠪᠰᠢᠨ ᠤ | ᠵᠠᠰᠠᠯᠲᠠ ᠶᠢᠨ ᠦᠷ᠎ᠡ ᠪᠦᠲᠦᠮᠵᠢ ᠢᠯᠡᠷᠬᠡᠶ ᠪᠠᠶᠢᠵᠤ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠴᠢᠳᠠᠪᠤᠷᠢ ᠶᠢ | ᠢᠯᠡᠳᠲᠡ ᠳᠡᠭᠡᠭᠰᠢᠯᠡᠭᠦᠯᠦᠨ᠂ ᠭᠠᠯ ᠤᠨ ᠭᠠᠮᠰᠢᠭ ᠤᠨ ᠶᠡᠷᠦᠩᠬᠡᠶ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠵᠤ᠂ | ᠪᠥᠬᠦ ᠣᠷᠣᠨ ᠤ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠯ ᠢ ᠪᠠᠲᠤᠯᠠᠬᠤ᠂ ᠠᠵᠤ ᠠᠬᠤᠶ ᠶᠢᠨ | ᠬᠥᠭᠵᠢᠯᠲᠡ ᠳᠤ ᠦᠢᠯᠡᠴᠢᠯᠡᠬᠦ ᠳᠤ ᠴᠢᠬᠤᠯᠠ ᠦᠢᠯᠡᠳᠦᠯ ᠢᠶᠠᠨ ᠪᠠᠳᠠᠷᠠᠭᠤᠯᠪᠠ᠃ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠵᠤ᠂ ᠨᠢᠭᠡᠳᠦᠭᠡᠷ ᠵᠠᠭᠤᠨ ᠵᠢᠯ ᠤᠨ ᠬᠠᠷᠠᠯᠲᠠ ᠶᠢ ᠪᠡᠶᠡᠯᠡᠭᠦᠯᠦᠭᠰᠡᠨ ᠢᠯᠠᠯᠲᠠ ᠶᠢᠨ ᠡᠷᠴᠢᠨ | ᠳᠡᠭᠡᠷ᠎ᠡ ᠪᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ | ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠭᠰᠠᠨ ᠠᠩᠬᠠᠨ ᠤ | ᠲᠠᠪᠤᠨ ᠵᠢᠯ ᠮᠥᠷᠲᠡᠭᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢ ᠲᠡᠷᠢᠭᠦᠨ ᠳᠤ | ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ | ᠵᠠᠮ ᠢᠶᠠᠷ ᠰᠠᠶᠢᠲᠤᠷ ᠵᠠᠮᠨᠠᠵᠤ᠂ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ | ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠭᠠᠯ ᠢ ᠰᠡᠷᠭᠡᠶᠢᠯᠡᠵᠦ | ᠠᠪᠤᠷᠠᠨ ᠲᠤᠰᠠᠯᠠᠬᠤ ᠦᠢᠯᠡᠰ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠪᠠ | ᠬᠡᠷᠡᠭᠵᠢᠭᠦᠯᠵᠦ᠂ ᠭᠠᠯ ᠢ ᠰᠡᠷᠭᠡᠶᠢᠯᠡᠬᠦ ᠠᠵᠢᠯ ᠢ ᠴᠢᠩᠭᠠᠳᠬᠠᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠢ ᠣᠯᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠲᠤᠬᠠᠶ ᠶᠡᠷᠦᠩᠬᠡᠢ ᠱᠦᠵᠢ ᠰᠢ ᠶᠢᠨ | ᠫᠢᠩ ᠤᠨ ᠰᠢᠷᠢᠰ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠦᠢᠯᠡᠰ ᠬᠢᠭᠡᠳ ᠥᠪᠡᠷᠲᠡᠭᠡᠨ | ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠦᠨᠳᠦ | ᠶᠡᠭᠡ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠯ᠎ᠡ ᠲᠥᠷᠥᠯ ᠤᠨ ᠭᠠᠮᠰᠢᠭ ᠢ ᠠᠷᠭᠠᠴᠠᠭᠠᠨ | ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠂ ᠡᠭᠡ ᠤᠯᠤᠰ ᠤᠨ ᠤᠮᠠᠷᠠᠲᠤ ᠬᠢᠯᠢ ᠶᠢᠨ ᠠᠮᠤᠷ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ︽ᠲᠥᠯᠥᠪᠵᠢᠭᠦᠯᠭᠡ︾ ᠶᠢᠨ ᠭᠤᠣᠯ ᠠᠭᠤᠯᠭ᠎ᠠ | ᠲᠥᠯᠥᠪᠵᠢᠭᠦᠯᠭᠡ ᠨᠢ ᠪᠦᠲᠦᠴᠡ ᠶᠢᠨ ᠲᠠᠯ᠎ᠠ ᠪᠠᠷ ᠴᠠᠭ ᠤᠨ ᠪᠠᠶᠢᠳᠠᠯ ᠤᠨ ᠵᠠᠳᠠᠯᠤᠯᠲᠠ᠂ ᠶᠡᠷᠦᠩᠬᠡᠶ | ᠰᠡᠳᠬᠢᠮᠵᠢ᠂ ᠭᠤᠤᠯ ᠡᠭᠦᠷᠭᠡ᠂ ᠴᠢᠬᠤᠯᠠ ᠶᠡᠭᠡ ᠢᠨᠵᠧᠨᠧᠷᠢᠩ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ | ᠳᠠᠭᠠᠯᠳᠤᠭᠤᠯᠤᠯ ᠬᠡᠰᠡᠭ ᠢᠶᠠᠷ ᠪᠦᠷᠢᠯᠳᠦᠪᠡ᠃ | ᠨᠢᠭᠡᠳᠦᠭᠡᠷ ᠪᠦᠯᠦᠭ ᠨᠢ ᠴᠠᠭ ᠤᠨ ᠪᠠᠶᠢᠳᠠᠯ ᠤᠨ ᠵᠠᠳᠠᠯᠤᠯᠲᠠ ᠪᠠᠶᠢᠵᠤ᠂ ᠠᠷᠪᠠᠨ ᠭᠤᠷᠪᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ | ᠦᠢᠯᠡᠰ ᠤᠨ ᠣᠯᠤᠭᠰᠠᠨ ᠭᠤᠤᠯ ᠦᠷ᠎ᠡ ᠪᠦᠲᠦᠮᠵᠢ ᠶᠢ ᠡᠷᠭᠢᠴᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠠᠵᠢᠯ ᠳᠤ ᠲᠤᠯᠭᠠᠷᠠᠭᠰᠠᠨ | ᠥᠷᠢᠰᠥᠯᠳᠦᠭᠡᠨ ᠪᠠ ᠠᠵᠠ ᠲᠣᠬᠢᠶᠠᠯ ᠢ ᠵᠠᠳᠠᠯᠪᠠ᠃ | ᠬᠤᠶᠠᠳᠤᠭᠠᠷ ᠪᠦᠯᠦᠭ ᠨᠢ ᠶᠡᠷᠦᠩᠬᠡᠶ ᠰᠡᠳᠬᠢᠮᠵᠢ ᠪᠠᠶᠢᠵᠤ᠂ ᠮᠠᠨ ᠤ ᠣᠷᠣᠨ ᠤ ᠬᠤᠶᠢᠰᠢᠳᠠ ᠶᠢᠨ ᠲᠠᠪᠤᠨ | ᠵᠢᠯ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠦᠢᠯᠡᠰ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ | ᠦᠨᠳᠦᠰᠦᠨ ᠵᠠᠷᠴᠢᠮ ᠪᠣᠯᠤᠨ ᠭᠤᠣᠯ ᠬᠠᠷᠠᠯᠲᠠ ᠶᠢ ᠲᠣᠳᠣᠷᠬᠠᠶᠢᠯᠠᠨ ᠥᠭᠦᠯᠡᠪᠡ᠃ | ᠭᠤᠷᠪᠠᠳᠤᠭᠠᠷ ᠪᠦᠯᠦᠭ ᠨᠢ ᠭᠤᠣᠯ ᠡᠭᠦᠷᠭᠡ ᠪᠠᠶᠢᠵᠤ᠂ ᠲᠤᠯᠤᠭᠠᠨ ᠬᠡᠰᠡᠭ ᠬᠤᠪᠢᠶᠠᠪᠠ᠄ | ᠨᠢᠭᠡᠳᠦᠭᠡᠷ ᠬᠡᠰᠡᠭ ᠨᠢ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠭᠤᠯᠭ᠎ᠠ ᠪᠠᠶᠢᠵᠤ᠂ ᠭᠠᠯ ᠢ ᠰᠡᠷᠭᠡᠶᠢᠯᠡᠬᠦ ᠬᠠᠤᠯᠢ ᠲᠣᠭᠲᠠᠭᠠᠯ ᠤᠨ | ᠪᠠᠷᠢᠮᠵᠢᠶ᠎ᠠ ᠶᠢ ᠲᠡᠭᠦᠯᠳᠡᠷᠵᠢᠭᠦᠯᠬᠦ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠭᠡᠰᠡᠨ ᠬᠤᠶᠠᠷ ᠬᠡᠰᠡᠭ ᠢᠶᠠᠷ ᠪᠦᠷᠢᠯᠳᠦᠪᠡ᠃ ᠭᠠᠯ ᠢ ᠰᠡᠷᠭᠡᠶᠢᠯᠡᠬᠦ ᠬᠠᠤᠯᠢ ᠲᠣᠭᠲᠠᠭᠠᠯ ᠤᠨ | ᠪᠠᠷᠢᠮᠵᠢᠶ᠎ᠠ ᠶᠢᠨ ᠪᠠᠶᠢᠭᠤᠯᠤᠯᠲᠠ ᠶᠢᠨ ᠡᠭᠦᠷᠭᠡ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ᠂ ᠠᠵᠢᠯ ᠲᠥᠷᠥᠯ ᠤᠨ | ᠰᠠᠯᠠᠭ᠎ᠠ ᠮᠥᠴᠢᠷ᠂ ᠨᠡᠶᠢᠭᠡᠮ ᠨᠢᠬᠡᠴᠡ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ | ᠬᠤᠶᠠᠳᠤᠭᠠᠷ ᠬᠡᠰᠡᠭ ᠨᠢ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠪᠠ ᠵᠠᠰᠠᠬᠤ ᠬᠢᠷᠢ ᠲᠦᠪᠰᠢᠨ ᠢ | ᠳᠡᠭᠡᠭᠰᠢᠯᠡᠭᠦᠯᠬᠦ ᠲᠤᠬᠠᠢ ᠠᠭᠤᠯᠭ᠎ᠠ ᠪᠠᠶᠢᠵᠤ᠂ ᠭᠠᠯ ᠢ ᠰᠡᠷᠭᠡᠶᠢᠯᠡᠬᠦ ᠶᠢ ᠨᠠᠷᠢᠯᠢᠭ ᠣᠨᠣᠴᠠᠲᠠᠶ ᠵᠠᠰᠠᠯᠲᠠ ᠶᠢ | ᠴᠢᠩᠭᠠᠳᠬᠠᠬᠤ᠂ ᠭᠠᠯ ᠢ ᠰᠡᠷᠭᠡᠶᠢᠯᠡᠬᠦ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠬᠦ᠂ | ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠭᠤᠷᠪᠠᠨ ᠲᠠᠯ᠎ᠠ ᠠᠴᠠ ᠡᠭᠦᠷᠭᠡ | ᠲᠣᠭᠲᠠᠭᠠᠪᠠ᠃ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠶ ᠵᠠᠰᠠᠯᠲᠠ ᠶᠢ ᠰᠠᠶᠢᠲᠤᠷ ᠠᠳᠬᠤᠵᠤ᠂ ᠭᠠᠯ ᠢ | ᠰᠡᠷᠭᠡᠶᠢᠯᠡᠬᠦ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨᠴᠢ | ᠪᠥᠭᠡᠳ ᠵᠦᠢ ᠵᠣᠬᠢᠰᠲᠠᠶ᠂ ᠵᠢᠷᠤᠮᠵᠢᠯ ᠲᠠᠢ ᠪᠥᠭᠡᠳ ᠥᠨᠳᠥᠷ ᠪᠦᠲᠦᠮᠵᠢᠲᠡᠶ᠂ ᠲᠥᠪ ᠭᠤᠣᠯᠴᠢ ᠪᠥᠭᠡᠳ ᠢᠯᠡ | ᠲᠣᠳᠣ ᠭᠠᠯ ᠢ ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠠᠯ ᠢ | ᠰᠡᠷᠭᠡᠶᠢᠯᠡᠬᠦ ᠬᠢᠨᠠᠯᠲᠠ ᠬᠠᠮᠢᠶᠠᠷᠤᠯᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ | ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ | ᠭᠤᠷᠪᠠᠳᠤᠭᠠᠷ ᠬᠡᠰᠡᠭ ᠨᠢ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠬᠦᠴᠦᠨ ᠤ ᠲᠣᠭᠲᠠᠯᠴᠠᠭ᠎ᠠ ᠶᠢ | ᠪᠠᠶᠢᠭᠤᠯᠬᠤ ᠲᠤᠬᠠᠢ ᠠᠭᠤᠯᠭ᠎ᠠ ᠪᠠᠶᠢᠵᠤ᠂ ᠤᠯᠤᠰ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠬᠤ᠂ ᠤᠯᠠᠨ ᠵᠦᠢᠯ ᠤᠨ ᠬᠡᠯᠪᠡᠷᠢ ᠶᠢᠨ ᠭᠠᠯ ᠢ ᠰᠡᠷᠭᠡᠶᠢᠯᠡᠬᠦ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠬᠤ᠂ ᠣᠶᠢᠲᠤ ᠣᠷᠣᠨ ᠬᠤᠳᠠ ᠪᠠᠯᠭᠠᠰᠤᠨ ᠤ ᠭᠠᠯ ᠢ ᠰᠡᠷᠭᠡᠶᠢᠯᠡᠬᠦ ᠡᠩᠨᠡᠭᠡ ᠶᠢ | ᠥᠭᠡᠷᠡᠴᠢᠯᠡᠨ ᠪᠠᠶᠢᠭᠤᠯᠵᠤ ᠬᠦᠯᠢᠶᠡᠨ ᠠᠪᠬᠤ ᠶᠢ ᠪᠡᠶᠡᠯᠡᠭᠦᠯᠬᠦ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ | ᠡᠩᠨᠡᠭᠡᠨ ᠤ ᠪᠣᠳᠠᠲᠤ ᠪᠠᠶᠢᠯᠳᠤᠭᠠᠨ ᠪᠣᠳᠠᠲᠤ ᠰᠤᠷᠭᠠᠭᠤᠯᠢᠯᠠᠯ ᠢ ᠴᠢᠩᠭᠠᠳᠬᠠᠬᠤ᠂ ᠭᠠᠯ ᠢ ᠰᠡᠷᠭᠡᠶᠢᠯᠡᠵᠦ ᠠᠪᠤᠷᠠᠨ | ᠲᠤᠰᠠᠯᠠᠬᠤ ᠶᠢᠨ ᠲᠤᠬᠢᠷᠠᠭᠤᠯᠤᠯᠲᠠ ᠵᠢᠯᠤᠭᠤᠳᠤᠯᠭ᠎ᠠ ᠶᠢ ᠴᠢᠩᠭᠠᠳᠬᠠᠬᠤ ᠵᠡᠷᠭᠡ 6 ᠲᠠᠯ᠎ᠠ ᠶᠢᠨ ᠡᠭᠦᠷᠭᠡ ᠬᠤᠪᠢᠶᠠᠪᠠ᠃ | ᠪᠥᠬᠦ ᠣᠷᠣᠨ ᠳᠤ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ 85 ᠥᠷᠲᠡᠭᠡ ᠶᠢ ᠰᠢᠨ᠎ᠡ ᠪᠠᠷ ᠪᠠᠶᠢᠭᠤᠯᠬᠤ ᠪᠤᠶᠤ | ᠥᠭᠡᠷᠡᠴᠢᠯᠡᠨ ᠪᠠᠶᠢᠭᠤᠯᠵᠤ᠂ ᠬᠥᠬᠡᠬᠤᠲᠠ ᠳᠤ 27᠂ ᠪᠤᠭᠤᠲᠤ ᠬᠤᠲᠠ ᠳᠤ 12᠂ ᠬᠥᠯᠥᠨ ᠪᠤᠶᠢᠷ ᠬᠤᠲᠠ ᠳᠤ | 19᠂ ᠬᠢᠩᠭᠠᠨ ᠠᠶᠢᠮᠠᠭ ᠲᠤ 1᠂ ᠲᠦᠩᠯᠢᠶᠣᠤ ᠬᠤᠲᠠ ᠳᠤ 3᠂ ᠤᠯᠠᠭᠠᠨᠬᠠᠳᠠ ᠬᠤᠲᠠ ᠳᠤ 2᠂ ᠰᠢᠯᠢ ᠶᠢᠨ | ᠭᠤᠤᠯ ᠠᠶᠢᠮᠠᠭ ᠲᠤ 3᠂ ᠤᠯᠠᠭᠠᠨᠴᠠᠪ ᠬᠤᠲᠠ ᠳᠤ 3᠂ ᠣᠷᠳᠣᠰ ᠬᠤᠲᠠ ᠳᠤ 6᠂ ᠪᠠᠶᠠᠨᠨᠠᠭᠤᠷ ᠬᠤᠲᠠ ᠳᠤ 4᠂ | ᠦᠬᠠᠶ ᠬᠤᠲᠠ ᠳᠤ 4᠂ ᠠᠯᠠᠱᠠ ᠠᠶᠢᠮᠠᠭ ᠲᠤ 1 ᠪᠣᠶ︔ ᠰᠤᠷᠭᠠᠭᠤᠯᠢᠯᠠᠯ ᠤᠨ ᠰᠠᠭᠤᠷᠢᠨ ᠢ 6 ᠪᠠᠶᠢᠭᠤᠯᠵᠤ᠂ | ᠰᠤᠷᠭᠠᠭᠤᠯᠢᠯᠠᠯ ᠤᠨ ᠪᠡᠯᠡᠳᠬᠡᠮᠵᠢ ᠶᠢ 300 ᠰᠢᠬᠠᠮ ᠪᠠᠶᠢᠭᠤᠯᠤᠨ᠎ᠠ︔ ᠵᠠᠰᠠᠭ ᠤᠨ ᠣᠷᠳᠣᠨ ᠤ ᠭᠠᠯ ᠢ ᠰᠡᠷᠭᠡᠶᠢᠯᠡᠬᠦ | ᠲᠤᠰᠬᠠᠶ ᠡᠩᠨᠡᠭᠡ ᠶᠢ 253 ᠪᠠᠶᠢᠭᠤᠯᠵᠤ᠂ ᠵᠠᠰᠠᠭ ᠤᠨ ᠣᠷᠳᠣᠨ ᠤ ᠭᠠᠯ ᠢ ᠰᠡᠷᠭᠡᠶᠢᠯᠡᠬᠦ ᠲᠤᠰᠬᠠᠶ ᠥᠷᠲᠡᠭᠡᠨ ᠤ | ᠭᠡᠰᠢᠭᠦᠨ ᠢ 3100 ᠭᠠᠷᠤᠶ ᠬᠥᠮᠦᠨ᠂ ᠭᠠᠯ ᠢ ᠰᠡᠷᠭᠡᠶᠢᠯᠡᠬᠦ ᠪᠢᠴᠢᠭ ᠤᠨ ᠠᠵᠢᠯᠲᠠᠨ 600 ᠭᠠᠷᠤᠶ ᠬᠥᠮᠦᠨ | ᠡᠯᠰᠡᠨ᠎ᠡ︔ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷᠠᠬᠢ ︽ᠨᠢᠭᠡᠳᠦᠯᠲᠡᠶ ᠵᠢᠯᠣᠭᠤᠳᠴᠤ᠂ | ᠱᠠᠳᠤ ᠬᠤᠪᠢᠶᠠᠨ ᠬᠠᠷᠢᠭᠤᠴᠠᠬᠤ︾ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠶᠢᠨ ᠲᠣᠬᠢᠷᠠᠭᠤᠯᠤᠨ ᠵᠢᠯᠣᠭᠤᠳᠬᠤ | ᠲᠣᠭᠲᠠᠯᠴᠠᠭ᠎ᠠ ᠶᠢ ᠪᠠᠶᠢᠭᠤᠯᠤᠨ᠎ᠠ᠃ | ᠳᠥᠷᠪᠡᠳᠦᠭᠡᠷ ᠬᠡᠰᠡᠭ ᠨᠢ ᠲᠠᠶᠢᠨ ᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ | ᠠᠭᠤᠯᠭ᠎ᠠ ᠪᠠᠶᠢᠵᠤ᠂ ᠣᠳᠣᠬᠢᠴᠢᠯᠠᠭᠰᠠᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠲᠤᠨᠤᠭ ᠲᠥᠬᠦᠭᠡᠷᠦᠮᠵᠢ ᠶᠢ | ᠲᠤᠬᠢᠷᠠᠭᠤᠯᠬᠤ᠂ ᠲᠠᠶᠢᠨ ᠤ ᠦᠢᠯᠡᠴᠢᠯᠡᠭᠡᠨ ᠤ ᠡᠳ᠋ ᠪᠣᠳᠠᠰ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠳ᠋ ᠪᠣᠳᠠᠰ ᠢ ᠬᠠᠳᠠᠭᠠᠯᠠᠵᠤ ᠵᠥᠭᠡᠭᠡᠪᠦᠷᠢᠯᠡᠨ | ᠠᠰᠢᠭᠯᠠᠯᠲᠠ ᠳᠤ ᠣᠷᠣᠭᠤᠯᠬᠤ ᠶᠢ ᠴᠢᠩᠭᠠᠳᠬᠠᠬᠤ᠂ ᠴᠢᠳᠠᠪᠤᠷᠢᠲᠠᠨ ᠤ ᠪᠠᠲᠤᠯᠠᠭ᠎ᠠ ᠶᠢᠨ ᠪᠠᠶᠢᠭᠤᠯᠤᠯᠲᠠ ᠶᠢ | ᠴᠢᠩᠭᠠᠳᠬᠠᠬᠤ ᠵᠡᠷᠭᠡ ᠲᠦᠷᠪᠡᠨ ᠲᠠᠯ᠎ᠠ ᠠᠴᠠ ᠡᠭᠦᠷᠭᠡ ᠶᠢ ᠲᠣᠭᠲᠠᠭᠠᠪᠠ᠃ ᠭᠠᠯ ᠢ ᠰᠡᠷᠭᠡᠶᠢᠯᠡᠵᠦ ᠠᠪᠤᠷᠠᠨ | ᠲᠤᠰᠠᠯᠠᠬᠤ ᠲᠡᠷᠭᠡ ᠶᠢ 1000 ᠰᠢᠬᠠᠮ ᠰᠢᠨ᠎ᠡ ᠪᠠᠷ ᠨᠡᠮᠡᠭᠳᠡᠭᠦᠯᠵᠦ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ | ᠡᠯ᠎ᠡ ᠵᠦᠢᠯ ᠤᠨ ᠪᠠᠭᠠᠵᠢ ᠬᠡᠷᠡᠭᠰᠡᠯ ᠢ 40 ᠭᠠᠷᠤᠶ ᠲᠦᠮᠡ ᠬᠤᠳᠠᠯᠳᠤᠨ ᠠᠪᠴᠤ᠂ ᠭᠠᠯ ᠢ ᠰᠡᠷᠭᠡᠶᠢᠯᠡᠬᠦ | ᠤᠨᠲᠠᠷᠠᠭᠠᠭᠤᠷ ᠢ 3000 ᠭᠠᠷᠤᠶ ᠲᠣᠨ ᠲᠣᠬᠢᠷᠠᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠳᠠᠶᠢᠨ ᠤ | ᠦᠢᠯᠡᠴᠢᠯᠡᠭᠡᠨ ᠤ ᠡᠳ᠋ ᠪᠠᠷᠠᠭ᠎ᠠ ᠶᠢᠨ ᠪᠠᠲᠤᠯᠠᠭ᠎ᠠ ᠶᠢᠨ ᠬᠥᠮᠥᠷᠭᠡ 1 ᠪᠠ ᠠᠶᠢᠮᠠᠭ ᠬᠤᠲᠠ ᠶᠢᠨ ᠳᠡᠰ ᠤᠨ ᠳᠠᠶᠢᠨ ᠤ | ᠦᠢᠯᠡᠴᠢᠯᠡᠭᠡᠨ ᠤ ᠪᠠᠲᠤᠯᠠᠭ᠎ᠠ ᠶᠢᠨ ᠰᠠᠭᠤᠷᠢᠨ ᠭᠠᠵᠠᠷ ᠢ 5 ᠪᠠᠶᠢᠭᠤᠯᠵᠤ᠂ ᠣᠷᠣᠨ ᠪᠦᠰᠡ ᠶᠢᠨ ︽ | 1+5+12+N︾ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠳ᠋ ᠪᠠᠷᠠᠭ᠎ᠠ ᠶᠢᠨ ᠨᠥᠭᠡᠴᠡᠯᠡᠨ | ᠪᠠᠲᠤᠯᠠᠬᠤ ᠰᠦᠯᠵᠢᠶ᠎ᠡ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ | ᠨᠥᠭᠡᠴᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠳ᠋ ᠪᠠᠷᠠᠭ᠎ᠠ ᠨᠥᠭᠡᠴᠡᠯᠡᠬᠦ ᠪᠠ ᠲᠡᠷᠭᠡ ᠬᠥᠰᠬᠡ ᠲᠣᠨᠤᠭ | ᠲᠥᠬᠦᠭᠡᠷᠦᠮᠵᠢ ᠳᠣᠭᠢᠷᠠᠭᠤᠯᠬᠤ ᠪᠠᠷᠢᠮᠵᠢᠶ᠎ᠠ ᠶᠢ ᠱᠠᠲᠤ ᠲᠥᠷᠥᠯ ᠬᠤᠪᠢᠶᠠᠨ ᠨᠠᠶᠢᠳᠠᠪᠤᠷᠢᠵᠢᠭᠤᠯᠤᠨ᠎ᠠ︔ ᠥᠨᠳᠥᠷ ᠬᠡᠪ | ᠴᠢᠨᠠᠷ ᠪᠦᠬᠦᠢ ᠵᠠᠭᠤ ᠭᠠᠷᠤᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ | ᠲᠠᠪᠤᠳᠤᠭᠠᠷ ᠬᠡᠰᠡᠭ ᠨᠢ ᠭᠠᠯ ᠢ ᠰᠡᠷᠭᠡᠶᠢᠯᠡᠬᠦ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ | ᠴᠢᠩᠭᠠᠷᠠᠭᠤᠯᠬᠤ ᠲᠤᠬᠠᠢ ᠠᠭᠤᠯᠭ᠎ᠠ ᠪᠠᠶᠢᠵᠤ᠂ ᠭᠠᠯ ᠢ ᠰᠡᠷᠭᠡᠶᠢᠯᠡᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠪᠠ | ᠬᠡᠷᠡᠭᠵᠢᠭᠦᠯᠬᠦ ᠶᠢ ᠴᠢᠩᠭᠠᠳᠬᠠᠬᠤ᠂ ᠤᠯᠠᠨ ᠨᠡᠶᠢᠲᠡ ᠶᠢᠨ ᠭᠠᠯ ᠢ ᠰᠡᠷᠭᠡᠶᠢᠯᠡᠬᠦ ᠰᠠᠭᠤᠷᠢ ᠪᠡᠯᠡᠳᠬᠡᠮᠵᠢ ᠶᠢᠨ ᠪᠥᠳᠥᠭᠡᠨ | ᠪᠠᠶᠢᠭᠤᠯᠤᠯᠲᠠ ᠶᠢ ᠴᠢᠩᠭᠠᠳᠬᠠᠬᠤ ᠬᠤᠶᠠᠷ ᠬᠡᠰᠡᠭ ᠢᠶᠠᠷ ᠪᠦᠷᠢᠯᠳᠦᠪᠡ᠃ ᠬᠤᠲᠠ ᠬᠥᠳᠡᠭᠡ ᠶᠢᠨ ᠭᠠᠯ ᠢ ᠰᠡᠷᠭᠡᠶᠢᠯᠡᠬᠦ | ᠠᠮᠤᠷ ᠲᠦᠪᠰᠢᠨ ᠤ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ᠂ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ | ᠥᠷᠲᠡᠭᠡ᠂ ᠭᠠᠯ ᠢ ᠰᠡᠷᠭᠡᠶᠢᠯᠡᠬᠦ ᠲᠡᠷᠭᠡᠨ ᠤ ᠨᠡᠪᠲᠡᠷᠡᠬᠦ ᠵᠠᠮ᠂ ᠭᠠᠯ ᠢ ᠰᠡᠷᠭᠡᠶᠢᠯᠡᠬᠦ ᠤᠰᠤᠨ ᠰᠤᠷᠪᠤᠯᠵᠢ᠂ ᠭᠠᠯ ᠢ | ᠰᠡᠷᠭᠡᠶᠢᠯᠡᠬᠦ ᠴᠢᠮᠡᠭᠡ ᠬᠤᠯᠪᠣᠭ᠎ᠠ ᠪᠣᠯᠤᠨ ᠭᠠᠯ ᠢ ᠰᠡᠷᠭᠡᠶᠢᠯᠡᠬᠦ ᠰᠤᠷᠭᠠᠭᠤᠯᠢᠯᠠᠯ ᠤᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠬᠤᠲᠠ ᠶᠢᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠵᠤ᠂ ᠣᠯᠠᠨ ᠨᠡᠶᠢᠲᠡ ᠶᠢᠨ ᠭᠠᠯ ᠢ | ᠰᠡᠷᠭᠡᠶᠢᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ | ᠬᠤᠲᠠ ᠶᠢᠨ ᠭᠠᠯ ᠢ ᠰᠡᠷᠭᠡᠶᠢᠯᠡᠬᠦ ᠲᠡᠷᠭᠡᠨ ᠤ ᠨᠡᠪᠲᠡᠷᠡᠬᠦ ᠵᠠᠮ ᠤᠨ ᠲᠦᠭᠵᠢᠷᠡᠯ ᠢ ᠰᠢᠢᠳᠪᠦᠷᠢᠯᠡᠵᠦ᠂ ᠬᠤᠲᠠ ᠶᠢᠨ | ᠶᠠᠪᠤᠳᠠᠯ ᠤᠨ ᠭᠠᠯ ᠤᠨᠲᠠᠷᠠᠭᠠᠭᠤᠷ ᠢ 11141᠂ ᠭᠠᠯ ᠢ ᠰᠡᠷᠭᠡᠶᠢᠯᠡᠬᠦ ᠭᠤᠭᠤᠵᠢᠭᠤᠷ ᠢ 1078 ᠰᠢᠨ᠎ᠡ ᠪᠠᠷ | ᠪᠠᠶᠢᠭᠤᠯᠤᠨ᠎ᠠ᠃ | ᠵᠢᠷᠭᠤᠳᠤᠭᠠᠷ ᠬᠡᠰᠡᠭ ᠨᠢ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠠᠬᠢᠭᠤᠯᠬᠤ ᠲᠤᠬᠠᠢ ᠠᠭᠤᠯᠭ᠎ᠠ ᠪᠠᠶᠢᠵᠤ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠬᠤ ᠭᠤᠷᠪᠠᠨ ᠲᠠᠯ᠎ᠠ ᠶᠢᠨ ᠡᠭᠦᠷᠭᠡ ᠶᠢ ᠲᠣᠳᠣᠷᠬᠠᠶᠢᠯᠠᠪᠠ | ᠃ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ | ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ ᠪᠠᠶᠢᠯᠳᠤᠬᠤ ᠪᠣᠳᠣᠯᠭ᠎ᠠ ᠳᠤ ᠠᠭᠤᠰᠤᠯᠴᠠᠭᠤᠯᠤᠨ᠂ ᠭᠠᠯ ᠢ | ᠰᠡᠷᠭᠡᠶᠢᠯᠡᠬᠦ ᠮᠡᠳᠡᠭᠡ ᠵᠠᠩᠭᠢᠵᠢᠯᠲᠠ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠭᠠᠯ ᠢ ᠰᠡᠷᠭᠡᠶᠢᠯᠡᠬᠦ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠠᠪᠴᠠᠩ ᠢ ᠪᠥᠲᠥᠭᠡᠨ ᠪᠠᠶᠢᠭᠤᠯᠵᠤ᠂ ᠴᠢᠮᠡᠭᠡ | ᠬᠤᠯᠪᠣᠭᠠᠨ ᠤ ᠪᠠᠲᠤᠯᠠᠭ᠎ᠠ ᠶᠢᠨ ᠲᠣᠨᠤᠭ ᠲᠥᠬᠦᠭᠡᠷᠦᠮᠵᠢ ᠶᠢ ᠪᠦᠷᠢᠨ ᠭᠦᠢᠴᠡᠳ ᠳᠣᠭᠢᠷᠠᠭᠤᠯᠤᠨ | ᠬᠦᠴᠦᠷᠬᠡᠭᠵᠢᠭᠦᠯᠦᠨ᠎ᠡ᠃ | ᠳᠣᠯᠣᠳᠤᠭᠠᠷ ᠬᠡᠰᠡᠭ ᠨᠢ ᠨᠡᠶᠢᠲᠡ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠬᠦ | ᠲᠤᠬᠠᠢ ᠠᠭᠤᠯᠭ᠎ᠠ ᠪᠠᠶᠢᠵᠤ᠂ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠪᠠᠬᠢᠯᠡᠯᠲᠡ ᠶᠢ ᠬᠦᠴᠦᠷᠬᠡᠭᠵᠢᠭᠦᠯᠦᠨ | ᠪᠠᠶᠢᠭᠤᠯᠵᠤ᠂ ᠭᠠᠯ ᠢ ᠰᠡᠷᠭᠡᠶᠢᠯᠡᠬᠦ ᠬᠥᠮᠦᠵᠢᠯ ᠰᠤᠷᠭᠠᠭᠤᠯᠢᠯᠠᠯ ᠢ ᠴᠢᠩᠭᠠᠳᠬᠠᠬᠤ᠂ ᠭᠠᠯ ᠢ ᠰᠡᠷᠭᠡᠶᠢᠯᠡᠬᠦ ᠰᠣᠶᠣᠯ ᠤᠨ | ᠬᠥᠮᠦᠵᠢᠯ ᠢ ᠠᠬᠢᠭᠤᠯᠬᠤ ᠭᠤᠷᠪᠠᠨ ᠠᠭᠤᠯᠭ᠎ᠠ ᠶᠢ ᠪᠠᠭᠲᠠᠭᠠᠨ᠎ᠠ᠃ ᠡᠯ᠎ᠡ ᠱᠠᠲᠤᠨ ᠤ ᠭᠠᠯ ᠢ ᠰᠡᠷᠭᠡᠶᠢᠯᠡᠬᠦ ᠰᠢᠨᠵᠢᠯᠡᠬᠦ | ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ᠂ ᠭᠠᠯ ᠢ ᠰᠡᠷᠭᠡᠶᠢᠯᠡᠬᠦ ᠰᠡᠳᠦᠪᠲᠦ | ᠴᠡᠴᠡᠷᠯᠢᠭ ︵ᠰᠣᠶᠣᠯ ᠤᠨ ᠲᠠᠯᠠᠪᠠᠢ᠂ ᠵᠡᠭᠡᠯᠢ ᠲᠣᠭᠤᠷᠢᠭ︶ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠵᠤ᠂ | ᠰᠢᠨ᠎ᠡ ᠵᠠᠭᠤᠴᠢᠯᠠᠭᠤᠷ ᠤᠨ ᠪᠠᠬᠢᠯᠡᠯᠲᠡ ᠪᠣᠯᠤᠨ ᠬᠠᠮ ᠵᠠᠭᠤᠴᠢᠯᠠᠭᠤᠷ ᠤᠨ ᠲᠥᠪ ᠤᠨ ᠪᠥᠳᠥᠭᠡᠨ ᠪᠠᠶᠢᠭᠤᠯᠤᠯᠲᠠ ᠶᠢ | ᠴᠢᠩᠭᠠᠳᠬᠠᠨ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠠᠷᠠᠳ ᠤᠨ ᠬᠡᠪ ᠴᠢᠨᠠᠷ ᠤᠨ ᠬᠥᠮᠦᠵᠢᠯ᠂ | ᠬᠠᠤᠯᠢ ᠲᠦᠭᠡᠮᠡᠯᠵᠢᠭᠦᠯᠬᠦ ᠬᠥᠮᠦᠵᠢᠯ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ᠂ | ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠰᠤᠷᠭᠠᠭᠤᠯᠢᠯᠠᠯ ᠵᠡᠷᠭᠡ ᠬᠥᠮᠦᠵᠢᠯ ᠤᠨ ᠲᠣᠭᠲᠠᠯᠴᠠᠭ᠎ᠠ ᠳᠤ | ᠣᠷᠣᠭᠤᠯᠤᠨ᠎ᠠ᠃ | ᠳᠥᠷᠪᠡᠳᠦᠭᠡᠷ ᠪᠦᠯᠦᠭ ᠨᠢ ᠴᠢᠬᠤᠯᠠ ᠶᠡᠭᠡ ᠢᠨᠵᠧᠨᠧᠷᠢᠩ ᠪᠠᠶᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ 6 ᠴᠢᠬᠤᠯᠠ ᠶᠡᠭᠡ ᠢᠨᠵᠧᠨᠧᠷᠢᠩ ᠢ ᠲᠣᠳᠣᠷᠬᠠᠶᠢᠯᠠᠪᠠ᠃ | ᠨᠢᠭᠡᠳᠦᠭᠡᠷ ᠵᠦᠢᠯ ᠨᠢ ᠭᠠᠯ ᠢ ᠰᠡᠷᠭᠡᠶᠢᠯᠡᠬᠦ ᠠᠮᠤᠷ ᠲᠦᠪᠰᠢᠨ ᠤ ᠵᠠᠰᠠᠯᠲᠠ ᠶᠢ ᠳᠡᠭᠡᠭᠰᠢᠯᠡᠭᠦᠯᠬᠦ ᠢᠨᠵᠧᠨᠧᠷᠢᠩ | ᠪᠠᠶᠢᠵᠤ᠂ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠤᠨ᠂ ᠠᠵᠢᠯ ᠲᠥᠷᠥᠯ ᠤᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ | ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠥᠷᠨᠢᠭᠦᠯᠵᠦ᠂ ᠨᠢᠭᠡᠴᠡ ᠨᠡᠶᠢᠭᠡᠮ ᠲᠣᠭᠤᠷᠢᠭ ᠤᠨ | ᠭᠠᠯ ᠢ ᠰᠡᠷᠭᠡᠶᠢᠯᠡᠬᠦ ᠠᠮᠤᠷ ᠲᠦᠪᠰᠢᠨ ᠤ ᠴᠢᠳᠠᠪᠤᠷᠢ ᠶᠢ ᠳᠡᠭᠡᠭᠰᠢᠯᠡᠭᠦᠯᠦᠨ᠂ ᠭᠠᠯ ᠢ ᠰᠡᠷᠭᠡᠶᠢᠯᠡᠬᠦ ᠠᠮᠤᠷ ᠲᠦᠪᠰᠢᠨ ᠤ | ᠵᠠᠰᠠᠯᠲᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ᠭᠠᠯ ᠢ ᠰᠡᠷᠭᠡᠶᠢᠯᠡᠬᠦ ᠬᠢᠨᠠᠯᠲᠠ ᠲᠠᠯᠪᠢᠵᠤ | ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠬᠤᠶᠠᠳᠤᠭᠠᠷ ᠵᠦᠢᠯ ᠨᠢ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠲᠤᠰᠬᠠᠶ ᠠᠪᠤᠷᠠᠨ ᠲᠤᠰᠠᠯᠠᠬᠤ | ᠬᠦᠴᠦᠨ ᠤ ᠪᠠᠶᠢᠭᠤᠯᠤᠯᠲᠠ ᠶᠢᠨ ᠢᠨᠵᠧᠨᠧᠷᠢᠩ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠪᠡᠯᠡᠳᠬᠡᠯ ᠰᠠᠯᠪᠤᠷᠢ ᠠᠩᠭᠢ ᠳᠤ ᠬᠠᠷᠢᠶᠠᠯᠠᠭᠳᠠᠬᠤ 8 | ᠲᠤᠰᠬᠠᠶ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠡᠩᠨᠡᠭᠡ ᠶᠢᠨ ᠠᠪᠤᠷᠠᠨ | ᠲᠤᠰᠠᠯᠠᠬᠤ ᠴᠢᠳᠠᠪᠤᠷᠢ ᠶᠢᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠶᠢ ᠥᠷᠨᠢᠭᠦᠯᠦᠨ᠂ ︽1+12+N︾ ᠣᠷᠣᠨ | ᠪᠦᠰᠡ ᠠᠯᠤᠰᠯᠠᠭᠰᠠᠨ ᠪᠠᠶᠢᠯᠳᠤᠭᠠᠨ ᠤ ᠲᠣᠭᠲᠠᠯᠴᠠᠭ᠎ᠠ ᠶᠢ ᠪᠦᠷᠢᠯᠳᠦᠭᠦᠯᠦᠨ᠎ᠡ᠃ | ᠭᠤᠷᠪᠠᠳᠤᠭᠠᠷ ᠵᠦᠢᠯ ᠨᠢ ᠤᠯᠤᠰ ᠤᠨ ᠲᠠᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠳᠡᠯ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠣᠳᠠᠲᠤ ᠳᠠᠶᠢᠨ ᠪᠣᠳᠠᠲᠤ ᠰᠤᠷᠭᠠᠭᠤᠯᠢᠯᠠᠯ ᠤᠨ ᠰᠠᠭᠤᠷᠢᠨ ᠭᠠᠵᠠᠷ | ᠪᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠳᠡᠯ ᠢ ᠰᠢᠢᠳᠪᠦᠷᠢᠯᠡᠬᠦ ᠲᠤᠰᠬᠠᠢ ᠠᠪᠤᠷᠠᠨ ᠲᠤᠰᠠᠯᠠᠬᠤ | ᠠᠩᠭᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠣᠯᠤᠨ᠎ᠠ᠃ ᠣᠷᠳᠣᠰ ᠬᠤᠲᠠ ᠳᠤ ᠤᠯᠤᠰ ᠤᠨ | ᠲᠠᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠪᠤᠷᠠᠨ ᠲᠤᠰᠠᠯᠠᠬᠤ ᠲᠤᠰᠬᠠᠶ ᠰᠤᠷᠭᠠᠭᠤᠯᠢᠯᠠᠯ ᠤᠨ | ᠰᠠᠭᠤᠷᠢᠨ ᠭᠠᠵᠠᠷ ᠢ ᠪᠠᠶᠢᠭᠤᠯᠬᠤ ᠶᠢᠨ ᠬᠠᠮᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠳᠡᠯ ᠢ | ᠰᠢᠢᠳᠪᠦᠷᠢᠯᠡᠬᠦ ᠰᠢᠪᠲᠤᠯᠤᠯᠲᠠ ᠶᠢᠨ ᠴᠢᠳᠠᠪᠤᠷᠢ ᠲᠠᠢ ᠤᠯᠤᠰ ᠤᠨ ᠲᠠᠰ ᠤᠨ ᠲᠤᠰᠬᠠᠶᠢᠵᠢᠭᠰᠠᠨ ᠡᠩᠨᠡᠭᠡ ᠶᠢ | ᠪᠠᠶᠢᠭᠤᠯᠤᠨ᠎ᠠ᠃ | ᠳᠥᠷᠪᠡᠳᠦᠭᠡᠷ ᠵᠦᠢᠯ ᠨᠢ ᠬᠢᠮᠢ ᠶᠢᠨ ᠠᠵᠤ ᠦᠢᠯᠡᠳᠪᠦᠷᠢ ᠶᠢᠨ ᠭᠠᠮᠰᠢᠭ ᠠᠳᠡᠯ ᠤᠨ ᠭᠠᠯ ᠢ ᠰᠡᠷᠭᠡᠶᠢᠯᠡᠵᠦ | ᠠᠪᠤᠷᠠᠨ ᠲᠤᠰᠠᠯᠠᠬᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠᠶᠢᠵᠤ᠂ ᠥᠪᠡᠷᠲᠡᠭᠡᠨ ᠵᠠᠰᠠᠬᠤ | ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠠᠷᠬᠠᠯᠲᠠ ᠶᠢᠨ ᠪᠠᠶᠢᠳᠠᠯ ᠲᠠᠢ ᠤᠶᠠᠯᠳᠤᠭᠤᠯᠤᠨ | ᠂ ︽ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ︾᠂ ︽ᠦᠬᠠᠶ ᠶᠢᠨ | ᠭᠤᠷᠪᠠᠯᠵᠢᠨ ᠣᠷᠣᠨ︾᠂ ︽ᠤᠯᠠᠭᠠᠨᠬᠠᠳᠠ ᠬᠤᠲᠠ᠂ ᠲᠦᠩᠯᠢᠶᠣᠤ ᠬᠤᠲᠠ᠂ ᠰᠢᠯᠢ ᠶᠢᠨ ᠭᠤᠤᠯ ᠠᠶᠢᠮᠠᠭ︾ | ᠵᠡᠷᠭᠡ ᠬᠢᠮᠢ ᠶᠢᠨ ᠠᠵᠤ ᠦᠢᠯᠡᠳᠪᠦᠷᠢ ᠶᠢᠨ ᠭᠠᠮᠰᠢᠭ ᠠᠳᠡᠯ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ | ᠭᠤᠷᠪᠠᠨ ᠲᠣᠭᠤᠷᠢᠭ ᠢ ᠪᠠᠶᠢᠭᠤᠯᠤᠨ᠎ᠠ᠃ | ᠲᠠᠪᠤᠳᠤᠭᠠᠷ ᠵᠦᠢᠯ ᠨᠢ ᠭᠠᠯ ᠢ ᠰᠡᠷᠭᠡᠶᠢᠯᠡᠬᠦ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠠᠪᠴᠠᠩ ᠤᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠪᠠᠶᠢᠵᠤ᠂ ︽1+1+1+2︾ ᠲᠣᠭᠲᠠᠯᠴᠠᠭ᠎ᠠ ᠶᠢᠨ ᠥᠪᠡᠷᠲᠡᠭᠡᠨ ᠵᠠᠰᠠᠬᠤ | ᠣᠷᠣᠨ ᠤ ᠭᠠᠯ ᠢ ᠰᠡᠷᠭᠡᠶᠢᠯᠡᠬᠦ ᠲᠤᠭ᠎ᠠ ᠪᠠᠷᠢᠮᠲᠠ ᠶᠢᠨ ᠬᠡᠷᠡᠭᠯᠡᠭᠡᠨ ᠤ ᠲᠠᠪᠴᠠᠩ ᠢ ᠪᠠᠶᠢᠭᠤᠯᠤᠨ᠎ᠠ᠃ | ᠵᠢᠷᠭᠤᠳᠤᠭᠠᠷ ᠵᠦᠢᠯ ᠨᠢ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ | ᠤᠯᠤᠰ ᠤᠨ ᠳᠡᠰ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ | ᠢᠨᠵᠧᠨᠧᠷᠢᠩ ᠪᠠᠶᠢᠵᠤ᠂ ︽ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠶᠡᠷᠦᠩᠬᠡᠶᠢᠯᠡᠨ ᠲᠤᠷᠰᠢᠵᠤ ᠣᠶᠢᠯᠠᠭᠠᠬᠤ᠂ | ᠲᠤᠰᠬᠠᠶ ᠪᠡᠯᠡᠳᠬᠡᠮᠵᠢ᠂ ᠲᠡᠦᠬᠡ ᠰᠣᠶᠣᠯ ᠤᠨ ᠦᠵᠡᠰᠬᠦᠯᠡᠩ︾ ᠢ ᠨᠢᠭᠡ ᠴᠤᠭᠴᠠᠵᠢᠭᠤᠯᠤᠭᠰᠠᠨ ᠭᠠᠯ ᠢ ᠰᠡᠷᠭᠡᠶᠢᠯᠡᠬᠦ | ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠤᠯᠤᠰ ᠤᠨ ᠳᠡᠰ ᠤᠨ ᠰᠤᠷᠭᠠᠨ ᠬᠥᠮᠦᠵᠢᠯ ᠤᠨ ᠰᠠᠭᠤᠷᠢᠨ | ᠭᠠᠵᠠᠷ ᠢ ᠪᠥᠳᠥᠭᠡᠨ ᠪᠠᠶᠢᠭᠤᠯᠤᠨ᠎ᠠ᠃ | ᠲᠠᠪᠤᠳᠤᠭᠠᠷ ᠪᠦᠯᠦᠭ ᠲᠤ ︽ᠲᠥᠯᠥᠪᠵᠢᠭᠦᠯᠭᠡ︾ ᠶᠢ ᠬᠡᠷᠡᠭᠵᠢᠭᠦᠯᠬᠦ ᠪᠣᠳᠠᠲᠠᠶ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠳᠤᠷᠠᠳᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠬᠤ᠂ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠪᠠ ᠬᠢᠨᠠᠨ | ᠵᠢᠯᠣᠭᠤᠳᠴᠤ ᠰᠢᠯᠭᠠᠨ ᠦᠨᠡᠯᠡᠬᠦ ᠶᠢ ᠴᠢᠩᠭᠠᠳᠬᠠᠬᠤ ᠵᠡᠷᠭᠡ ᠳᠥᠷᠪᠡᠨ ᠲᠠᠯ᠎ᠠ ᠠᠴᠠ ᠪᠣᠳᠠᠲᠠᠶ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢ ᠳᠤᠷᠠᠳᠪᠠ᠃ | ᠳᠠᠭᠠᠯᠳᠤᠭᠤᠯᠤᠯ ᠳᠤ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠠᠩᠭᠢ ᠥᠷᠲᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾ ︽ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠬᠦ ᠲᠤᠰᠬᠠᠶ ᠠᠪᠤᠷᠠᠨ ᠲᠤᠰᠠᠯᠠᠬᠤ ᠠᠩᠭᠢ ᠶᠢᠨ | ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾ ︽ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠡᠩᠨᠡᠭᠡᠨ ᠤ | ᠰᠤᠷᠭᠠᠭᠤᠯᠢᠯᠠᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾ ︽ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠠᠰᠠᠭ ᠤᠨ ᠣᠷᠳᠣᠨ ᠤ | ᠲᠤᠰᠬᠠᠶ ᠲᠤᠰᠢᠶᠠᠯᠲᠤ ᠭᠠᠯ ᠢ ᠰᠡᠷᠭᠡᠶᠢᠯᠡᠬᠦ ᠠᠩᠭᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾ | ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠠᠰᠠᠭ ᠤᠨ ᠣᠷᠳᠣᠨ ᠤ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ᠂ ᠵᠠᠰᠠᠭ ᠤᠨ ᠣᠷᠳᠣᠨ ᠤ ᠲᠤᠰᠬᠠᠶ ᠲᠤᠰᠢᠶᠠᠯᠲᠤ | ᠭᠠᠯ ᠢ ᠰᠡᠷᠭᠡᠶᠢᠯᠡᠬᠦ ᠠᠩᠭᠢ ᠶᠢᠨ ᠭᠡᠰᠢᠭᠦᠨ ᠪᠠ ᠭᠠᠯ ᠢ ᠰᠡᠷᠭᠡᠶᠢᠯᠡᠬᠦ ᠪᠢᠴᠢᠭ ᠤᠨ ᠠᠵᠢᠯᠲᠠᠨ ᠡᠯᠰᠡᠬᠦ | ᠲᠥᠯᠥᠪᠵᠢᠭᠦᠯᠭᠡ ᠶᠢᠨ ᠬᠦᠰᠦᠨᠦᠭᠲᠦ︾᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠭᠠᠯ ᠢ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠦᠰᠦᠨᠦᠭᠲᠦ︾᠂ ︽ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠤᠲᠠ ᠶᠢᠨ ᠶᠠᠪᠤᠳᠠᠯ ᠤᠨ ᠭᠠᠯ ᠤᠨᠲᠠᠷᠠᠭᠠᠭᠤᠷ ︵ᠬᠤᠲᠠ ᠶᠢᠨ | ᠶᠠᠪᠤᠳᠠᠯ ᠤᠨ ᠭᠠᠯ ᠢ ᠰᠡᠷᠭᠡᠶᠢᠯᠡᠬᠦ ᠭᠤᠭᠤᠵᠢᠭᠤᠷ︶ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ | ᠬᠦᠰᠦᠨᠦᠭᠲᠦ︾᠂ ᠬᠤᠯᠪᠣᠭᠳᠠᠯ ᠪᠦᠬᠦᠢ ᠨᠡᠷ᠎ᠡ ᠲᠣᠮᠢᠶ᠎ᠠ ᠶᠢᠨ ᠵᠢᠷᠤᠮᠵᠢᠭᠤᠯᠤᠭᠰᠠᠨ ᠲᠠᠶᠢᠯᠪᠤᠷᠢ ᠵᠢᠴᠢ | ᠲᠥᠯᠥᠪᠵᠢᠭᠦᠯᠭᠡ ᠶᠢᠨ ᠦᠨᠳᠦᠰᠦᠯᠡᠯ ᠢ ᠪᠠᠭᠲᠠᠭᠠᠪᠠ᠃ | | | ᠪᠡᠯᠡᠳᠭᠡᠭᠰᠡᠨ ᠨᠢ᠄ ᠼᠦᠢ ᠶᠢᠩ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ | |