| ᠮᠠᠯᠵᠢᠬᠤ ᠣᠷᠣᠨ ᠤ ᠣᠲᠣᠬᠢᠴᠢᠯᠠᠯᠲᠠ ᠪᠣᠯ ᠮᠠᠨ ᠤ ᠣᠷᠣᠨ ᠤ ᠬᠦᠲᠡᠭᠡ ᠲᠣᠰᠬᠤᠨ ᠢ ᠬᠦᠭᠵᠢᠬᠦᠯᠦᠨ | ᠮᠠᠨᠲᠣᠭᠤᠯᠬᠤ ᠪᠠᠶᠢᠯᠲᠣᠬᠤ ᠪᠣᠲᠣᠯᠭ᠎ᠠ ᠶᠢᠨ ᠴᠢᠬᠤᠯᠠ ᠨᠢᠭᠡ ᠠᠭᠤᠯᠭ᠎ᠠ ᠪᠣᠯᠬᠤ ᠮᠦᠷᠲᠡᠭᠡᠨ ᠮᠠᠯᠴᠢᠨ ᠲᠦᠮᠡᠨ ᠤ | ᠦᠢᠯᠡᠳᠪᠦᠷᠢᠯᠡᠯ ᠠᠮᠢᠲᠣᠷᠠᠯ ᠤᠨ ᠨᠦᠬᠦᠴᠡᠯ ᠢ ᠴᠢᠨᠠᠭᠰᠢᠳᠠ ᠰᠠᠶᠢᠵᠢᠷᠠᠭᠤᠯᠵᠦ᠂ ᠨᠡᠶᠢᠬᠡᠮ ᠵᠢᠷᠤᠮᠳᠤ | ᠤᠳᠤᠬᠢᠴᠢᠯᠠᠭᠰᠠᠨ ᠦᠪᠤᠷ ᠮᠤᠩᠭᠤᠯ ᠢ ᠪᠦᠳᠦᠬᠡᠨ ᠪᠠᠶᠢᠭᠤᠯᠬᠤ ᠶᠢᠨ ᠲᠣᠯᠭᠠᠮ ᠱᠠᠭᠠᠷᠲᠠᠯᠭ᠎ᠠ ᠪᠤᠯᠤᠨ᠎ᠠ᠃ ᠡᠶᠢᠨ ᠬᠦ | ᠮᠠᠯᠵᠢᠬᠤ ᠣᠷᠣᠨ ᠤ ᠣᠲᠣᠬᠢᠴᠢᠯᠠᠯᠲᠠ ᠨᠢ ᠦᠷᠭᠡᠨ ᠣᠯᠠᠨ ᠮᠠᠯᠴᠢᠨ ᠲᠦᠮᠡᠨ ᠲᠠᠢ ᠬᠤᠯᠪᠣᠬᠲᠠᠬᠤ ᠪᠠᠷ ᠪᠠᠷᠠᠬᠤ | ᠦᠭᠡᠢ ᠪᠠᠰᠠ ᠪᠦᠬᠦ ᠣᠷᠣᠨ ᠤ ᠣᠲᠣᠬᠢᠴᠢᠯᠠᠯᠲᠠ ᠪᠤᠯᠤᠨ ᠬᠦᠲᠡᠭᠡ ᠲᠣᠰᠬᠤᠨ ᠢ ᠬᠦᠭᠵᠢᠬᠦᠯᠦᠨ ᠮᠠᠨᠲᠣᠭᠤᠯᠬᠤ ᠲᠠᠢ | ᠬᠤᠯᠪᠣᠬᠲᠠᠬᠤ ᠠᠤᠭ᠎ᠠ ᠦᠢᠯᠡᠰ ᠪᠣᠯᠬᠤ ᠶᠣᠮ᠃ | ᠲᠡᠭᠡᠪᠡᠯ ᠪᠢᠲᠡ ᠮᠠᠯᠵᠢᠬᠤ ᠣᠷᠣᠨ ᠤ ᠣᠲᠣᠬᠢᠴᠢᠯᠠᠯᠲᠠ ᠶᠢ ᠬᠡᠷᠬᠢᠨ ᠪᠡᠶᠡᠯᠡᠬᠦᠯᠬᠦ ᠪᠣᠢ︖ ᠦᠭᠡᠷ᠎ᠡ | ᠪᠣᠰᠣᠳ ᠤᠨ ᠵᠠᠬᠪᠣᠷ ᠢ ᠨᠡᠬᠦᠯᠭᠡᠵᠦ ᠠᠪᠴᠢᠷᠠᠭᠠᠳ ᠲᠣᠬᠤᠬᠤ ᠶᠣᠮ ᠤᠤ︖ ᠠᠯᠢ ᠡᠰᠡᠬᠦᠯ᠎ᠡ | ᠣᠲᠣᠬᠢᠴᠢᠯᠠᠯᠲᠠ ᠶᠢᠨ ᠲᠤᠬ ᠢ ᠡᠷᠬᠦᠵᠦ᠂ ᠣᠣᠯ ᠤᠨ ᠬᠢ ᠪᠠᠨ ᠪᠦᠷᠢᠮᠦᠰᠦᠨ ᠦᠭᠡᠷᠡᠴᠢᠯᠡᠬᠦ ᠶᠣᠮ ᠤᠤ︖ ᠮᠠᠨ ᠤ | ᠣᠯᠣᠰ ᠤᠨ ᠣᠲᠣᠬᠢᠴᠢᠯᠠᠯᠲᠠ ᠪᠣᠯ ᠬᠦᠮᠦᠨ ᠬᠢᠭᠡᠳ ᠡᠭᠡ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠣ ᠣᠷᠣᠰᠢᠬᠰᠠᠨ | ᠣᠲᠣᠬᠢᠴᠢᠯᠠᠯᠲᠠ ᠮᠦᠨ᠃ ᠡᠨᠡ ᠨᠢ ᠣᠲᠣᠬᠢᠴᠢᠯᠠᠯᠲᠠ ᠪᠣᠯ ᠨᠢᠭᠡ ᠶᠢ ᠨᠢ ᠴᠣᠬᠴᠠᠯᠠᠭᠠᠳ ᠨᠦᠬᠦᠭᠡ ᠶᠢ ᠨᠢ | ᠴᠣᠬᠴᠠᠯᠠᠬᠤ ᠦᠬᠡᠢ ᠬᠡᠰᠡᠨ ᠶᠠᠪᠣᠲᠠᠯ ᠪᠢᠰᠢ᠂ ᠬᠠᠷᠢᠨ ᠬᠤᠶᠠᠷ ᠢ ᠵᠡᠷᠬᠡ ᠪᠠᠷ ᠠᠳᠬᠤᠵᠤ ᠵᠡᠷᠬᠡ ᠪᠠᠷ ᠴᠤᠭᠴᠠᠯᠠᠬᠤ | ᠶᠠᠪᠤᠳᠠᠯ ᠪᠤᠯᠤᠨ᠎ᠠ᠃ ᠢᠩᠬᠢᠬᠦ ᠳᠡᠭᠡᠨ ᠮᠠᠯᠵᠢᠬᠤ ᠣᠷᠣᠨ ᠤ ᠣᠲᠣᠬᠢᠴᠢᠯᠠᠯᠲᠠ ᠪᠣᠯ ᠮᠠᠯᠵᠢᠬᠤ ᠣᠷᠣᠨ ᠤ ᠪᠣᠲᠠᠲᠣ | ᠪᠠᠶᠢᠲᠠᠯ ᠳᠤ ᠲᠣᠬᠢᠷᠠᠬᠰᠠᠨ ᠣᠲᠣᠬᠢᠴᠢᠯᠠᠯᠲᠠ᠂ ᠦᠪᠦᠷ ᠮᠣᠩᠭᠤᠯ ᠤᠨ ᠣᠨᠴᠠᠯᠢᠬ ᠢ ᠬᠠᠷᠠᠭᠤᠯᠤᠭᠰᠠᠨ᠂ ᠠᠮᠢ | ᠠᠬᠤᠢ ᠶᠢ ᠣᠷᠢᠳ ᠢᠶᠠᠷ ᠪᠤᠳᠤᠯᠬᠢᠯᠠᠬᠤ ᠪᠣᠬᠢᠷᠲᠣᠯ ᠦᠭᠡᠢ ᠬᠦᠭᠵᠢᠬᠦᠯᠬᠦ ᠪᠠᠷ ᠣᠲᠣᠷᠢᠲᠣᠮᠵᠢ ᠪᠣᠯᠭᠠᠬᠰᠠᠨ ᠮᠠᠯᠵᠢᠬᠤ | ᠣᠷᠣᠨ ᠤ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠪᠤᠯᠬᠤ ᠨᠢ ᠭᠠᠷᠴᠠᠭ᠎ᠠ ᠦᠬᠡᠢ᠃ ᠪᠢᠲᠡ | ᠣᠲᠣᠬᠢᠴᠢᠯᠠᠯᠲᠠ ᠶᠢᠨ ᠠᠶᠠᠨ ᠳᠤ ᠰᠢᠨᠡᠴᠢᠯᠡᠨ ᠰᠠᠶᠢᠵᠢᠷᠠᠭᠤᠯᠬᠤ ᠭᠤᠣᠯ ᠬᠦᠭ ᠠᠶᠢᠵᠠᠮ ᠢ ᠦᠨᠡᠨ ᠬᠦ | ᠴᠢᠩᠭᠠᠳᠬᠠᠬᠤ ᠲᠡᠲᠦᠢ ᠦᠭᠡᠢ ᠪᠠᠰᠠ ᠦᠪᠡᠷᠮᠢᠴᠡ ᠣᠨᠴᠠᠯᠢᠬ ᠢ ᠬᠠᠷᠠᠭᠤᠯᠣᠬᠰᠠᠨ ᠵᠦᠢᠯᠡᠰ ᠢᠶᠠᠨ ᠬᠠᠲᠠᠭᠠᠯᠠᠵᠦ | ᠬᠠᠮᠠᠭᠠᠯᠠᠬᠤ ᠭᠡᠷᠡᠭᠲᠡᠢ ᠭᠡᠲᠡᠭ ᠢᠶᠠᠨ ᠮᠠᠷᠳᠠᠵᠤ ᠪᠤᠯᠬᠤ ᠦᠬᠡᠢ᠃ | ᠣᠲᠣᠬᠢᠴᠢᠯᠠᠯᠲᠠ ᠶᠢᠨ ᠬᠠᠷᠠᠯᠲᠠ ᠪᠣᠯ ᠮᠠᠯᠵᠢᠬᠤ ᠣᠷᠣᠨ ᠤ ᠦᠢᠯᠡᠳᠪᠦᠷᠢᠯᠡᠯ ᠠᠮᠢᠲᠣᠷᠠᠯ ᠪᠣᠯᠣᠨ ᠠᠮᠢ | ᠠᠬᠤᠢ ᠶᠢ ᠣᠯᠠᠮ ᠰᠠᠶᠢᠨ ᠰᠠᠶᠢᠬᠠᠨ ᠪᠣᠯᠭᠠᠬᠤ ᠶᠢᠨ ᠲᠦᠯᠦᠭᠡᠨ ᠤ ᠣᠲᠣᠬᠢᠴᠢᠯᠠᠯᠲᠠ ᠪᠠᠶᠢᠵᠦ ᠲᠠᠭᠠᠷᠠᠨ᠎ᠠ᠃ | ᠦᠷᠭᠡᠨ ᠠᠭᠤᠲᠠᠮ ᠲᠠᠯ᠎ᠠ ᠨᠣᠲᠤᠬ ᠪᠣᠯ ᠮᠠᠯᠴᠢᠳ ᠤᠨ ᠤᠷᠤᠰᠢᠨ ᠠᠮᠢᠳᠤᠷᠠᠬᠤ ᠲᠠᠷᠬᠠᠨ ᠦᠯᠦᠬᠡᠢ ᠪᠣᠯᠬᠤ ᠪᠦᠭᠡᠳ | ᠪᠠᠰᠠ ᠴᠦ ᠡᠬᠡ ᠤᠯᠤᠰ ᠤᠨ ᠣᠮᠠᠷᠠᠲᠣ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠬᠤ | ᠶᠣᠮ᠃ ᠨᠣᠲᠤᠬ ᠪᠡᠯᠴᠢᠭᠡᠷ ᠨᠢ ᠬᠡᠲᠦᠨ ᠮᠢᠩᠭᠠᠨ ᠵᠢᠯ ᠤᠨ ᠲᠣᠷᠰᠢ ᠮᠠᠯᠵᠢᠬᠤ ᠣᠷᠣᠨ᠂ ᠮᠠᠯ ᠠᠵᠦ ᠠᠬᠤᠢ ᠬᠢᠭᠡᠳ | ᠮᠠᠯᠴᠢᠨ ᠲᠦᠮᠡᠨ ᠤ ᠣᠷᠣᠰᠢᠯ ᠲᠣᠬᠲᠠᠨᠢᠯ ᠪᠠ ᠦᠢᠯᠡᠳᠪᠦᠷᠢᠯᠡᠯ ᠠᠮᠢᠲᠣᠷᠠᠯ ᠤᠨ ᠠᠮᠢᠨ ᠰᠣᠲᠠᠰᠣ ᠪᠣᠯᠣᠬᠰᠠᠭᠠᠷ | ᠢᠷᠡᠵᠡᠢ᠃ ᠡᠶᠢᠨ ᠬᠦ ᠮᠠᠯᠵᠢᠬᠤ ᠣᠷᠣᠨ ᠤ ᠦᠨᠳᠦᠰᠦ ᠪᠣᠯᠣᠬᠰᠠᠨ ᠨᠣᠲᠤᠬ ᠪᠡᠯᠴᠢᠭᠡᠷ ᠢᠶᠠᠨ ᠬᠠᠮᠠᠭᠠᠯᠠᠵᠦ᠂ ᠬᠦᠬᠡ | ᠠᠭᠤᠯᠠ ᠬᠦᠭᠡᠮᠲᠦᠭ ᠣᠰᠣ ᠲᠠᠢ ᠨᠢ ᠬᠠᠮᠲᠣ ᠬᠡᠦᠬᠡᠳ ᠠᠴᠢᠷ ᠲᠠᠭᠠᠨ ᠦᠪᠯᠡᠵᠦ ᠦᠯᠡᠲᠡᠭᠡᠬᠦ ᠨᠢ ᠵᠦᠢ ᠪᠢᠯᠡ᠃ | ᠣᠲᠣᠬᠢᠴᠢᠯᠠᠯᠲᠠ ᠶᠢᠨ ᠠᠶᠠᠨ ᠳᠤ ᠬᠠᠮᠠᠭᠠᠯᠠᠯᠲᠠ ᠶᠢ ᠬᠠᠶᠠᠵᠦ ᠪᠣᠯᠬᠤ ᠦᠭᠡᠢ᠃ ᠪᠢᠲᠡ ᠮᠠᠯᠵᠢᠬᠤ ᠤᠷᠤᠨ ᠪᠠ | ᠮᠠᠯ ᠠᠵᠦ ᠠᠬᠤᠢ ᠶᠢᠨ ᠤᠳᠤᠬᠢᠴᠢᠯᠠᠯᠳᠠ ᠶᠢ ᠠᠬᠢᠭᠤᠯᠵᠤ᠂ ᠮᠠᠯ ᠠᠵᠤ ᠠᠬᠤᠢ ᠶᠢᠨ ᠮᠠᠰᠢᠨᠴᠢᠯᠠᠯᠲᠠ᠂ ᠠᠵᠦ | ᠦᠢᠯᠡᠰᠵᠢᠯᠲᠠ ᠪᠣᠯᠣᠨ ᠨᠡᠶᠢᠭᠡᠮᠴᠢᠯᠡᠯᠲᠡ ᠶᠢ ᠠᠬᠢᠭᠤᠯᠬᠤ ᠪᠠᠷ ᠪᠠᠷᠠᠬᠤ ᠦᠭᠡᠢ ᠨᠡᠩ ᠴᠢᠬᠤᠯᠠ ᠨᠢ ᠨᠣᠲᠤᠬ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠢ ᠬᠦᠢᠴᠡᠳ ᠲᠠᠨᠢᠵᠦ᠂ ᠣᠢ ᠰᠢᠭᠤᠢ ᠶᠢ | ᠬᠠᠮᠠᠭᠠᠯᠠᠬᠤ᠂ ᠨᠣᠲᠤᠬ ᠪᠡᠯᠴᠢᠭᠡᠷ ᠢ ᠬᠠᠮᠠᠭᠠᠯᠠᠬᠤ᠂ ᠨᠣᠭᠤ ᠭᠠᠵᠠᠷ ᠢ ᠬᠠᠮᠠᠭᠠᠯᠠᠬᠤ᠂ ᠦᠨᠳᠦᠰᠦᠲᠡᠨ ᠤ | ᠪᠦᠯᠬᠦᠮᠲᠡᠯ ᠢ ᠬᠠᠮᠠᠭᠠᠯᠠᠬᠤ ᠵᠡᠷᠭᠡ ᠣᠯᠠᠨ ᠬᠠᠮᠠᠭᠠᠯᠠᠯᠲᠠ ᠶᠢ ᠴᠢᠩᠭᠠᠳᠬᠠᠵᠦ᠂ ᠣᠬᠲᠣᠬᠠᠨ ᠴᠦ ᠰᠣᠯᠠᠷᠠᠭᠤᠯᠵᠦ | ᠪᠣᠯᠬᠤ ᠦᠭᠡᠢ᠃ ᠲᠡᠷᠡᠴᠢᠯᠡᠨ ᠠᠵᠦ ᠠᠬᠤᠢ ᠶᠢᠨ ᠪᠦᠲᠦᠭᠡᠨ ᠪᠠᠶᠢᠭᠤᠯᠣᠯᠲᠠ ᠪᠣᠯᠣᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠵᠦᠷᠢᠴᠡᠯᠲᠦᠬᠦ ᠦᠶ᠎ᠡ ᠳᠤ ᠡᠷᠭᠡᠪᠰᠢ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠲᠡᠷᠢᠬᠦᠨ ᠳᠤ ᠲᠠᠯᠪᠢᠵᠦ᠂ ᠮᠠᠯᠵᠢᠬᠤ ᠣᠷᠣᠨ ᠤ ᠣᠲᠣᠬᠢᠴᠢᠯᠠᠯᠲᠠ ᠶᠢᠨ ᠦᠨᠳᠦᠰᠦᠨ ᠣᠨᠴᠠᠯᠢᠬ ᠢ | ᠢᠯᠡᠷᠡᠬᠦᠯᠬᠦ ᠴᠢᠬᠤᠯᠠᠳᠠᠢ᠃ | | | ᠪᠡᠯᠡᠳᠭᠡᠭᠰᠡᠨ ᠨᠢ᠄ ᠼᠦᠢ ᠶᠢᠩ | ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ |