| ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ ᠲᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠹᠧᠩᠵᠧᠨ | ᠬᠤᠲᠠ ᠶᠢᠨ 2021 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ᠶᠢ ᠲᠠᠨᠠᠷ ᠲᠤ | ᠳᠠᠷᠤᠮᠠᠯᠯᠠᠨ ᠶᠠᠪᠤᠭᠤᠯᠪᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | ᠡᠬᠦᠨ ᠤ ᠲᠤᠬᠠᠢ ᠮᠡᠳᠡᠭᠳᠡᠪᠡ | 2021 ᠣᠨ ᠤ 7 ᠰᠠᠷ᠎ᠠ ᠶᠢᠨ 20 ᠤ ᠡᠳᠦᠷ | | | ᠹᠧᠩᠵᠧᠨ ᠬᠤᠲᠠ ᠶᠢᠨ 2021 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠭᠤᠤᠯᠳᠠᠯᠭ᠎ᠠ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ | ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠃ ᠡᠨᠡ ᠵᠢᠯ ᠤᠨ | ᠪᠥᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠦᠬᠦᠳᠡ ᠬᠤᠷᠠᠯ ᠤᠨ ︽ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ︾ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠵᠢᠴᠢ ᠠᠷᠠᠳ ᠤᠯᠠᠨ ᠤ ᠠᠩᠬᠠᠷᠤᠯ ᠬᠠᠯᠠᠮᠵᠢᠯᠠᠯ ᠲᠠᠢ ᠨᠢᠭᠲᠠ | ᠤᠶᠠᠯᠳᠤᠭᠤᠯᠤᠨ᠂ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠪᠣᠯᠤᠨ ᠵᠠᠰᠠᠭ ᠤᠨ | ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ | ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠨᠢᠭᠡ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠶᠢᠨ ᠲᠣᠭᠤᠷᠢᠨ ᠳᠤ᠂ ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ | ᠭᠦᠨᠵᠡᠭᠡᠶᠢᠷᠡᠭᠦᠯᠦᠨ᠎ᠡ᠃ | ︵ᠨᠢᠭᠡ︶ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ | ᠠᠵᠢᠯ ᠢ ᠰᠠᠶᠢᠲᠤᠷ ᠬᠢᠨ᠎ᠠ᠃ ︽ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ | ᠲᠣᠭᠲᠠᠭᠠᠬᠤ ᠲᠤᠬᠠᠶ ᠬᠤᠲᠠ ᠶᠢᠨ ᠨᠠᠮ ᠤᠨ ᠬᠤᠷᠢᠶᠠᠨ ᠤ ᠰᠠᠨᠠᠭᠤᠯᠭ᠎ᠠ︾᠂ ︽ ᠹᠧᠩᠵᠧᠨ ᠬᠤᠲᠠ ᠶᠢᠨ ᠤᠯᠤᠰ | ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ ᠲᠣᠪᠴᠢ︾ ᠶᠢᠨ ᠲᠣᠭᠤᠷᠢᠨ ᠳᠤ᠂ | ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ | ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠲᠣᠪᠴᠢ᠂ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠲᠤᠰᠬᠠᠶ ᠵᠦᠢᠯ ᠤᠨ ᠲᠥᠯᠥᠪᠵᠢᠭᠦᠯᠭᠡ ᠪᠠ | ᠣᠷᠣᠨ ᠪᠦᠰᠡ ᠶᠢᠨ ᠲᠥᠯᠥᠪᠵᠢᠭᠦᠯᠭᠡ ᠵᠡᠷᠭᠡ ᠶᠢ ᠢᠯᠡ ᠪᠣᠯᠭᠠᠬᠤ ᠶᠢᠨ ᠬᠠᠮᠲᠤ᠂ ᠪᠥᠬᠦ ᠨᠡᠶᠢᠭᠡᠮ ᠢᠶᠠᠷ ᠢᠶᠠᠨ | ᠲᠥᠯᠥᠪᠵᠢᠭᠦᠯᠭᠡ ᠶᠢ ᠬᠡᠷᠡᠭᠵᠢᠭᠦᠯᠬᠦ ᠠᠵᠢᠯ ᠢ ᠬᠠᠯᠠᠮᠵᠢᠯᠠᠨ ᠳᠡᠮᠵᠢᠬᠦ ᠶᠢ ᠢᠳᠡᠪᠬᠢᠲᠡᠶ ᠪᠠᠷ ᠬᠥᠲᠥᠯᠦᠨ ᠵᠢᠯᠤᠭᠤᠳᠤᠨ᠎ᠠ | ᠃ ᠡᠭᠦᠨ ᠤ ᠬᠠᠮᠲᠤ᠂ ᠲᠡᠦᠬᠡ ᠶᠢᠨ ᠲᠥᠯᠥᠪᠵᠢᠭᠦᠯᠭᠡ ︵ᠲᠥᠯᠥᠪᠯᠡᠭᠡ︶ ᠶᠢ ᠡᠮᠬᠢᠳᠬᠡᠬᠦ ᠠᠵᠢᠯ ᠢ ᠰᠠᠶᠢᠲᠤᠷ ᠬᠢᠵᠦ᠂ | ᠲᠥᠪᠯᠡᠷᠡᠭᠦᠯᠦᠨ ᠨᠢᠭᠡᠳᠬᠡᠵᠦ ᠭᠠᠳᠠᠭᠰᠢ ᠢᠯᠡ ᠪᠤᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | ︵ᠬᠤᠶᠠᠷ︶ ᠨᠡᠮᠡᠭᠳᠡᠯ ᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ ᠬᠦᠷᠢᠶᠡᠨ ᠳᠠᠬᠢ ᠬᠠᠮᠢᠶ᠎ᠠ | ᠪᠥᠬᠦᠶ ᠮᠡᠳᠡᠭᠡ ᠵᠠᠩᠭᠢ ᠶᠢ ᠢᠯᠡ ᠪᠣᠯᠭᠠᠬᠤ ᠶᠢ ᠬᠦᠴᠦᠯᠡᠨ ᠰᠠᠶᠢᠲᠤᠷ ᠬᠢᠨ᠎ᠠ᠃ ᠵᠠᠮ ᠬᠠᠷᠢᠯᠴᠠᠭ᠎ᠠ ᠤᠰᠤᠨ | ᠠᠰᠢᠭᠯᠠᠯᠲᠠ᠂ ᠬᠤᠲᠠ ᠶᠢᠨ ᠶᠠᠪᠤᠳᠠᠯ ᠤᠨ ᠢᠨᠵᠧᠨᠧᠷᠢᠩ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ | ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ | ᠦᠨᠡᠨᠬᠦ ᠰᠠᠶᠢᠲᠤᠷ ᠬᠢᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ | ᠭᠠᠵᠠᠷ ᠰᠢᠷᠣᠶ ᠲᠠᠲᠠᠪᠤᠷᠢᠯᠠᠬᠤ᠂ ᠠᠮᠢ ᠠᠬᠤᠶ ᠶᠢᠨ ᠣᠷᠴᠢᠨ ᠲᠣᠭᠤᠷᠢᠨ᠂ ᠣᠯᠠᠨ ᠨᠡᠶᠢᠲᠡ ᠶᠢᠨ ᠰᠣᠶᠣᠯ ᠵᠡᠷᠭᠡ | ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠲᠣᠪᠤᠶᠢᠮ᠎ᠠ ᠰᠠᠶᠢᠲᠤᠷ ᠬᠢᠵᠦ᠂ ᠳᠡᠭᠡᠳᠦ ᠰᠤᠷᠭᠠᠭᠤᠯᠢ | ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠬᠤᠲᠠ ᠪᠠᠯᠭᠠᠰᠤ ᠶᠢᠨ ᠠᠵᠢᠯ ᠤᠯᠬᠤ ᠳᠤ ᠬᠦᠴᠢᠷᠲᠡᠶ ᠬᠥᠮᠦᠰ | ᠵᠡᠷᠭᠡ ᠬᠠᠮᠲᠤᠯᠢᠭ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ᠪᠠ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠎ᠡ᠃ | ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠭᠤᠯᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠵᠢᠴᠢ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠩᠭᠠᠯᠭ᠎ᠠ ᠶᠢᠨ ᠬᠠᠮᠢᠶ᠎ᠠ ᠪᠥᠬᠦᠶ ᠮᠡᠳᠡᠭᠡ ᠵᠠᠩᠭᠢ ᠶᠢ ᠢᠯᠡ | ᠡᠮᠴᠢᠯᠡᠭᠡᠨ ᠤ ᠦᠢᠯᠡᠴᠢᠯᠡᠭᠡ᠂ ᠡᠮ ᠤᠨ ᠵᠦᠢᠯ ᠤᠨ ᠠᠮᠤᠷ ᠲᠦᠪᠰᠢᠨ᠂ ᠡᠮᠴᠢᠯᠡᠭᠡᠨ ᠤ ᠳᠠᠭᠠᠳᠬᠠᠯ ᠤᠨ ᠬᠢᠨᠠᠯᠲᠠ | ᠬᠠᠮᠢᠶᠠᠷᠤᠯᠲᠠ᠂ ᠸᠠᠺᠼᠢᠨ ᠤ ᠬᠢᠨᠠᠯᠲᠠ ᠬᠠᠮᠢᠶᠠᠷᠤᠯᠲᠠ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠦᠷ᠎ᠡ ᠳ᠋ᠦᠩ ᠤᠨ | ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ | ᠬᠠᠮᠠᠭᠠᠯᠠᠵᠤ ᠰᠡᠷᠭᠦᠭᠡᠬᠦ ᠠᠬᠢᠴᠠ ᠶᠢᠨ ᠮᠡᠳᠡᠭᠡ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠮᠡᠳᠡᠭᠡ ᠵᠠᠩᠭᠢ ᠶᠢ ᠢᠯᠡ | ᠪᠣᠯᠭᠠᠬᠤ ᠶᠢ ᠲᠦᠯᠬᠢᠨ ᠠᠬᠢᠭᠤᠯᠵᠤ᠂ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠲᠡᠦᠭᠡᠨ ᠨᠦᠬᠦᠪᠦᠷᠢ ᠲᠡᠮᠳᠡᠭᠯᠡᠯ ᠢ | ᠲᠦᠷᠭᠡᠳᠭᠡᠨ᠎ᠡ᠃ ︵ᠬᠠᠷᠢᠭᠤᠴᠠᠯᠭᠠᠲᠤ ᠨᠢᠭᠡᠴᠡ᠄ ᠵᠠᠮ ᠬᠠᠷᠢᠯᠴᠠᠭᠠᠨ ᠤ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ | ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ | ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ︶ | ︵ᠭᠤᠷᠪᠠ︶ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ | ᠰᠢᠯᠢᠳᠡᠭᠵᠢᠭᠦᠯᠬᠦ ᠶᠢ ᠭᠤᠤᠯᠳᠠᠯᠭ᠎ᠠ ᠲᠠᠢ ᠠᠬᠢᠭᠤᠯᠤᠨ᠎ᠠ᠃ ᠰᠦᠯᠵᠢᠶᠡᠨ ᠳᠡᠭᠡᠷ᠎ᠡ ᠦᠢᠯᠡᠴᠢᠯᠡᠬᠦ᠂ ᠨᠢᠭᠤᠷ ᠵᠣᠯᠭᠠᠬᠤ | ᠥᠬᠡᠶ ᠪᠠᠷ ᠬᠢᠨᠠᠨ ᠵᠥᠪᠰᠢᠶᠡᠷᠡᠭᠦᠯᠬᠦ ᠵᠡᠷᠭᠡ ᠳᠥᠭᠦᠮ ᠳᠥᠲᠡ ᠦᠢᠯᠡᠴᠢᠯᠡᠭᠡ ᠶᠢ ᠢᠯᠡ ᠪᠣᠯᠭᠠᠬᠤ ᠶᠢ ᠬᠡᠷᠡᠭᠵᠢᠭᠦᠯᠵᠦ | ᠂ ︽ᠳᠥᠷᠪᠡ ᠶᠢ ᠭᠦᠢᠴᠡᠳᠭᠡᠬᠦ︾ ᠠᠵᠢᠯ ︵︽ᠮᠦᠩᠬᠡ ᠰᠤᠪᠠᠭ · ᠨᠢᠭᠡ ᠰᠦᠯᠵᠢᠶ᠎ᠡ ᠳᠡᠭᠡᠷ᠎ᠡ ᠭᠦᠢᠴᠡᠳᠭᠡᠬᠦ︾᠂ | ︽ᠮᠦᠩᠬᠡ ᠰᠤᠪᠠᠭ · ᠠᠯᠠᠭᠠᠨ ᠳᠡᠭᠡᠷ᠎ᠡ ᠭᠦᠢᠴᠡᠳᠭᠡᠬᠦ︾᠂ ︽ ᠮᠦᠩᠬᠡ ᠰᠤᠪᠠᠭ · ᠨᠢᠭᠡ ᠤᠳᠠᠭ᠎ᠠ ᠭᠦᠢᠴᠡᠳᠭᠡᠬᠦ︾ | ᠂ ︽ ᠮᠦᠩᠬᠡ ᠰᠤᠪᠠᠭ · ᠲᠠᠨ ᠢ ᠬᠠᠪᠰᠤᠷᠤᠨ ᠭᠦᠢᠴᠡᠳᠭᠡᠬᠦ︾︶ ᠢ ᠬᠢᠨᠠᠮᠠᠭᠠᠶ ᠨᠠᠶᠢᠳᠠᠪᠤᠷᠢᠵᠢᠭᠤᠯᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠢᠯᠡ ᠲᠣᠳᠣ ᠶᠢᠨ ᠬᠡᠮᠵᠢᠶ᠎ᠡ᠂ ᠲᠥᠬᠦᠮ ᠦᠵᠡᠭᠦᠯᠬᠦ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ ︽12345︾ ᠬᠠᠯᠠᠮᠰᠢᠯ ᠤᠲᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠯᠠᠪᠤᠷ ᠭᠠᠵᠠᠷ ᠪᠠ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠳᠤ ᠲᠦᠰᠢᠭᠯᠡᠨ᠂ ᠠᠵᠤ ᠠᠬᠤᠶᠢᠯᠠᠯ ᠪᠠ ᠣᠯᠠᠨ | ᠲᠦᠮᠡᠨ ᠳᠤ ︽ᠨᠢᠭᠡ ᠯᠡ ᠥᠷᠲᠡᠭᠡᠨ ᠤ ᠮᠠᠶ᠋ᠢᠭ︾ ᠤᠨ ᠮᠡᠳᠡᠭᠡ ᠵᠠᠩᠭᠢ ᠶᠢ ᠢᠯᠡ ᠪᠣᠯᠭᠠᠬᠤ ᠦᠢᠯᠡᠴᠢᠯᠡᠭᠡ | ᠬᠠᠩᠭᠠᠨ᠎ᠠ᠃ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠲᠣᠰ ᠰᠠᠯᠠᠭ᠎ᠠ ᠮᠥᠴᠢᠷ ᠤᠨ ᠢᠶᠠᠨ ᠣᠲᠣ ᠶᠢᠨ | ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠲᠤᠰᠬᠠᠶ ᠪᠤᠯᠤᠩ ᠢᠶᠠᠷ ᠲᠥᠪᠯᠡᠷᠡᠭᠦᠯᠦᠨ ᠢᠯᠡ ᠪᠣᠯᠭᠠᠨ᠎ᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠢᠲᠡᠭᠡᠮᠵᠢ ᠶᠢᠨ ᠮᠡᠳᠡᠭᠡ ᠵᠠᠩᠭᠢ ᠶᠢ | ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠡᠳᠭᠡᠨ ᠵᠠᠬ᠎ᠠ | ᠳᠡᠯᠭᠡᠭᠦᠷ ᠤᠨ ᠢᠲᠡᠭᠡᠯ ᠢ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠵᠠᠰᠠᠭ ᠤᠨ ᠣᠷᠳᠣᠨ ᠤ ᠠᠯᠪᠠᠨ ᠬᠡᠷ᠂ | ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ︶ | ︵ᠳᠥᠷᠪᠡ︶ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠪᠠ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ | ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ᠂ ᠡ᠊ᠨᠳᠡᠯ ᠤᠨ ᠭᠠᠶ ᠭᠠᠮᠰᠢᠭ᠂ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠶᠢᠨ ᠬᠡᠷᠡᠭ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠬᠡᠷᠡᠭ ᠤᠨ ᠠᠬᠢᠴᠠ᠂ | ᠰᠢᠢᠳᠪᠦᠷᠢᠯᠡᠭᠰᠡᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠴᠠᠭ ᠲᠤᠬᠠᠶ ᠳᠤᠨᠢ | ᠣᠨᠣᠪᠴᠢᠲᠠᠶ ᠨᠡᠶᠢᠲᠡᠯᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠨᠥᠬᠦᠴᠡᠯ ᠳᠣᠣᠷ᠎ᠠ | ᠬᠢᠵᠢᠭ ᠤᠨ ᠪᠠᠶᠢᠳᠠᠯ ᠲᠠᠷᠬᠠᠭᠠᠬᠤ᠂ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠤᠷᠤᠰᠬᠠᠯ ᠤᠨ ᠰᠢᠨᠡᠳᠬᠡᠯ ᠤᠨ | ᠡᠬᠢ ᠶᠢ ᠲᠣᠬᠢᠷᠠᠭᠤᠯᠬᠤ᠂ ᠨᠠᠷᠢᠯᠢᠭ ᠤᠨᠤᠪᠴᠢᠳᠠᠢ ᠪᠠᠷ ᠰᠡᠷᠭᠡᠶᠢᠯᠡᠨ ᠡᠵᠡᠮᠳᠡᠬᠦ᠂ ᠬᠦᠢᠳᠡᠨ ᠬᠡᠯᠬᠢᠶᠡᠲᠦ ᠪᠠᠷᠠᠭᠠᠨ ᠤ | ᠭᠦᠢᠯᠭᠡᠭᠡ᠂ ᠠᠮᠠᠷᠠᠯᠲᠠ ᠶᠢᠨ ᠬᠤᠭᠤᠴᠠᠭᠠᠨ ᠤ ᠬᠥᠮᠦᠰ ᠤᠨ ᠰᠢᠯᠵᠢᠯᠲᠡ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ | ᠪᠠ ᠶᠠᠷᠢᠶ᠎ᠠ ᠬᠡᠯᠡᠯᠴᠡᠭᠡ ᠪᠠᠷ ᠬᠦᠳᠦᠯᠦᠨ ᠵᠢᠯᠣᠭᠤᠳᠬᠤ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠮᠡᠳᠡᠭᠡ | ᠵᠠᠩᠭᠢ ᠶᠢ ᠢᠯᠡ ᠪᠣᠯᠭᠠᠭᠰᠠᠨ ᠨᠢ ᠵᠤᠬᠢᠰ ᠦᠭᠡᠢ ᠠᠴᠠ ᠪᠤᠯᠵᠤ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ | ᠵᠢᠷᠤᠮ ᠢ ᠨᠥᠯᠥᠭᠡᠯᠡᠬᠦ ᠠᠴᠠ ᠵᠠᠶᠢᠯᠠᠰᠬᠢᠨ᠎ᠡ᠃ ᠮᠡᠳᠡᠭᠡ ᠵᠠᠩᠭᠢ ᠨᠡᠶᠢᠲᠡᠯᠡᠬᠦ ᠶᠢ ᠬᠢᠨᠠᠨ ᠬᠠᠷᠭᠤᠭᠤᠯᠬᠤ ᠪᠣᠭᠤᠮᠲᠠ ᠶᠢ | ᠦᠨᠡᠨᠬᠦ ᠰᠠᠶᠢᠲᠤᠷ ᠠᠳᠬᠤᠵᠤ᠂ ᠮᠡᠳᠡᠭᠡ ᠵᠠᠩᠭᠢ ᠨᠡᠶᠢᠲᠡᠯᠡᠬᠦ ᠠᠴᠠ ᠡᠮᠦᠨ᠎ᠡ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠴᠢᠩᠭᠠᠳᠬᠠᠨ᠂ ᠠᠯᠬᠤᠮ ᠢᠶᠠᠨ ᠨᠢᠭᠡᠳᠬᠡᠵᠦ ᠭᠠᠳᠠᠭᠰᠢ ᠴᠢᠮᠡᠭᠡ ᠭᠠᠷᠭᠠᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | ︵ᠲᠠᠪᠤ︶ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠢᠯᠡ ᠪᠣᠯᠭᠠᠬᠤ ᠶᠢ | ᠴᠢᠩᠭᠠᠷᠠᠭᠤᠯᠤᠨ᠎ᠠ᠃ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ᠂ ᠵᠠᠰᠠᠭ ᠵᠠᠬᠢᠷᠭᠠᠨ ᠤ ᠵᠥᠪᠰᠢᠶᠡᠷᠡᠯ ᠤᠨ ︽ | ᠬᠤᠶᠠᠷ ᠢ ᠢᠯᠡ ᠨᠡᠶᠢᠲᠡᠯᠡᠬᠦ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠢᠯᠡ ᠲᠣᠳᠣ ᠬᠢᠨᠠᠯᠲᠠ | ᠬᠠᠮᠢᠶᠠᠷᠤᠯᠲᠠ ᠶᠢᠨ ᠲᠦᠷᠢᠮ ᠪᠠ ᠪᠠᠷᠢᠮᠵᠢᠶ᠎ᠠ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ | ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠰᠣᠶᠣᠯ ᠤᠨ ᠵᠠᠬ᠎ᠠ ᠳᠡᠯᠭᠡᠭᠦᠷ᠂ ᠬᠤᠲᠠ ᠶᠢᠨ | ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠤᠨ ᠭᠠᠷᠴᠠᠭ ᠤᠨ | ᠨᠠᠷᠢᠨ ᠬᠠᠭᠤᠳᠠᠰᠤ ᠶᠢ ᠭᠤᠤᠯᠳᠠᠯᠭ᠎ᠠ ᠲᠠᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠯᠠᠭ᠎ᠠ ᠶᠢ ᠲᠠᠰᠤᠷᠠᠯᠲᠠ ᠥᠬᠡᠶ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠢᠯᠡ | ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠢᠯᠠᠩᠭᠤᠶ᠎ᠠ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ | ᠠᠶᠤᠯ ᠥᠬᠡᠶ ᠦᠢᠯᠡᠳᠪᠦᠷᠢᠯᠡᠯ᠂ ᠠᠮᠢ ᠠᠬᠤᠶ ᠶᠢᠨ ᠣᠷᠴᠢᠨ ᠲᠣᠭᠤᠷᠢᠨ᠂ ᠮᠥᠩᠭᠦᠨ ᠭᠦᠢᠯᠭᠡᠭᠡᠨ ᠤ ᠠᠮᠤᠷ | ᠲᠦᠪᠰᠢᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ | ᠬᠦᠷᠢᠶ᠎ᠡ ᠴᠠᠷᠠᠭ᠎ᠠ ᠶᠢᠨ ᠬᠠᠤᠯᠢ ᠬᠡᠷᠡᠭᠵᠢᠭᠦᠯᠦᠯᠲᠡ ᠶᠢ ᠢᠯᠡ ᠪᠣᠯᠭᠠᠬᠤ ᠶᠢ ᠴᠢᠩᠭᠠᠳᠬᠠᠵᠤ᠂ ᠬᠠᠤᠯᠢ ᠶᠢ ᠬᠦᠨᠳᠦ | ᠨᠣᠴᠢᠲᠠᠶ ᠵᠥᠷᠢᠴᠡᠭᠰᠡᠨ ᠦᠶ᠋ᠯᠡ ᠠᠵᠢᠯᠯᠠᠭ᠎ᠠ᠂ ᠲᠣᠮᠣ ᠬᠡᠷᠡᠭ ᠴᠢᠬᠤᠯᠠ ᠬᠡᠷᠡᠭ ᠲᠤ ᠪᠠᠶᠢᠴᠠᠭᠠᠨ ᠰᠢᠢᠳᠪᠦᠷᠢᠯᠡᠭᠰᠡᠨ | ᠦᠷ᠎ᠡ ᠳ᠋ᠦᠩ ᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠤ ᠬᠠᠤᠯᠢ ᠶᠣᠰᠣᠭᠠᠷ ᠤᠷᠤᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ | ᠡᠯ᠎ᠡ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠨᠢᠭᠡᠴᠡ︶ | ︵ᠵᠢᠷᠭᠤᠭ᠎ᠠ︶ ᠡᠳ᠋ ᠤᠨ ᠵᠠᠰᠠᠭ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠷᠠᠭᠤᠯᠤᠨ᠎ᠠ᠃ ᠲᠥᠰᠦᠪ | ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠰᠠᠯᠠᠭ᠎ᠠ | ᠮᠥᠴᠢᠷ ᠤᠨ ᠲᠥᠰᠦᠪ᠂ ᠲᠥᠰᠦᠪ ᠤᠨ ᠭᠦᠢᠴᠡᠳᠬᠡᠯ ᠵᠢᠴᠢ ︽ᠭᠤᠷᠪᠠᠨ ᠵᠦᠢᠯ ᠤᠨ ᠠᠯᠪᠠᠨ ᠤ ᠭᠦᠢᠴᠡᠳᠬᠡᠯ︾ | ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠢᠷᠤᠮᠵᠢᠭᠤᠯᠤᠨ᠎ᠠ᠃ ᠡᠳ᠋ ᠤᠨ ᠵᠠᠰᠠᠭ ᠤᠨ ᠶᠠᠮᠤᠨ ᠤ ᠰᠢᠭᠤᠳ | ᠬᠦᠷᠭᠡᠬᠦ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠬᠤᠯᠪᠣᠭᠳᠠᠯ ᠪᠥᠬᠦᠶ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠪᠠ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠰᠢᠭᠤᠳ ᠬᠦᠷᠭᠡᠬᠦ ᠪᠠᠯᠠ ᠮᠥᠩᠭᠦ ᠶᠢ ᠬᠤᠪᠢᠶᠠᠷᠢᠯᠠᠨ | ᠬᠡᠷᠡᠭᠯᠡᠬᠦ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠂ ᠨᠡᠶᠢᠭᠡᠮ ᠨᠡᠶᠢᠲᠡ ᠶᠢᠨ ᠲᠤᠰᠬᠠᠭᠰᠠᠨ | ᠪᠠᠶᠢᠳᠠᠯ ᠳᠤ ᠴᠠᠭ ᠲᠤᠬᠠᠶ ᠳᠤᠨᠢ ᠬᠠᠷᠢᠭᠤ ᠥᠭᠴᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ | ᠴᠡᠭᠴᠡᠯᠡᠨ ᠰᠠᠶᠢᠵᠢᠷᠠᠭᠤᠯᠵᠤ ᠨᠡᠶᠢᠲᠡᠯᠡᠨ᠎ᠡ᠃ ︵ᠬᠠᠷᠢᠭᠤᠴᠠᠯᠭᠠᠲᠤ ᠨᠢᠭᠡᠴᠡ᠄ ᠡᠳ᠋ ᠤᠨ ᠵᠠᠰᠠᠭ ᠤᠨ ᠲᠣᠪᠴᠢᠶ᠎ᠠ︶ | ᠬᠤᠶᠠᠷ᠂ ᠲᠠᠶᠢᠯᠤᠮᠵᠢ ᠬᠢᠵᠦ ᠬᠠᠷᠢᠭᠤ ᠥᠭᠬᠦ ᠠᠵᠢᠯ ᠢ ᠭᠦᠨᠵᠡᠭᠡᠶᠢᠷᠡᠭᠦᠯᠵᠦ᠂ ᠵᠠᠰᠠᠭ ᠠᠷᠠᠳ ᠤᠨ ᠬᠠᠷᠢᠯᠴᠠᠨ | ᠦᠢᠯᠡᠳᠦᠯᠴᠡᠬᠦ ᠶᠢ ᠰᠠᠶᠢᠲᠤᠷ ᠬᠢᠨ᠎ᠡ᠃ | ︵ᠨᠢᠭᠡ︶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠲᠠᠶᠢᠯᠤᠮᠵᠢ ᠬᠢᠬᠦ ᠶᠢ ᠲᠣᠪᠤᠶᠢᠮ᠎ᠠ | ᠰᠠᠶᠢᠲᠤᠷ ᠬᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠠᠵᠢᠯ ᠤᠨ | ᠡᠭᠦᠷᠭᠡ ᠲᠠᠢ ᠬᠠᠷᠢᠴᠠᠭᠤᠯᠵᠤ᠂ ᠹᠧᠩᠵᠧᠨ ᠬᠤᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠶᠢ ᠦᠨᠳᠦᠰᠦᠯᠡᠨ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠴᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ | ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠪᠣᠯᠪᠠᠰᠤᠨ | ᠬᠤᠳᠠ ᠶᠢᠨ ᠪᠦᠳᠦᠭᠡᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ᠂ ᠦᠨᠳᠦᠰᠦᠨ ᠠᠷᠠᠳ ᠤᠨ ᠠᠮᠢᠳᠤᠷᠠᠯ ᠤᠨ | ᠪᠠᠲᠤᠯᠠᠭ᠎ᠠ ᠪᠣᠯᠤᠨ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠵᠡᠷᠭᠡ ᠬᠦᠷᠢᠶ᠎ᠡ ᠶᠢᠨ ᠲᠣᠭᠤᠷᠢᠨ ᠳᠤ ᠲᠠᠶᠢᠯᠤᠮᠵᠢ | ᠬᠢᠵᠦ ᠬᠠᠷᠢᠭᠤ ᠲᠤᠰᠬᠠᠬᠤ ᠶᠢ ᠭᠦᠨᠵᠡᠭᠡᠢ ᠦᠷᠨᠢᠭᠦᠯᠦᠨ᠎ᠡ᠃ ᠡᠷᠬᠡ ᠰᠦᠷᠲᠦ ᠮᠡᠳᠡᠭᠡ ᠵᠠᠩᠭᠢ ᠶᠢ ᠴᠠᠭ ᠲᠤᠬᠠᠶ ᠳᠤᠨᠢ | ᠨᠡᠶᠢᠲᠡᠯᠡᠬᠦ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠠᠬᠤᠶ ᠪᠠᠶᠢᠳᠠᠯ᠂ ᠨᠡᠶᠢᠲᠡᠯᠡᠭᠰᠡᠨ ᠵᠣᠷᠢᠯᠭ᠎ᠠ᠂ ᠴᠢᠬᠤᠯᠠ | ᠠᠷᠭ᠎ᠠ ᠬᠡᠮᠵᠢᠶ᠎ᠡ ᠵᠡᠷᠭᠡ ᠲᠠᠯ᠎ᠠ ᠶᠢᠨ ᠲᠠᠶᠢᠯᠤᠮᠵᠢ ᠶᠢ ᠨᠡᠩ ᠴᠢᠬᠤᠯᠠᠴᠢᠯᠠᠵᠤ᠂ ᠲᠦᠷᠦ ᠶᠢᠨ ᠪᠤᠳᠤᠯᠭ᠎ᠠ ᠶᠢ | ᠲᠣᠭᠲᠠᠭᠠᠬᠤ ᠶᠠᠪᠤᠴᠠ ᠳᠤ ᠴᠤᠭᠯᠠᠭᠤᠯᠤᠭᠰᠠᠨ ᠨᠡᠶᠢᠳᠡᠮ ᠤᠨ ᠠᠩᠬᠠᠷᠤᠯ ᠤᠨ ᠴᠡᠭ ᠪᠠ ᠰᠡᠵᠢᠭᠯᠡᠯ ᠤᠨ ᠴᠡᠭ ᠲᠤ | ᠬᠠᠨᠳᠤᠯᠭᠠᠲᠤ ᠴᠢᠨᠠᠷᠲᠠᠶ ᠪᠠᠷ ᠬᠠᠷᠢᠭᠤᠯᠲᠠ ᠦᠭᠭᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠭᠤᠳ | ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | ︵ᠬᠤᠶᠠᠷ︶ ᠣᠯᠠᠨ ᠨᠡᠶᠢᠲᠡ ᠶᠢᠨ ᠣᠷᠣᠯᠴᠠᠬᠤ ᠶᠢ ᠠᠬᠢᠭᠤᠯᠵᠤ᠂ ᠲᠠᠶᠢᠯᠪᠤᠷᠢᠯᠠᠨ ᠤᠯᠠᠮᠵᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠠᠭᠤᠳᠠᠯ ᠤᠨ ᠬᠤᠷᠠᠯ᠂ ᠭᠡᠷᠡᠴᠢᠯᠡᠭᠡ ᠰᠣᠨᠣᠰᠬᠤ ᠬᠤᠷᠠᠯ᠂ ᠲᠤᠬᠠᠶ ᠶᠢᠨ ᠭᠠᠵᠠᠷ ᠲᠤᠨᠢ | ᠰᠤᠷᠪᠤᠯᠵᠢᠯᠠᠬᠤ᠂ ᠢᠯᠡ ᠪᠠᠷ ᠰᠠᠨᠠᠯ ᠬᠤᠷᠢᠶᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢ ᠥᠷᠨᠢᠭᠦᠯᠵᠦ᠂ ᠣᠯᠠᠨ ᠨᠡᠶᠢᠲᠡ ᠶᠢ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠳᠤ ᠣᠷᠣᠯᠴᠠᠭᠤᠯᠤᠨ᠎ᠠ᠃ ᠰᠣᠨᠢᠨ ᠮᠡᠳᠡᠭᠡ | ᠨᠡᠶᠢᠲᠡᠯᠡᠬᠦ ᠬᠤᠷᠠᠯ᠂ ᠲᠤᠭ᠎ᠠ ᠪᠠᠷᠢᠮᠲᠠ ᠶᠢᠨ ᠵᠢᠷᠤᠭᠲᠤ ᠲᠠᠶᠢᠯᠪᠤᠷᠢ᠂ ᠣᠬᠤᠷ ᠸᠢᠳᠢᠣ᠋᠂ ᠺᠠᠷᠲ᠋ᠣᠨ ᠵᠢᠷᠤᠭ ᠤᠨ | ᠦᠵᠡᠭᠦᠯᠦᠯᠭᠡ ᠵᠡᠷᠭᠡ ᠤᠯᠠᠨ ᠡᠰᠢᠴᠢᠯᠡᠭᠰᠡᠨ ᠲᠠᠶᠢᠯᠪᠤᠷᠢᠯᠠᠬᠤ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠲᠦᠷᠦ ᠶᠢᠨ | ᠪᠤᠳᠤᠯᠭ᠎ᠠ ᠶᠢᠨ ᠰᠠᠨᠠᠭ᠎ᠠ ᠵᠣᠷᠢᠯᠲᠠ ᠶᠢ ᠤᠨᠢᠨ ᠳᠡᠭᠡᠷ᠎ᠡ ᠨᠢ ᠤᠯᠠᠮᠵᠢᠯᠠᠵᠤ᠂ ᠲᠦᠷᠦ ᠶᠢᠨ ᠪᠤᠳᠤᠯᠭ᠎ᠠ ᠶᠢᠨ | ᠳᠠᠮᠵᠢᠭᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽12345︾ ᠬᠠᠯᠠᠭᠤᠨ ᠤᠲᠠᠰᠤ ᠪᠠᠷ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠬᠦ ᠪᠠ ᠵᠠᠰᠠᠭ ᠠᠷᠠᠳ ᠤᠨ ᠬᠠᠷᠢᠯᠴᠠᠨ ᠦᠢᠯᠡᠳᠦᠯᠴᠡᠬᠦ | ᠲᠠᠯ᠎ᠠ ᠪᠠᠷ ᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ ᠳᠤ ᠴᠠᠭ | ᠲᠤᠬᠠᠶ ᠳᠤᠨᠢ ᠬᠠᠷᠢᠭᠤ ᠦᠭᠭᠦᠨ᠎ᠡ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ᠰᠢᠨ᠎ᠡ ᠪᠠᠶᠢᠳᠠᠯ᠂ | ᠰᠢᠨ᠎ᠡ ᠠᠰᠠᠭᠤᠳᠠᠯ ᠳᠤ ᠴᠠᠭ ᠲᠤᠬᠠᠶ ᠳᠤᠨᠢ ᠬᠤᠶᠠᠳᠠᠬᠢ ᠤᠳᠠᠭ᠎ᠠ ᠲᠠᠶᠢᠯᠤᠮᠵᠢ ᠬᠢᠬᠦ᠂ ᠮᠥᠷᠳᠡᠨ ᠲᠠᠶᠢᠯᠤᠮᠵᠢ | ᠬᠢᠬᠦ ᠶᠢ ᠥᠷᠨᠢᠭᠦᠯᠵᠦ᠂ ᠲᠠᠶᠢᠯᠤᠮᠵᠢ ᠬᠢᠬᠦ ᠠᠵᠢᠯ ᠤᠨ ᠡᠷᠬᠡ ᠰᠦᠷᠲᠦ ᠴᠢᠨᠠᠷ ᠢ ᠴᠢᠩᠭᠠᠳᠬᠠᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | ᠭᠤᠷᠪᠠ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ ᠤᠨ ᠵᠢᠭᠰᠠᠭᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠷᠴᠢᠮᠵᠢᠭᠦᠯᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ︵ᠨᠢᠭᠡ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠡᠷᠴᠢᠮᠵᠢᠭᠦᠯᠬᠦ ᠪᠠᠶᠢᠭᠤᠯᠤᠯᠲᠠ ᠶᠢ | ᠠᠬᠢᠭᠤᠯᠤᠨ᠎ᠠ᠃ ᠣᠲᠣ ᠶᠢᠨ ᠪᠠᠶᠢᠭ᠎ᠠ ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠶᠢᠨ ᠣᠯᠠᠨ ᠲᠦᠮᠡᠨ ᠤ | ᠲᠠᠪᠴᠠᠩ ᠢ ᠡᠷᠴᠢᠮᠵᠢᠭᠦᠯᠦᠭᠰᠡᠨ ᠲᠠᠪᠴᠠᠩ ᠪᠣᠯᠭᠠᠨ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠵᠦ᠂ | ᠮᠡᠳᠡᠭᠡ ᠵᠠᠩᠭᠢ ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ ᠥᠭᠬᠦ᠂ ᠠᠵᠢᠯ ᠶᠠᠪᠤᠳᠠᠯ ᠭᠦᠢᠴᠡᠳᠭᠡᠬᠦ ᠳᠤ | ᠦᠢᠯᠡᠴᠢᠯᠡᠬᠦ᠂ ᠦᠢᠯᠡᠳᠦᠯᠴᠡᠨ ᠰᠣᠯᠢᠯᠴᠠᠬᠤ ᠵᠡᠷᠭᠡ ᠴᠢᠳᠠᠮᠵᠢ ᠶᠢ ᠡᠷᠴᠢᠮᠵᠢᠭᠦᠯᠬᠦ ᠶᠢ ᠠᠬᠢᠭᠤᠯᠤᠨ᠎ᠠ᠃ | ᠲᠠᠪᠴᠠᠩ ᠤᠨ ᠪᠤᠯᠤᠩ ᠤᠨ ᠨᠢᠭᠤᠷ ᠤᠨ ᠲᠣᠬᠢᠷᠠᠭᠤᠯᠤᠯᠲᠠ ᠪᠠ ᠡᠷᠢᠬᠦ ᠴᠢᠳᠠᠮᠵᠢ ᠶᠢ ᠰᠢᠯᠢᠳᠡᠭᠵᠢᠭᠦᠯᠵᠦ᠂ | ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠶᠣᠰᠣᠭᠠᠷ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ | ᠢᠯᠡ ᠪᠣᠯᠭᠠᠬᠤ ᠠᠭᠤᠯᠭ᠎ᠠ ᠶᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠴᠠᠭ ᠲᠤᠬᠠᠶ ᠳᠤᠨᠢ ᠰᠢᠨᠡᠳᠬᠡᠵᠦ᠂ | ᠨᠡᠶᠢᠭᠡᠮ ᠨᠡᠶᠢᠲᠡ ᠶᠢᠨ ᠬᠡᠷᠡᠭᠴᠡᠭᠡ ᠪᠥᠬᠦᠶ ᠮᠡᠳᠡᠭᠡ ᠵᠠᠩᠭᠢ ᠶᠢ ᠲᠦᠷᠭᠡᠨ ᠪᠥᠭᠡᠳ ᠣᠨᠣᠪᠴᠢᠲᠠᠶ ᠤᠯᠬᠤ ᠳᠤ | ᠲᠥᠬᠦᠮ ᠦᠵᠡᠭᠦᠯᠦᠨ᠎ᠡ᠃ ᠵᠠᠰᠠᠭ ᠤᠨ ᠣᠷᠳᠣᠨ ᠤ ᠠᠯᠪᠠᠨ ᠮᠡᠳᠡᠭᠡ ᠪᠠ ᠮᠣᠩᠭᠤᠯ ᠬᠡᠯᠡᠨ ᠤ ᠵᠠᠰᠠᠭ ᠤᠨ | ᠶᠠᠪᠤᠳᠠᠯ ᠤᠨ ᠰᠦᠯᠵᠢᠶᠡᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ | ᠦᠷᠭᠦᠯᠵᠢᠯᠡᠨ ᠰᠠᠶᠢᠳᠤᠷ ᠬᠢᠨ᠎ᠡ᠃ ︵ᠬᠠᠷᠢᠭᠤᠴᠠᠯᠭᠠᠲᠤ ᠨᠢᠭᠡᠴᠡ᠄ ᠵᠠᠰᠠᠭ ᠤᠨ ᠣᠷᠳᠣᠨ ᠤ ᠠᠯᠪᠠᠨ ᠬᠡᠷ᠂ | ᠡᠳ᠋ ᠤᠨ ᠵᠠᠰᠠᠭ ᠤᠨ ᠲᠣᠪᠴᠢᠶ᠎ᠠ︶ | ︵ᠬᠤᠶᠠᠷ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ | ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ | ᠪᠦᠬᠦᠨ ᠢ ︽ᠪᠥᠬᠦ ᠤᠯᠤᠰ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠦᠯᠦᠨ ᠬᠦᠷᠭᠡᠬᠦ | ᠰᠢᠰᠲ᠋ᠧᠮ︾ ᠳᠤ ᠣᠷᠣᠭᠤᠯᠤᠨ ᠬᠠᠮᠢᠶᠠᠷᠴᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠳᠠᠩᠰᠠᠯᠠᠬᠤ᠂ | ᠡᠳᠦᠷ ᠲᠤᠲᠤᠮ ᠤᠨ ᠬᠢᠨᠠᠨ ᠰᠢᠯᠭᠠᠬᠤ ᠪᠠ ᠬᠢᠨᠠᠨ ᠰᠢᠯᠭᠠᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠨᠡᠭᠡᠭᠡᠨ | ᠡᠷᠭᠢᠯᠡᠬᠦ ᠬᠠᠭᠠᠬᠤ ᠵᠣᠭᠰᠣᠭᠠᠬᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠢᠯᠭᠠᠷᠠᠭᠤᠯᠤᠨ | ᠳᠢᠭᠯᠡᠵᠦ ᠡᠮᠬᠢᠯᠡᠨ ᠨᠡᠶᠢᠯᠡᠭᠦᠯᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ︽ᠬᠤᠷᠤᠭᠤᠨ ᠦᠵᠦᠭᠦᠷ ᠤᠨ | ᠬᠡᠯᠪᠡᠷᠢ ᠶᠢᠨ ᠦᠵᠡᠯ︾ ᠢ ᠡᠷᠡᠰ ᠬᠤᠷᠢᠭᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨᠬᠦ | ᠬᠦᠩᠬᠡᠷᠡᠭᠦᠯᠦᠨᠡ᠃ ︵ᠬᠠᠷᠢᠭᠤᠴᠠᠯᠭᠠᠲᠤ ᠨᠢᠭᠡᠴᠡ᠄ ᠵᠠᠰᠠᠭ ᠤᠨ ᠣᠷᠳᠣᠨ ᠤ ᠠᠯᠪᠠᠨ ᠬᠡᠷ᠂ ᠡᠯ᠎ᠡ ᠰᠢᠶᠠᠩ | ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | ︵ᠭᠤᠷᠪᠠ︶ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ᠂ ᠥᠪᠥᠷ ᠮᠣᠩᠭᠤᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠤᠷ ᠪᠠ ︽ᠮᠦᠩᠬᠡ ᠰᠤᠪᠠᠭ︾ ᠤᠨ ᠰᠢᠯᠵᠢᠮᠡᠯ ᠦᠵᠦᠭᠦᠷ ᠢ | ᠨᠢᠭᠡᠳᠦᠯᠲᠡᠶ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠣᠯᠭᠠᠵᠤ᠂ ᠡᠯ᠎ᠡ ᠰᠠᠯᠠᠭ᠎ᠠ | ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠦᠯᠵᠢᠶᠡᠨ | ᠳᠡᠭᠡᠷ᠎ᠡ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡᠨ ᠤ ᠣᠷᠣᠬᠤ ᠡᠭᠦᠳᠡ ᠪᠠ ᠥᠨᠳᠥᠷ ᠳᠠᠪᠲᠠᠮᠵᠢ ᠶᠢᠨ | ᠬᠡᠷᠡᠭᠯᠡᠯᠲᠡ ᠶᠢ ᠬᠤᠷᠠᠮᠳᠤᠭᠤᠯᠤᠨ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠤᠯᠪᠣᠯᠳᠤᠭᠤᠯᠤᠨ ᠨᠡᠪᠲᠡᠷᠡᠭᠦᠯᠬᠦ ᠪᠠ | ᠬᠠᠮᠲᠤᠪᠠᠷ ᠭᠥᠷᠳᠡᠬᠦ ᠶᠢ ᠨᠢᠭᠡᠳᠦᠯᠲᠡᠶ ᠬᠠᠩᠭᠠᠵᠤ᠂ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠦᠨᠡᠯᠡᠯᠲᠡ ᠶᠢ | ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︶ | ᠳᠥᠷᠪᠡ᠂ ᠰᠠᠭᠤᠷᠢ ᠬᠠᠮᠢᠶᠠᠷᠤᠯᠲᠠ ᠶᠢ ᠴᠢᠩᠭᠠᠷᠠᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠪᠠᠷᠢᠮᠵᠢᠶᠠᠵᠢᠭᠤᠯᠤᠨ ᠵᠢᠷᠤᠮᠵᠢᠭᠤᠯᠬᠤ ᠶᠢ ᠠᠬᠢᠭᠤᠯᠤᠨ᠎ᠠ᠃ | ︵ᠨᠢᠭᠡ︶ ᠬᠠᠤᠯᠢ ᠪᠠᠷ ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢᠨ | ᠵᠢᠷᠤᠮᠵᠢᠭᠤᠯᠤᠯᠲᠠ ᠶᠢ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ︽ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠤᠨ ᠬᠤᠷᠢᠳᠤᠭᠠᠷ ᠵᠦᠢᠯ ᠳᠤ ᠲᠣᠳᠣᠷᠬᠠᠶᠢᠯᠠᠭᠰᠠᠨ ᠬᠠᠤᠯᠢ ᠪᠠᠷ | ᠲᠣᠭᠲᠠᠭᠠᠭᠰᠠᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠣᠰᠣᠭᠠᠷ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ᠂ ᠠᠵᠢᠯ | ᠣᠯᠭᠤᠯᠲᠠ ᠶᠢ ᠠᠬᠢᠭᠤᠯᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠵᠢᠴᠢ ᠬᠡᠷᠡᠭᠵᠢᠭᠦᠯᠦᠭᠰᠡᠨ | ᠪᠠᠶᠢᠳᠠᠯ ᠢ ᠲᠥᠷᠥᠯ ᠬᠤᠪᠢᠶᠠᠨ ᠢᠯᠡ ᠪᠤᠯᠭᠠᠨ᠎ᠠ᠃ ︽ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ | ᠬᠥᠮᠥᠷᠭᠡ︾ ᠶᠢᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ︽ᠨᠢᠭᠡ ᠰᠦᠯᠵᠢᠶ᠎ᠡ ᠪᠠᠷ ᠨᠡᠶᠢᠳᠡᠮ ᠪᠠᠶᠢᠴᠠᠭᠠᠬᠤ︾ ᠶᠢ ᠳᠥᠯᠭᠢᠨ ᠠᠬᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ︶ | ︵ᠬᠤᠶᠠᠷ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢᠶᠠᠷ ᠢᠯᠡ ᠪᠣᠯᠭᠠᠵᠤ | ᠪᠠᠷᠢᠮᠵᠢᠶᠠᠵᠢᠭᠤᠯᠬᠤ ᠶᠢ ᠠᠬᠢᠭᠤᠯᠤᠨ᠎ᠠ᠃ ︽ᠬᠡᠨ ᠲᠣᠭᠲᠠᠭᠠᠭᠰᠠᠨ ᠪᠣᠯ ᠲᠡᠷᠡ ᠢᠯᠭᠠᠷᠠᠭᠤᠯᠬᠤ︾ ᠵᠠᠷᠴᠢᠮ | ᠶᠣᠰᠣᠭᠠᠷ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠦᠴᠦᠨ ᠪᠥᠬᠦᠶ ᠴᠢᠨᠠᠷ ᠢ | ᠪᠠᠶᠢᠴᠠᠭᠠᠨ ᠢᠯᠭᠠᠷᠠᠭᠤᠯᠬᠤ ᠠᠵᠢᠯ ᠢ ᠥᠷᠨᠢᠭᠦᠯᠵᠦ᠂ ᠪᠢᠴᠢᠭ ᠮᠠᠲ᠋ᠧᠷᠢᠶᠠᠯ ᠤᠨ ᠰᠠᠭᠤᠷᠢ ᠲᠤᠭ᠎ᠠ ᠶᠢ ᠪᠥᠬᠦ | ᠲᠠᠯ᠎ᠠ ᠪᠠᠷ ᠤᠶᠢᠯᠠᠭᠠᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠢ ᠦᠨᠳᠦᠰᠦᠯᠡᠨ ᠢᠯᠡ | ᠪᠣᠯᠭᠠᠬᠤ ᠠᠵᠢᠯ ᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ | ᠭᠤᠶᠤᠴᠢᠯᠠᠬᠤ ᠶᠢ ᠳᠠᠩᠰᠠᠯᠠᠬᠤ᠂ ᠬᠢᠨᠠᠨ ᠬᠠᠷᠭᠤᠭᠤᠯᠬᠤ᠂ ᠭᠦᠢᠴᠡᠳᠭᠡᠬᠦ᠂ ᠬᠠᠷᠢᠭᠤᠯᠲᠠ ᠥᠭᠬᠦ᠂ ᠲᠠᠩᠰᠠ | ᠡᠪᠬᠡᠮᠡᠯ ᠳᠤ ᠣᠷᠣᠭᠤᠯᠬᠤ ᠭᠤᠭᠴᠤᠭ᠎ᠠ ᠪᠠᠷ ᠳᠠᠮᠵᠢᠭᠤᠯᠤᠨ ᠪᠠᠷᠢᠮᠵᠢᠶᠠᠲᠤ ᠴᠤᠪᠤᠷᠠᠯ ᠢ ᠳᠣᠭᠢᠷᠠᠭᠤᠯᠵᠤ᠂ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠬᠤ ᠶᠢ ︽ᠨᠢᠭᠡ ᠯᠡ ᠰᠦᠯᠵᠢᠶ᠎ᠡ ᠪᠠᠷ | ᠰᠢᠢᠳᠪᠦᠷᠢᠯᠡᠨ᠎ᠡ︾᠃ ︵ᠬᠠᠷᠢᠭᠤᠴᠠᠯᠭᠠᠲᠤ ᠨᠢᠭᠡᠴᠡ᠄ ᠵᠠᠰᠠᠭ ᠤᠨ ᠣᠷᠳᠣᠨ ᠤ ᠠᠯᠪᠠᠨ ᠬᠡᠷ᠂ ᠬᠠᠤᠯᠢ | ᠴᠠᠭᠠᠵᠠ ᠶᠢᠨ ᠲᠣᠪᠴᠢᠶ᠎ᠠ︶ | ︵ᠭᠤᠷᠪᠠ︶ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ | ᠵᠢᠷᠤᠮᠵᠢᠭᠤᠯᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠵᠢᠯ ᠤᠨ ᠵᠢᠷᠤᠮᠵᠢᠯ︾ ᠵᠡᠷᠭᠡ 8 ᠵᠦᠢᠯ ᠤᠨ ᠵᠠᠰᠠᠭ ᠤᠨ | ᠶᠠᠪᠤᠳᠠᠯ ᠢ ᠢᠯᠡ ᠪᠣᠯᠭᠠᠬᠤ ᠣᠷᠣᠨ ᠨᠤᠲᠤᠭ ᠤᠨ ᠪᠠᠷᠢᠮᠵᠢᠶ᠎ᠠ ᠶᠢ ᠲᠤᠷᠰᠢᠨ ᠬᠡᠷᠡᠭᠯᠡᠬᠦ ᠶᠢ ᠳᠡᠯᠭᠡᠷᠡᠭᠦᠯᠵᠦ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠤᠯᠢ ᠶᠣᠰᠣᠭᠠᠷ᠂ ᠵᠢᠷᠤᠮᠵᠢᠯ ᠲᠠᠢ᠂ ᠥᠨᠳᠥᠷ ᠦᠷ᠎ᠡ | ᠪᠦᠲᠦᠮᠵᠢᠲᠡᠶ ᠪᠠᠷ ᠥᠷᠨᠢᠭᠦᠯᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠡᠯ᠎ᠡ ᠰᠢᠶᠠᠩ ᠪᠠᠯᠭᠠᠰᠤ᠂ ᠬᠡᠷᠡᠭ | ᠡᠷᠬᠢᠯᠡᠬᠦ ᠭᠠᠵᠠᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠶᠢᠨ | ᠵᠢᠯᠣᠭᠤᠳᠣᠯᠭ᠎ᠠ ᠬᠢᠨᠠᠯᠲᠠ ᠶᠢᠨ ᠡᠷᠴᠢᠮ ᠢ ᠴᠢᠩᠭᠠᠷᠠᠭᠤᠯᠵᠤ᠂ 80% ᠶᠢᠨ ᠦᠨᠳᠦᠰᠦᠨ ᠱᠠᠲᠤᠨ ᠤ ᠵᠠᠰᠠᠭ ᠤᠨ | ᠣᠷᠳᠣᠨ ᠤ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠠᠵᠢᠯ ᠤᠨ ᠪᠠᠶᠢᠳᠠᠯ ᠢ ᠰᠤᠭᠤᠴᠢᠨ ᠪᠠᠶᠢᠴᠠᠭᠠᠵᠤ ᠰᠢᠯᠵᠢᠭᠦᠯᠦᠨ | ᠠᠪᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ︶ | ᠲᠠᠪᠤ᠂ ᠴᠢᠳᠠᠪᠤᠷᠢ ᠪᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ ᠃ | ︵ᠨᠢᠭᠡ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠵᠢᠯᠣᠭᠤᠳᠬᠤ ᠴᠢᠳᠠᠪᠤᠷᠢ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠤᠲᠠ ᠶᠢᠨ | ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ | ᠴᠠᠭ ᠲᠤᠬᠠᠶ ᠳᠤᠨᠢ ᠢᠯᠡᠷᠡᠭᠦᠯᠦᠨ ᠳᠡᠯᠭᠡᠷᠡᠭᠦᠯᠵᠦ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠠᠬᠢᠭᠤᠯᠬᠤ᠂ ᠵᠣᠬᠢᠴᠠᠭᠤᠯᠬᠤ᠂ ᠵᠢᠯᠣᠭᠤᠳᠬᠤ᠂ ᠬᠢᠨᠠᠯᠲᠠ | ᠲᠠᠯᠪᠢᠬᠤ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠦᠨ᠎ᠡ᠃ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠢᠨᠠᠨ ᠰᠢᠯᠭᠠᠵᠤ ᠦᠨᠡᠯᠡᠨ ᠵᠢᠱᠢᠬᠦ ᠶᠢ ᠥᠷᠨᠢᠭᠦᠯᠵᠦ᠂ | ᠭᠦᠢᠴᠡᠳᠬᠡᠬᠦ ᠲᠤᠭ᠎ᠠ ᠶᠢᠨ ᠰᠢᠰᠲ᠋ᠧᠮ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠠᠷ ᠲᠤᠬᠳᠠᠭᠠᠨ᠂ | ᠠᠵᠢᠯ ᠤᠨ ᠤᠳᠤᠷᠢᠳᠤᠮᠵᠢ ᠶᠢ ᠨᠡᠩ ᠰᠠᠶᠢᠨ ᠬᠠᠷᠠᠭᠤᠯᠤᠨ᠎ᠠ᠃ | ︵ᠬᠤᠶᠠᠷ︶ ᠵᠢᠯᠣᠭᠤᠳᠴᠤ ᠬᠢᠨᠠᠯᠲᠠ ᠲᠠᠯᠪᠢᠬᠤ ᠪᠣᠯᠪᠠᠰᠤᠷᠠᠭᠤᠯᠤᠯ ᠢ ᠴᠢᠩᠭᠠᠳᠬᠠᠨ᠎ᠠ᠃ ᠲᠤᠬᠠᠶᠢᠯᠠᠭᠰᠠᠨ | ᠠᠵᠢᠯ ᠤᠨ ᠮᠡᠳᠡᠯᠭᠡ ᠪᠠᠷ ᠴᠢᠩᠭ᠎ᠠ᠂ ᠲᠤᠰᠬᠠᠶ ᠮᠡᠷᠭᠡᠵᠢᠯ ᠤᠨ ᠴᠢᠳᠠᠪᠤᠷᠢ ᠪᠠᠷ ᠨᠡᠯᠢᠶᠡᠳ ᠥᠨᠳᠥᠷ ᠵᠠᠰᠠᠭ ᠤᠨ | ᠶᠠᠪᠤᠳᠠᠯ ᠢ ᠢᠯᠡ ᠪᠣᠯᠭᠠᠬᠤ ᠡᠩᠨᠡᠭᠡ ᠶᠢ ᠬᠦᠴᠦᠯᠡᠨ ᠪᠠᠶᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠪᠣᠯᠪᠠᠰᠤᠷᠠᠭᠤᠯᠤᠯ ᠤᠨ ᠠᠵᠢᠯ ᠢ ᠦᠷᠭᠦᠯᠵᠢᠯᠡᠨ ᠰᠠᠶᠢᠵᠢᠷᠠᠭᠤᠯᠤᠨ᠂ ᠠᠵᠢᠯ ᠤᠨ ᠪᠣᠳᠠᠲᠠᠶ ᠠᠴᠠ ᠡᠭᠦᠰᠴᠦ | ᠪᠣᠯᠪᠠᠰᠤᠷᠠᠭᠤᠯᠤᠯ ᠤᠨ ᠬᠢᠴᠢᠶᠡᠯ ᠤᠨ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠲᠥᠪᠯᠡᠷᠡᠭᠦᠯᠬᠦ | ᠪᠠ ᠲᠠᠷᠠᠬᠠᠶ ᠪᠤᠲᠠᠷᠬᠠᠶ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ ᠣᠯᠠᠨ ᠡᠰᠢᠲᠦ | ᠪᠣᠯᠪᠠᠰᠤᠷᠠᠭᠤᠯᠤᠯ ᠤᠨ ᠪᠠᠶᠢᠷᠢᠰᠢᠯ ᠢ ᠪᠠᠶᠢᠭᠤᠯᠤᠨ᠂ ᠪᠣᠯᠪᠠᠰᠤᠷᠠᠭᠤᠯᠤᠯ ᠢᠶᠠᠷ ᠳᠡᠮᠵᠢᠨ ᠠᠵᠢᠯ ᠤᠨ ᠳᠤᠮᠳᠠᠬᠢ ᠬᠦᠴᠢᠷ | ᠠᠰᠠᠭᠤᠳᠠᠯ᠂ ᠪᠠᠯᠠᠶ ᠴᠡᠭ ᠤᠨ ᠠᠰᠠᠭᠤᠳᠠᠯ ᠢ ᠰᠢᠢᠳᠪᠦᠷᠢᠯᠡᠵᠦ᠂ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠭᠤᠷᠪᠠ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠡᠯ᠎ᠡ ᠰᠢᠶᠠᠩ | ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠲᠣᠰ ᠭᠤᠤᠯᠳᠠᠯᠭ᠎ᠠ ᠲᠠᠢ ᠪᠠᠨ ᠤᠶᠠᠯᠳᠤᠭᠤᠯᠤᠨ ᠠᠵᠢᠯ ᠤᠨ ᠡᠭᠦᠷᠭᠡ ᠪᠠᠨ ᠨᠠᠷᠢᠯᠢᠬᠵᠢᠭᠤᠯᠵᠤ᠂ | ᠪᠣᠳᠠᠲᠠᠶ ᠲᠠᠢ ᠪᠠᠨ ᠤᠶᠠᠯᠳᠤᠭᠤᠯᠤᠨ ᠭᠤᠤᠯᠳᠠᠯᠭ᠎ᠠ ᠲᠠᠢ ᠡᠭᠦᠷᠭᠡ ᠪᠠᠨ ᠳᠤᠷᠠᠳᠴᠤ᠂ ᠠᠵᠢᠯ ᠤᠨ ᠡᠬᠡ ᠲᠠᠩᠰᠠ | ᠪᠠᠶᠢᠭᠤᠯᠤᠨ᠂ ᠠᠵᠢᠯ ᠤᠨ ᠡᠭᠦᠷᠭᠡ ᠪᠠᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠳᠤᠯᠠᠨ᠎ᠠ᠃ | ᠳᠡᠭᠡᠷ᠎ᠡ ᠨᠢᠭᠡ ᠵᠢᠯ ᠤᠨ ᠠᠵᠢᠯ ᠤᠨ ᠭᠤᠤᠯᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ︽ᠡᠷᠬᠢᠨ ᠬᠠᠷᠠᠬᠤ︾ | ᠠᠵᠢᠯᠯᠠᠭ᠎ᠠ ᠥᠷᠨᠢᠭᠦᠯᠵᠦ᠂ ᠬᠠᠷᠢᠭᠤᠴᠠᠯᠭ᠎ᠠ ᠶᠢᠨ ᠭᠤᠤᠯ ᠴᠣᠭᠴᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ | ᠲᠣᠳᠣᠷᠬᠠᠶᠢᠯᠠᠭᠰᠠᠨ ᠠᠵᠢᠯ ᠤᠨ ᠡᠭᠦᠷᠭᠡ ᠳᠤ ᠭᠤᠤᠯᠳᠠᠯᠭ᠎ᠠ ᠲᠠᠢ ᠴᠢᠭᠯᠡᠭᠦᠯᠦᠨ᠂ ᠨᠠᠶᠢᠳᠠᠪᠤᠷᠢᠵᠢᠭᠤᠯᠤᠭᠰᠠᠨ | ᠪᠠᠶᠢᠳᠠᠯ ᠢ ᠵᠦᠢᠯ ᠳᠠᠷᠠᠭᠠᠯᠠᠨ ᠬᠠᠷᠭᠤᠭᠤᠯᠤᠨ ᠪᠠᠶᠢᠴᠠᠭᠠᠵᠤ᠂ ᠪᠡᠶᠡᠯᠡᠭᠦᠯᠦᠭᠡᠳᠦᠶ ᠵᠦᠢᠯ ᠢ ᠨᠢ ᠬᠠᠤᠯᠢ ᠶᠣᠰᠣᠭᠠᠷ | ᠰᠢᠮᠳᠠᠭᠤᠯᠤᠨ ᠴᠡᠭᠴᠡᠯᠡᠨ ᠰᠠᠶᠢᠵᠢᠷᠠᠭᠤᠯᠤᠨ᠎ᠠ᠃ | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |