| ᠥᠷᠭᠡᠨ ᠣᠯᠠᠨ ᠰᠢᠯᠭᠠᠭᠤᠯᠤᠭᠰᠠᠳ ᠡ᠄ | ᠹᠧᠩᠵᠧᠨ ᠬᠤᠲᠠ ᠶᠢᠨ ᠰᠢᠨ᠎ᠡ ᠲᠢᠳᠢᠮᠯᠢᠭᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ︽ᠭᠠᠳᠠᠭᠠᠳᠤ ᠠᠴᠠ | ᠤᠷᠤᠵᠦ ᠢᠷᠡᠬᠦ ᠪᠠ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠪᠠᠶᠢᠩᠭᠤ ᠶᠢᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ | ᠪᠦᠲᠦᠮᠵᠢᠲᠡᠶ ᠬᠢᠵᠠᠭᠠᠷᠯᠠᠨ ᠪᠠᠭᠠᠰᠬᠠᠬᠤ ᠶᠢᠨ ᠲᠥᠯᠥᠭᠡ᠂ ᠹᠧᠩᠵᠧᠨ ᠬᠤᠲᠠ ᠶᠢᠨ 2021 ᠣᠨ ᠤ ᠨᠡᠶᠢᠭᠡᠮ | ᠲᠣᠭᠤᠷᠢᠭ ᠤᠨ ᠠᠵᠢᠯᠲᠠᠨ ᠢ ᠢᠯᠡ ᠪᠠᠷ ᠡᠯᠰᠡᠬᠦ ᠪᠢᠷ ᠤᠨ ᠰᠢᠯᠭᠠᠯᠲᠠ ᠪᠠ ᠨᠢᠭᠤᠷᠲᠠᠨ ᠰᠢᠯᠭᠠᠬᠤ ᠰᠢᠯᠭᠠᠯᠲᠠ ᠶᠢᠨ | ᠠᠵᠢᠯ ᠢ ᠬᠤᠶᠢᠰᠢᠯᠠᠭᠤᠯᠤᠨ ᠲᠣᠬᠢᠷᠠᠭᠤᠯᠬᠤ ᠪᠠᠷ ᠪᠣᠶ᠃ ᠪᠣᠳᠠᠲᠠᠶ ᠴᠠᠭ ᠬᠤᠭᠤᠴᠠᠭ᠎ᠠ ᠶᠢ ᠰᠢᠨ᠎ᠡ ᠲᠢᠳᠢᠮᠯᠢᠭᠲᠦ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠦᠨᠳᠦᠰᠦᠯᠡᠵᠦ᠂ | ᠹᠧᠩᠵᠧᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ᠂ ᠹᠧᠩᠵᠧᠨ ᠬᠤᠲᠠ ᠶᠢᠨ ᠨᠠᠮ ᠤᠨ | ᠪᠠᠶᠢᠭᠤᠯᠤᠯᠲᠠ ᠶᠢᠨ ᠰᠦᠯᠵᠢᠶ᠎ᠡ᠂ ᠥᠪᠥᠷ ᠮᠣᠩᠭᠤᠯ ᠤᠨ ᠬᠥᠩ ᠴᠧᠩ ᠰᠢᠯᠭᠠᠯᠲᠠ ᠶᠢᠨ ᠦᠢᠯᠡᠴᠢᠯᠡᠭᠡᠨ ᠤ | ᠲᠥᠪ ᠤᠨ ᠰᠦᠯᠵᠢᠶ᠎ᠡ ᠳᠤ ᠠᠰ ᠲᠤᠨᠢ ᠮᠡᠳᠡᠭᠳᠡᠨ᠎ᠡ᠂ ᠰᠢᠯᠭᠠᠭᠤᠯᠤᠭᠰᠠᠳ ᠰᠠᠶᠢᠲᠤᠷ ᠠᠩᠬᠠᠷᠬᠤ ᠪᠣᠯᠪᠠᠤ᠃ | ᠬᠤᠯᠪᠣᠭᠳᠠᠯ ᠪᠥᠬᠦᠶ ᠮᠠᠲ᠋ᠧᠷᠢᠶᠠᠯ ᠢ ᠳᠠᠮᠵᠢᠭᠤᠯᠬᠤ ᠪᠠ ᠬᠢᠷᠢ ᠬᠡᠮ ᠤᠨ ᠬᠢᠨᠠᠨ ᠪᠠᠶᠢᠴᠠᠭᠠᠯᠲᠠ ᠶᠢ 12 ᠰᠠᠷ᠎ᠠ ᠶᠢᠨ | 3 ᠤ ᠡᠳᠦᠷ ᠤᠨ 18᠄ 00 ᠴᠠᠭ ᠲᠤ ᠳᠠᠭᠤᠰᠬᠠᠨ᠎ᠠ᠂ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠨᠡᠷ᠎ᠡ ᠮᠡᠳᠡᠭᠦᠯᠬᠦ | ᠰᠢᠰᠲ᠋ᠧᠮ ᠳᠤ ᠲᠡᠮᠳᠡᠭᠯᠡᠵᠦ ᠪᠠᠶᠢᠴᠠᠭᠠᠨ ᠯᠠᠪᠯᠠᠭᠠᠷᠠᠶ᠃ | ᠣᠶᠢᠷ᠎ᠠ ᠶᠢᠨ ᠬᠤᠭᠤᠴᠠᠭᠠᠨ ᠳᠤ ᠥᠷᠭᠡᠨ ᠣᠯᠠᠨ ᠰᠢᠯᠭᠠᠭᠤᠯᠤᠭᠰᠠᠳ ᠬᠤᠪᠢ ᠬᠥᠮᠦᠨ ᠤ ᠬᠠᠮᠠᠭᠠᠯᠠᠯᠲᠠ ᠪᠠ | ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠴᠢᠬᠤᠯᠠ ᠦᠭᠡᠢ ᠪᠤᠯ ᠭᠠᠳᠠᠭᠰᠢ ᠭᠠᠷᠬᠤ ᠦᠭᠡᠢ | ᠪᠠᠶᠢᠵᠦ᠂ ᠶᠡᠭᠡ ᠬᠡᠪᠴᠢᠶ᠎ᠡ ᠪᠠᠷ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠶ᠃ | | ᠹᠧᠩᠵᠧᠨ ᠬᠤᠲᠠ ᠶᠢᠨ ᠨᠡᠶᠢᠭᠡᠮ ᠲᠣᠭᠤᠷᠢᠭ ᠤᠨ ᠠᠵᠢᠯᠲᠠᠨ ᠡᠯᠰᠡᠬᠦ ᠠᠵᠢᠯ ᠤᠨ ᠤᠳᠤᠷᠢᠳᠬᠤ | ᠳᠤᠭᠤᠶᠢᠯᠠᠩ | 2021 ᠣᠨ ᠤ 12 ᠰᠠᠷ᠎ᠠ ᠶᠢᠨ 2 ᠤᠨ ᠡᠳᠦᠷ | | ᠤᠷᠴᠢᠭᠤᠯᠤᠭᠴᠢ᠄ ᠬᠠᠨ ᠰᠢᠶᠣᠣ ᠿᠦᠩ | ᠬᠢᠨᠠᠭᠴᠢ᠄ ᠼᠦᠢ ᠶᠢᠩ |