ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ︽ᠹᠧᠩᠵᠧᠨ ᠬᠤᠲᠠ ᠶᠢᠨ ᠬᠤᠩᠱᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ︵2021 — 2030 ᠣᠨ︶︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/7
ᠡᠯ᠎ᠡ ᠬᠤᠯᠪᠣᠭᠳᠠᠯ ᠪᠥᠬᠦᠶ ᠰᠢᠶᠠᠩ ᠪᠠᠯᠭᠠᠰᠤ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠡ ᠳᠤ᠄    ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠳᠦᠭᠡ ︽ᠹᠧᠩᠵᠧᠨ ᠬᠤᠲᠠ ᠶᠢᠨ ᠬᠤᠩᠱᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ︵2021 — 2030 ᠣᠨ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ ᠲᠤᠰᠬᠠᠶᠢᠯᠠᠨ ᠮᠡᠳᠡᠭᠳᠡᠪᠡ                      2021 ᠣᠨ ᠤ 8 ᠰᠠᠷ᠎ᠠ ᠶᠢᠨ 16 ᠤ ᠡᠳᠦᠷ        ᠹᠧᠩᠵᠧᠨ ᠬᠤᠲᠠ ᠶᠢᠨ ᠬᠤᠩ ᠱᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷᠲᠠᠶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ︵2021 — 2030 ᠣᠨ︶                    ᠡᠮᠦᠨᠡᠬᠢ ᠦᠭᠡ    ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠪᠣᠯ ᠮᠠᠨ ᠤ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠴᠢᠬᠤᠯᠠ ᠠᠭᠤᠯᠭ᠎ᠠ ᠮᠥᠨ᠂ ᠦᠵᠡᠰᠭᠦᠯᠡᠩᠲᠦ ᠰᠠᠶᠢᠬᠠᠨ ᠹᠧᠩᠵᠧᠨ ᠬᠤᠲᠠ ᠶᠢ ᠪᠦᠲᠦᠭᠡᠨ ᠪᠠᠶᠢᠭᠤᠯᠬᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠪᠥᠬᠦ ᠬᠤᠲᠠ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ ᠲᠦᠯᠦᠬᠡ᠂ ᠥᠪᠡᠷᠲᠡᠭᠡᠨ ᠵᠠᠰᠠᠬᠤ ᠣᠷᠣᠨ ᠪᠤᠯᠤᠨ ᠤᠯᠠᠭᠠᠨᠴᠠᠪ ᠬᠤᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠪᠠ᠃    ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠣᠯ ᠠᠮᠢᠳᠤ ᠪᠣᠳᠠᠰ ︵ᠠᠮᠢᠲᠠᠨ᠂ ᠤᠷᠭᠤᠮᠠᠯ ᠪᠠ ᠮᠢᠺᠷᠣᠪ︶ ᠬᠢᠭᠡᠳ ᠣᠷᠴᠢᠨ ᠲᠣᠭᠤᠷᠢᠨ ᠠᠴᠠ ᠪᠦᠷᠢᠯᠳᠦᠭᠰᠡᠨ ᠠᠮᠢ ᠠᠬᠤᠶ ᠶᠢᠨ ᠨᠡᠶᠢᠯᠡᠮᠡᠯ ᠴᠣᠭᠴᠠ ᠵᠢᠴᠢ ᠡᠭᠦᠨ ᠲᠠᠢ ᠬᠤᠯᠪᠣᠭᠳᠠᠬᠤ ᠡᠯ᠎ᠡ ᠵᠦᠢᠯ ᠤᠨ ᠠᠮᠢ ᠠᠬᠤᠶ ᠶᠢᠨ ᠶᠠᠪᠤᠴᠠ ᠶᠢᠨ ᠶᠡᠷᠦᠩᠬᠡᠶᠢᠯᠡᠯ ᠪᠣᠯᠤᠨ᠎ᠠ᠂ ᠡᠭᠦᠨ ᠳᠤ ᠠᠮᠢ ᠠᠬᠤᠶ ᠶᠢᠨ ᠰᠢᠰᠲ᠋ᠧᠮ᠂ ᠳᠦᠷᠰᠦ ᠪᠠ ᠭᠧᠨ ᠭᠡᠬᠦ ᠭᠤᠷᠪᠠᠨ ᠳᠠᠪᠬᠤᠷᠭ᠎ᠠ ᠪᠠᠭᠲᠠᠨ᠎ᠠ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠨᠢ ᠴᠢᠬᠤᠯᠠ ᠠᠮᠢ ᠠᠬᠤᠶ ᠶᠢᠨ ᠣᠷᠴᠢᠨ ᠨᠥᠬᠦᠴᠡᠯ ᠤᠨ ᠦᠨ᠎ᠡ ᠦᠷᠳᠡᠭ ᠲᠠᠢ ᠪᠠᠶᠢᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠠᠭᠤᠷ ᠠᠮᠢᠰᠬᠤᠯ ᠢ ᠲᠣᠬᠢᠷᠠᠭᠤᠯᠬᠤ᠂ ᠠᠭᠠᠷ ᠢ ᠴᠡᠪᠡᠷᠰᠢᠭᠦᠯᠬᠦ᠂ ᠠᠮᠢ ᠠᠬᠤᠶ ᠶᠢᠨ ᠲᠡᠩᠴᠡᠭᠦᠷᠢ ᠶᠢ ᠪᠠᠲᠤᠯᠠᠵᠤ ᠴᠢᠳᠠᠳᠠᠭ᠂ ᠲᠡᠷᠡ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠶᠢᠨ ᠪᠣᠳᠠᠰ ᠤᠨ ᠰᠠᠭᠤᠷᠢ ᠮᠥᠨ᠂ ᠠᠵᠤ ᠠᠬᠤᠶ ᠨᠡᠶᠢᠭᠡᠮ ᠤᠨ ᠦᠷᠭᠦᠯᠵᠢᠯᠡᠬᠦᠶᠢᠴᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠡᠬᠢ ᠪᠠᠶᠠᠯᠢᠭ ᠮᠥᠨ᠂ ᠠᠮᠢ ᠠᠬᠤᠶ ᠶᠢᠨ ᠠᠮᠤᠷ ᠲᠦᠪᠰᠢᠨ ᠪᠠ ᠠᠮᠤ ᠪᠤᠳᠠᠭᠠᠨ ᠤ ᠠᠮᠤᠷ ᠲᠦᠪᠰᠢᠨ ᠤ ᠴᠢᠬᠤᠯᠠ ᠪᠠᠲᠤᠯᠠᠭ᠎ᠠ ᠮᠥᠨ᠃    ᠨᠢᠭᠡᠳᠦᠭᠡᠷ ᠪᠦᠯᠦᠭ  ᠦᠨᠳᠦᠰᠦᠨ ᠲᠦᠢᠮᠣ ᠪᠠᠶᠢᠳᠠᠯ    1. ᠭᠠᠵᠠᠷ ᠵᠦᠢ ᠶᠢᠨ ᠪᠠᠶᠢᠷᠢᠯᠠᠯ    ᠥᠪᠥᠷ ᠮᠣᠩᠭᠤᠯ ᠤᠨ ᠹᠧᠩᠵᠧᠨ ᠬᠤᠲᠠ ᠶᠢᠨ ᠬᠤᠩᠱᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠹᠧᠩᠵᠧᠨ ᠬᠤᠲᠠ ᠶᠢᠨ ᠵᠡᠭᠦᠨ ᠬᠡᠰᠡᠭ ᠤᠨ ᠠᠭᠤᠯᠠᠷᠬᠠᠭ ᠣᠷᠣᠨ ᠤ ᠶᠦᠩ ᠳ᠋ᠢᠩ ᠾᠧ ᠭᠤᠤᠯ ᠤᠨ ᠰᠠᠪᠠ ᠭᠠᠵᠠᠷ ᠤᠨ ᠶᠠᠩ ᠾᠧ ᠭᠤᠤᠯ ᠤᠨ ᠡᠬᠢ ᠡᠭᠦᠰᠦᠯ ᠤᠨ ᠭᠠᠵᠠᠷ ᠲᠤ ᠪᠠᠶᠢᠷᠢᠯᠠᠵᠤ᠂ ᠮᠤᠨᠢ ᠠᠭᠤᠯᠠ ᠨᠢᠷᠤᠭᠤ ᠶᠢᠨ ᠦᠷᠭᠦᠯᠵᠢᠯᠡᠭᠰᠡᠨ ᠬᠡᠰᠡᠭ ᠪᠠᠶᠢᠵᠤ᠂ ᠤᠯᠠᠭᠠᠨᠴᠠᠪ ᠬᠤᠲᠠ ᠶᠢᠨ ᠬᠤᠨ ᠶᠤᠸᠠᠨ ᠶᠣᠣ ᠰᠢᠶᠠᠩ ᠪᠠ ᠭᠤᠸᠠᠨ ᠳᠦᠨ ᠪᠦ᠋ ᠰᠢᠶᠠᠩ ᠢ ᠬᠥᠨᠳᠡᠯᠢᠰᠴᠦ ᠪᠠᠶᠢᠳᠠᠭ᠃ ᠬᠠᠮᠠᠭᠠᠯᠠᠯᠲᠠ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢᠨ ᠲᠠᠯᠠᠪᠠᠶ ᠨᠢ 26000hm2 ᠪᠠᠶᠢᠵᠤ᠂ ᠡᠭᠦᠨ ᠳᠤ ᠭᠤᠤᠯ ᠣᠷᠣᠨ ᠤ ᠲᠠᠯᠠᠪᠠᠶ ᠨᠢ 17333hm2᠂ ᠵᠠᠪᠰᠠᠷ ᠤᠨ ᠣᠷᠣᠨ ᠤ ᠲᠠᠯᠠᠪᠠᠶ ᠨᠢ 8667hm2᠂ ᠭᠠᠵᠠᠷ ᠵᠦᠶ ᠶᠢᠨ ᠪᠠᠶᠢᠷᠢᠰᠢᠯ ᠤᠨ ᠵᠡᠭᠦᠨ ᠳ᠋ᠢᠶᠠᠮᠧᠲᠷ ᠨᠢ 113  ᠭᠷᠠᠳᠦ᠋ᠰ 32 ᠮᠢᠨᠦ᠋ᠲ ᠠᠴᠠ 113 ᠭᠷᠠᠳᠦ᠋ᠰ 47 ᠮᠢᠨᠦ᠋ᠲ ᠤᠨ ᠬᠤᠭᠤᠷᠣᠨᠳᠣ᠂ ᠤᠮᠠᠷᠠᠲᠤ ᠥᠷᠭᠡᠷᠢᠭ ᠤᠨ 40 ᠭᠷᠠᠳᠦ᠋ᠰ 22 ᠮᠢᠨᠦ᠋ᠲ ᠠᠴᠠ 40 ᠭᠷᠠᠳᠦ᠋ᠰ 34 ᠮᠢᠨᠦ᠋ᠲ ᠤᠨ ᠬᠤᠭᠤᠷᠣᠨᠳᠣ᠂ ᠡᠮᠦᠨ᠎ᠡ ᠲᠠᠯ᠎ᠠ ᠨᠢ ᠱᠠᠨ ᠰᠢ ᠮᠤᠵᠢ ᠶᠢᠨ ᠶᠠᠩᠭᠤᠤ ᠰᠢᠶᠠᠨ ᠲᠠᠢ ᠵᠠᠬ᠎ᠠ ᠨᠡᠶᠢᠯᠡᠵᠦ᠂ ᠵᠡᠭᠦᠨ ᠬᠤᠶᠢᠲᠤ ᠲᠠᠯ᠎ᠠ ᠨᠢ ᠰᠢᠩ ᠾᠧ ᠰᠢᠶᠠᠨ ᠲᠠᠢ  ᠬᠦᠷᠰᠢᠯᠡᠨ᠂ ᠪᠠᠷᠠᠭᠤᠨ ᠲᠠᠯ᠎ᠠ ᠨᠢ ᠬᠤᠨ ᠶᠤᠸᠠᠨ ᠶᠣᠣ ᠰᠢᠶᠠᠩ ᠲᠠᠢ ᠵᠠᠬ᠎ᠠ ᠨᠡᠶᠢᠯᠡᠵᠦ᠂ ᠪᠠᠷᠠᠭᠤᠨ ᠡᠮᠦᠨ᠎ᠡ ᠲᠠᠯ᠎ᠠ ᠨᠢ ᠭᠤᠸᠠᠨ ᠳᠦᠨ  ᠪᠦ᠋ ᠰᠢᠶᠠᠩ ᠲᠠᠢ ᠬᠥᠷᠰᠢᠯᠡᠵᠦ ᠪᠠᠶᠢᠨ᠎ᠠ᠃    2. ᠭᠠᠵᠠᠷ ᠰᠢᠨᠵᠢᠯᠡᠭᠡᠨ ᠤ ᠭᠠᠵᠠᠷ ᠤᠨ ᠲᠥᠷᠬᠦ    ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠥᠪᠥᠷ ᠮᠣᠩᠭᠤᠯ ᠤᠨ ᠥᠨᠳᠦᠷᠯᠢᠭ ᠤᠨ ᠡᠮᠦᠨ᠎ᠡ ᠵᠠᠬ᠎ᠠ ᠳᠤ ᠪᠠᠶᠢᠷᠢᠰᠢᠵᠤ᠂ ᠭᠠᠵᠠᠷ ᠤᠨ ᠪᠠᠶᠢᠴᠠ ᠨᠢ ᠥᠨᠳᠥᠷ ᠠᠰᠬ᠎ᠠ᠂ ᠠᠭᠤᠯᠠ ᠨᠢᠷᠤᠭᠤᠳ ᠰᠦᠨᠳᠡᠷᠯᠡᠵᠦ᠂ ᠲᠡᠭᠦᠨ ᠤ ᠬᠢᠯᠢ ᠶᠢᠨ ᠳᠣᠲᠣᠷᠠᠬᠢ ᠭᠠᠵᠠᠷ ᠤᠨ ᠪᠠᠶᠢᠴᠠ ᠶᠢᠨ ᠣᠨᠴᠠᠯᠢᠭ ᠨᠢ ᠤᠮᠠᠷ᠎ᠠ ᠪᠠᠨ ᠥᠨᠳᠥᠷ ᠡᠮᠦᠨ᠎ᠡ ᠪᠠᠨ ᠳᠣᠤᠷ᠎ᠠ᠂ ᠠᠭᠤᠯᠠ ᠨᠢᠷᠤᠭᠤ ᠨᠢ ᠬᠥᠨᠳᠡᠯᠡᠨ ᠭᠤᠯᠳᠤ᠂ ᠡᠷᠭᠦᠭᠳᠡᠴᠡ ᠨᠢ 1500 — 2300m ᠤᠨ ᠬᠤᠭᠤᠷᠣᠨᠳᠣ᠂ ᠬᠠᠮᠤᠭ ᠤᠨ ᠥᠨᠳᠥᠷ ᠣᠷᠭᠢᠯ ᠪᠤᠯᠬᠤ ᠰᠢᠷ᠎ᠠ ᠴᠢᠯᠠᠭᠤᠨ ᠬᠠᠳᠠ ᠶᠢᠨ ᠣᠷᠭᠢᠯ ᠨᠢ 2335m ᠬᠦᠷᠴᠦ᠂ ᠭᠤᠤ ᠬᠥᠨᠳᠡᠶ ᠨᠢ ᠢᠪᠴᠤᠤ᠂ ᠨᠠᠯᠠᠤ ᠶᠢᠨ ᠨᠢᠭᠤᠷ ᠨᠢ ᠪᠣᠭᠤᠨᠢ᠂ ᠬᠠᠷᠢᠴᠠᠩᠭᠤᠶ ᠥᠨᠳᠥᠷ ᠤᠨ ᠵᠥᠷᠢᠶ᠎ᠡ ᠨᠢ 100-200m ᠪᠠᠶᠢᠵᠤ᠂ ᠶᠡᠷᠦ ᠳᠡᠭᠡᠨ ᠨᠠᠯᠠᠤᠴᠠ ᠨᠢ 20 ᠭᠷᠠᠳᠦ᠋ᠰ ᠠᠴᠠ30 ᠭᠷᠠᠳᠦ᠋ᠰ ᠪᠠᠶᠢᠳᠠᠭ᠃    3. ᠠᠭᠤᠷ ᠠᠮᠢᠰᠬᠤᠯ    ᠬᠠᠮᠠᠭᠠᠯᠠᠯᠲᠠ ᠶᠢᠨ ᠣᠷᠣᠨ ᠨᠢ ᠵᠠᠷᠢᠮᠳᠤᠭ ᠭᠠᠩ ᠬᠠᠭᠤᠷᠠᠶ ᠵᠠᠷᠢᠮᠳᠤᠭ ᠴᠢᠭᠢᠭᠯᠢᠭ ᠣᠷᠣᠨ ᠳᠤ ᠬᠠᠷᠢᠶᠠᠯᠠᠭᠳᠠᠵᠤ ᠂ ᠳᠤᠯᠠᠭᠠᠨ ᠤ ᠵᠥᠷᠢᠶ᠎ᠡ ᠶᠡᠭᠡ᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 20 ᠭᠷᠡᠳᠦ᠋ᠰ ᠠᠴᠠ ᠳᠣᠤᠷ᠎ᠠ᠂ ᠨᠢᠭᠡᠳᠦᠭᠡᠷ ᠰᠠᠷ᠎ᠠ ᠶᠢᠨ ᠳᠤᠮᠳᠠᠴᠢ ᠠᠭᠠᠷ ᠤᠨ ᠳᠤᠯᠠᠭᠠᠨ ᠨᠢ -17 ᠭᠷᠡᠳᠦ᠋ᠰ᠂ ᠵᠢᠯ ᠤᠨ ᠬᠠᠮᠤᠭ ᠤᠨ ᠳᠣᠤᠷ᠎ᠠ ᠳᠤᠯᠠᠭᠠᠨ ᠨᠢ -39 ᠭᠷᠡᠳᠦ᠋ᠰ᠂ ᠳᠣᠯᠣᠳᠤᠭᠠᠷ ᠰᠠᠷ᠎ᠠ ᠶᠢᠨ ᠳᠤᠮᠳᠠᠴᠢ ᠠᠭᠠᠷ ᠤᠨ ᠳᠤᠯᠠᠭᠠᠨ ᠨᠢ 20 ᠭᠷᠡᠳᠦ᠋ᠰ᠂ ᠲᠤᠨᠳᠠᠰᠤᠨ ᠤ ᠬᠡᠮᠵᠢᠶ᠎ᠡ ᠨᠢ 400-500 mm ᠪᠠᠶᠢᠵᠤ᠂ ᠣᠯᠠᠩᠬᠢ ᠳᠠᠭᠠᠨ 7-8 ᠰᠠᠷ᠎ᠠ ᠶᠢᠨ ᠬᠤᠭᠤᠷᠣᠨᠳᠣ ᠲᠥᠪᠯᠡᠷᠡᠵᠦ᠂ ᠬᠢᠷᠠᠭᠤ ᠥᠬᠡᠶ ᠬᠤᠭᠤᠴᠠᠭ᠎ᠠ ᠨᠢ 110 ᠡᠳᠦᠷ ᠣᠷᠴᠢᠮ ᠪᠠᠶᠢᠳᠠᠭ᠃    4. ᠤᠰᠤᠨ ᠵᠦᠢ    ᠣᠷᠣᠨ ᠪᠦᠰᠡ ᠶᠢᠨ ᠤᠰᠤᠨ ᠤ ᠭᠠᠵᠠᠷ ᠰᠢᠨᠵᠢᠯᠡᠭᠡᠨ ᠤ ᠨᠥᠬᠦᠴᠡᠯ ᠣᠯᠠᠨ ᠶᠠᠩᠵᠤ ᠶᠢᠨ ᠪᠠᠶᠢᠵᠤ᠂ ᠭᠠᠵᠠᠷ ᠳᠣᠣᠷᠠᠬᠢ ᠤᠰᠤᠨ ᠤ ᠲᠠᠷᠬᠠᠯᠲᠠ ᠲᠡᠭᠰᠢ ᠪᠤᠰᠤ᠂ ᠤᠰᠤᠨ ᠤ ᠭᠠᠵᠠᠷ ᠰᠢᠨᠵᠢᠯᠡᠭᠡᠨ ᠤ ᠲᠥᠷᠥᠯ ᠵᠦᠢᠯ ᠪᠣᠯ ᠥᠨᠳᠥᠷ ᠲᠠᠯ᠎ᠠ ᠭᠠᠵᠠᠷ ᠤᠨ ᠵᠠᠪᠰᠠᠷ ᠲᠠᠢ ᠳᠠᠯᠳᠠ ᠤᠰᠤ᠂ ᠳᠠᠷᠤᠯᠲᠠᠲᠤ ᠤᠰᠤᠨ ᠤ ᠣᠷᠣᠨ ᠪᠠ ᠬᠦᠷᠮᠡᠨ ᠴᠢᠯᠠᠭᠤᠯᠢᠭ ᠤᠨ ᠳᠡᠨᠵᠢ ᠭᠠᠵᠠᠷ ᠤᠨ ᠠᠩ ᠵᠠᠪᠰᠠᠷ ᠤᠨ ᠤᠰᠤᠨ ᠤ ᠣᠷᠣᠨ ᠪᠠᠶᠢᠵᠤ᠂ ᠭᠠᠵᠠᠷ ᠳᠣᠣᠷᠠᠬᠢ ᠤᠰᠤ ᠨᠢ 70 m ᠭᠦᠨ ᠪᠤᠯᠠᠭᠳᠠᠨ᠎ᠠ᠃ ᠭᠤᠣᠯ ᠪᠣᠯᠬᠤ ᠭᠤᠣᠯ ᠮᠥᠷᠡᠨ ᠨᠢ ᠶᠠᠩ ᠾᠧ ᠭᠤᠣᠯ ᠪᠠᠶᠢᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠨᠡᠪᠲᠡᠯᠦᠨ ᠱᠠᠨ ᠰᠢ ᠳᠤ ᠤᠷᠤᠰᠤᠨ ᠣᠷᠣᠵᠤ᠂ ᠤᠰᠤᠨ ᠤ ᠬᠡᠮᠵᠢᠶ᠎ᠡ ᠨᠢ ᠶᠡᠭᠡ ᠪᠢᠰᠢ᠃ ᠶᠠᠩ ᠾᠧ ᠭᠤᠣᠯ ᠤᠨ ᠰᠠᠯᠪᠤᠷᠢ ᠤᠷᠤᠰᠬᠠᠯ ᠨᠢ ᠵᠦ ᠬᠤᠩ ᠶᠣᠣ ᠠᠴᠠ ᠡᠬᠢ ᠠᠪᠴᠤ᠂ ᠨᠢᠭᠡ ᠤᠷᠤᠰᠬᠠᠯ ᠨᠢ ᠳ᠋ᠡ ᠯᠠᠨ ᠶᠣᠣ ᠠᠴᠠ ᠡᠬᠢ ᠠᠪᠴᠤ᠂ ᠨᠦᠭᠦᠭᠡ ᠤᠷᠤᠰᠬᠠᠯ ᠨᠢ ᠰᠠᠨ ᠲᠤ ᠶᠢᠩ ᠠᠴᠠ ᠡᠬᠢ ᠠᠪᠴᠤ᠂ ᠭᠤᠷᠪᠠᠨ ᠰᠠᠯᠪᠤᠷᠢ ᠤᠷᠤᠰᠬᠠᠯ ᠨᠢ ᠡᠯ ᠳ᠋ᠤᠤ ᠪᠢᠶᠠᠨ ᠳᠤ ᠨᠡᠶᠢᠯᠡᠵᠦ᠂ ᠱᠸᠦ ᠺᠸᠦ ᠪᠦ᠋ ᠤᠷᠴᠢᠮ ᠬᠢᠯᠢ ᠠᠴᠠ ᠭᠠᠷᠴᠤ ᠱᠠᠨ ᠰᠢ ᠮᠤᠵᠢ ᠶᠢᠨ ᠶᠠᠩ ᠭᠤᠣ ᠰᠢᠶᠠᠨ ᠳᠤ ᠤᠷᠤᠰᠤᠨ ᠣᠷᠣᠵᠤ᠂ ᠳ᠋ᠦᠩ ᠶᠠᠩ ᠾᠧ ᠭᠤᠣᠯ ᠳᠤ ᠴᠢᠳᠬᠤᠳᠠᠭ ᠪᠥᠭᠡᠳ ᠪᠦᠬᠦ ᠣᠷᠳᠣ ᠨᠢ 32km ᠪᠠᠶᠢᠳᠠᠭ᠃    5. ᠬᠥᠷᠥᠰᠥ ᠰᠢᠷᠤᠢ    ᠬᠠᠮᠠᠭᠠᠯᠠᠯᠲᠠ ᠶᠢᠨ ᠣᠷᠣᠨ ᠤ ᠬᠥᠷᠥᠰᠥ ᠰᠢᠷᠣᠶ ᠶᠢᠨ ᠣᠯᠠᠩᠬᠢ ᠨᠢ ᠠᠭᠤᠯᠠᠷᠬᠠᠭ ᠭᠠᠵᠠᠷ ᠤᠨ ᠪᠦᠳᠦᠭᠦᠨ ᠶᠠᠰᠤᠨ ᠰᠢᠷᠣᠶ᠂ ᠬᠦᠷᠡᠩ ᠺᠠᠯᠽᠳᠤ ᠰᠢᠷᠣᠶ ᠪᠠ ᠠᠭᠤᠯᠠᠷᠬᠠᠭ ᠭᠠᠵᠠᠷ ᠤᠨ ᠬᠦᠷᠡᠩ ᠰᠢᠷᠣᠶ ᠪᠠᠶᠢᠵᠤ᠂ ᠡᠩ ᠤᠨ ᠰᠡᠭᠦᠳᠡᠷ ᠤᠨ ᠪᠠᠯ᠂ ᠬᠠᠭᠠᠰ ᠰᠡᠭᠦᠳᠡᠷ ᠤᠨ ᠪᠠᠯ᠂ ᠬᠥᠷᠥᠰᠥᠨ ᠤ ᠳᠠᠪᠬᠤᠷᠭ᠎ᠠ ᠨᠢ 30-50 cm ᠠᠴᠠ ᠳᠡᠭᠡᠭᠰᠢ ᠵᠤᠵᠠᠭᠠᠨ᠂ ᠬᠥᠷᠥᠰᠥᠨ ᠤ ᠴᠢᠭᠢᠭᠲᠦᠴᠡ ᠶᠡᠭᠡ᠂ ᠣᠷᠭᠠᠨᠢᠭ ᠪᠣᠳᠠᠰ ᠤᠨ ᠠᠭᠤᠯᠤᠭᠳᠠᠴᠠ ᠥᠨᠳᠥᠷ᠂ ᠬᠥᠷᠥᠰᠥᠨ ᠤ ᠠᠭᠤᠰᠤᠮᠠᠯ ᠨᠢ ᠰᠠᠭᠠᠷᠮᠠᠭ ᠪᠠ ᠪᠢᠴᠢᠯ ᠱᠦᠯᠲᠦᠯᠢᠭ ᠴᠢᠨᠠᠷᠲᠠᠶ ᠪᠠᠶᠢᠵᠤ᠂ PH ᠬᠡᠮᠵᠢᠭᠳᠡᠯ ᠨᠢ 7 ᠣᠷᠴᠢᠮ ᠪᠠᠶᠢᠳᠠᠭ᠃ ᠥᠪᠥᠷ ᠬᠥᠲᠥᠯ ᠤᠨ ᠬᠥᠷᠥᠰᠥᠨ ᠤ ᠳᠠᠪᠬᠤᠷᠭ᠎ᠠ ᠨᠢ ᠨᠢᠮᠭᠡᠨ᠂ ᠭᠠᠩ ᠬᠠᠭᠤᠷᠠᠶ᠂ ᠲᠠᠴᠢᠷ ᠨᠢᠮᠭᠡᠨ᠂ ᠬᠥᠷᠥᠰᠥ ᠰᠢᠷᠣᠶ ᠶᠢᠨ ᠢᠳᠡᠭᠳᠡᠯ ᠬᠦᠨᠳᠦ ᠨᠣᠴᠢᠲᠠᠶ ᠪᠠᠶᠢᠳᠠᠭ᠃    6. ᠨᠡᠶᠢᠭᠡᠮ ᠤᠨ ᠠᠵᠤ ᠠᠬᠤᠶ ᠶᠢᠨ ᠪᠠᠶᠢᠳᠠᠯ    ᠬᠠᠮᠠᠭᠠᠯᠠᠯᠲᠠ ᠶᠢᠨ ᠣᠷᠣᠨ ᠤ ᠬᠢᠯᠢ ᠳᠣᠲᠣᠷ᠎ᠠ 38 ᠠᠶᠢᠯ ᠲᠣᠰᠬᠤᠨ᠂ 1210 ᠡᠷᠦᠬᠡ ᠲᠠᠢ᠂ 3500 ᠬᠥᠮᠦᠨ ᠠᠮᠠ ᠲᠠᠢ᠂ ᠹᠧᠩᠵᠧᠨ ᠬᠤᠲᠠ ᠶᠢᠨ ᠵᠡᠭᠦᠨ ᠬᠡᠰᠡᠭ ᠤᠨ ᠪᠤᠶᠢᠳᠠ ᠪᠥᠭᠯᠡᠭᠦᠤ ᠠᠭᠤᠯᠠᠷᠬᠠᠭ ᠣᠷᠣᠨ ᠳᠤ ᠪᠠᠶᠢᠷᠢᠯᠠᠵᠤ᠂ ᠰᠣᠶᠣᠯ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠬᠠᠷᠢᠴᠠᠩᠭᠤᠶ ᠳᠣᠤᠷ᠎ᠠ ᠪᠠᠶᠢᠵᠤ᠂ ᠣᠯᠠᠩᠬᠢ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠶᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠣᠷᠣᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠪᠠᠶᠢᠳᠠᠭ᠃ ᠵᠠᠮ ᠬᠠᠷᠢᠯᠴᠠᠭ᠎ᠠ᠂ ᠰᠢᠦᠳᠠᠨ ᠬᠤᠯᠪᠣᠭ᠎ᠠ ᠬᠠᠷᠢᠴᠠᠩᠭᠤᠶ ᠪᠠᠷ ᠳᠥᠭᠦᠮ ᠳᠥᠲᠡ ᠪᠠᠶᠢᠵᠤ᠂ ᠬᠢᠯᠢ ᠶᠢᠨ ᠳᠣᠲᠣᠷ᠎ᠠ ᠡᠵᠡᠩᠨᠡᠯᠲᠡ ᠶᠢᠨ ᠬᠡᠪᠴᠢᠶ᠎ᠡ ᠪᠠᠷ ᠶᠡᠭᠡ ᠪᠠᠭ᠎ᠠ ᠨᠢ ᠠᠳᠠᠯᠢ ᠪᠤᠰᠤ ᠡᠯ᠎ᠡ ᠵᠦᠢᠯ ᠤᠨ ᠬᠤᠳᠠᠯᠳᠤᠭᠠᠨ ᠤ ᠲᠣᠣᠷ ᠴᠡᠭ ᠲᠠᠢ ᠪᠠᠶᠢᠵᠤ᠂ ᠡᠷᠬᠢᠨ ᠲᠣᠭᠤᠷᠢᠨ ᠤ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢᠨ ᠳᠤᠬᠢᠷᠠᠭᠤᠯᠤᠯᠳᠠ ᠨᠢ ᠵᠦᠢ ᠵᠣᠬᠢᠰᠲᠠᠶ᠂ ᠮᠠᠯ ᠠᠵᠤ ᠠᠬᠤᠶ ᠬᠠᠷᠢᠴᠠᠯᠠᠰᠢ ᠦᠭᠡᠢ ᠳᠠᠪᠠᠭᠤᠯᠢᠭ ᠢ ᠡᠵᠡᠯᠡᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠤᠷᠮ᠎ᠠ ᠬᠠᠷᠢᠴᠠᠩᠭᠤᠶ ᠪᠠᠷ ᠨᠡᠯᠢᠶᠡᠳ ᠥᠨᠳᠥᠷ ᠪᠠᠶᠢᠵᠤ᠂ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠬᠦᠴᠦᠨ ᠨᠢ ᠹᠧᠩᠵᠧᠨ ᠬᠤᠳᠠ ᠳᠤ ᠳᠤᠮᠳᠠ ᠳᠡᠭᠡᠳᠦ ᠵᠡᠷᠭᠡ ᠶᠢᠨ ᠬᠢᠷᠢ ᠲᠦᠪᠰᠢᠨ ᠳᠤ ᠣᠷᠣᠰᠢᠵᠤ ᠪᠠᠶᠢᠨ᠎ᠠ᠃    7. ᠬᠠᠮᠠᠭᠠᠯᠠᠯᠲᠠ ᠶᠢᠨ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠤᠨ ᠲᠤᠶᠢᠮᠤ ᠪᠠᠶᠢᠳᠠᠯ    ᠬᠠᠮᠠᠭᠠᠯᠠᠯᠲᠠ ᠶᠢᠨ ᠣᠷᠣᠨ ᠤ ᠪᠠᠶᠢᠷᠢᠯᠠᠯ ᠳᠠᠪᠠᠭᠤᠯᠢᠭ᠂ ᠪᠠᠶᠢᠭᠠᠯᠢ ᠶᠢᠨ ᠡᠭᠦᠰᠦᠮᠡᠯ ᠣᠶ ᠢᠭᠴᠢ ᠰᠠᠬᠤᠯᠢᠭ᠂ ᠤᠷᠭᠤᠮᠠᠯ ᠤᠨ ᠬᠤᠴᠢᠯᠭ᠎ᠠ ᠶᠢᠨ ᠲᠥᠷᠥᠯ ᠵᠦᠢᠯ ᠡᠯᠪᠡᠭ ᠪᠠᠶᠠᠯᠢᠭ ᠣᠯᠠᠨ ᠶᠠᠩᠵᠤ ᠶᠢᠨ ᠪᠠᠶᠢᠵᠤ᠂ ᠬᠠᠴᠢᠨ ᠣᠷᠭᠢᠯ ᠠᠰᠬ᠎ᠠ ᠬᠠᠳᠠ ᠲᠠᠢ᠂ ᠪᠠᠶᠢᠭᠠᠯᠢ ᠶᠢᠨ ᠥᠩᠭᠡ ᠦᠵᠡᠮᠵᠢ ᠭᠤᠶᠣ ᠰᠠᠶᠢᠬᠠᠨ᠂ ᠠᠮᠢ ᠠᠬᠤᠶ ᠶᠢᠨ ᠣᠷᠴᠢᠨ ᠲᠣᠭᠤᠷᠢᠨ ᠰᠠᠶᠢᠨ᠂ ᠦᠨᠳᠦᠰᠦᠲᠡᠨ ᠤ ᠰᠣᠶᠣᠯ ᠥᠨᠢᠷ ᠥᠳᠬᠡᠨ ᠪᠠᠶᠢᠳᠠᠭ᠃ ᠬᠠᠮᠠᠭᠠᠯᠠᠯᠲᠠ ᠶᠢᠨ ᠣᠷᠣᠨ ᠨᠢ ᠶᠡᠭᠡ ᠪᠠᠭ᠎ᠠ ᠰᠢᠷ᠎ᠠ ᠬᠠᠳᠠᠨ ᠤ ᠦᠵᠡᠮᠵᠢ ᠶᠢᠨ ᠴᠡᠭ ᠢᠶᠠᠷ ᠢᠶᠠᠨ ᠣᠷᠳᠣ ᠴᠠᠭᠠᠨ ᠬᠡᠷᠡᠮ ᠤᠨ ᠳᠣᠲᠣᠨ᠎ᠠ ᠭᠠᠳᠠᠨ᠎ᠠ ᠠᠯᠳᠠᠷᠰᠢᠵᠤ᠂ ᠰᠢᠷ᠎ᠠ ᠴᠢᠯᠠᠭᠤᠨ ᠬᠠᠳᠠᠨ ᠤ ᠭᠤᠤᠯ ᠣᠷᠭᠢᠯ ᠤᠨ ᠡᠷᠭᠦᠭᠳᠡᠴᠡ ᠨᠢ 2335m ᠪᠠᠶᠢᠵᠤ᠂ ᠤᠯᠠᠭᠠᠨᠴᠠᠪ ᠬᠤᠲᠠ ᠶᠢᠨ ᠬᠠᠮᠤᠭ ᠤᠨ ᠥᠨᠳᠥᠷ ᠣᠷᠭᠢᠯ ᠪᠣᠯᠤᠨ᠎ᠠ᠂ ᠲᠡᠭᠦᠨ ᠤ ᠠᠭᠤᠯᠠ ᠶᠢᠨ ᠪᠠᠶᠢᠴᠠ ᠨᠢ ᠪᠠᠷᠲᠠᠭ᠎ᠠ ᠶᠡᠬᠡᠲᠡᠶ᠂ ᠣᠶ ᠰᠢᠭᠤᠶ ᠨᠢ ᠢᠭᠴᠢ ᠰᠠᠬᠤᠯᠢᠭ᠂ ᠡᠪᠡᠰᠦ ᠴᠡᠴᠡᠭ ᠨᠢ ᠦᠵᠡᠰᠬᠦᠯᠡᠩ ᠰᠠᠶᠢᠬᠠᠨ᠂ ᠪᠤᠯᠠᠭ ᠤᠨ ᠤᠰᠤ ᠨᠢ ᠴᠡᠯᠮᠡᠭ ᠲᠤᠩᠭᠠᠯᠠᠭ᠂ ᠠᠭᠤᠷ ᠠᠮᠢᠰᠬᠤᠯ ᠨᠢ ᠲᠠᠭᠠᠯᠠᠮᠵᠢᠲᠠᠶ᠂ ︽ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠭᠡᠰᠡᠨ ᠨᠡᠷᠡᠶᠢᠳᠦᠯ ᠲᠠᠢ᠂ ᠬᠥᠮᠦᠰ ᠤᠨ ᠠᠮᠤᠷ ᠵᠢᠮᠦᠷ ᠰᠡᠯᠡᠭᠦᠴᠡᠬᠦ ᠶᠢᠨ ᠬᠠᠮᠤᠭ ᠤᠨ ᠰᠠᠶᠢᠬᠠᠨ ᠭᠠᠵᠠᠷ ᠪᠠᠶᠢᠵᠤ᠂ ᠤᠷᠤᠨ ᠤ ᠲᠤᠳᠤᠨ᠎ᠠ ᠭᠠᠳᠠᠨ᠎ᠠ ᠨᠠᠷ᠎ᠡ ᠠᠯᠳᠠᠷᠰᠢᠨ᠂ ᠲᠤᠭ᠎ᠠ ᠲᠣᠮᠰᠢ ᠥᠬᠡᠶ ᠵᠢᠭᠤᠯᠴᠢᠯᠠᠯ ᠤᠨ ᠬᠥᠮᠦᠰ ᠰᠢᠷ᠎ᠠ ᠴᠢᠯᠠᠭᠤᠨ ᠬᠠᠳᠠᠨ ᠤ ᠭᠤᠶᠣ ᠰᠠᠶᠢᠬᠠᠨ ᠦᠵᠡᠮᠵᠢ ᠶᠢ ᠰᠤᠨᠢᠷᠬᠠᠬᠤ ᠪᠠᠷ ᠬᠦᠷᠦᠯᠴᠡᠨ ᠢᠷᠡᠳᠡᠭ᠃ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢ ᠤᠷᠲᠤ ᠬᠤᠭᠤᠴᠠᠭ᠎ᠠ ᠪᠠᠷ ᠬᠠᠮᠠᠭᠠᠯᠠᠬᠤ ᠳᠤᠮᠳᠠ ᠦᠢᠯᠡᠳᠪᠦᠷᠢᠯᠡᠬᠦ ᠶᠢ ᠪᠠᠷᠢᠮᠲᠠᠯᠠᠵᠤ᠂ ᠦᠢᠯᠡᠳᠪᠦᠷᠢᠯᠡᠯ ᠤᠨ ᠳᠤᠮᠳᠠ ᠬᠠᠮᠠᠭᠠᠯᠠᠬᠤ᠂ ᠢᠯᠠᠩᠭᠤᠶ᠎ᠠ ᠤᠢᠢᠷ᠎ᠠ ᠶᠢᠨ ᠵᠢᠯ ᠤᠳ ᠲᠤ ᠤᠯᠤᠰ ᠠᠴᠠ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ ᠡᠬᠢᠯᠡᠭᠦᠯᠵᠦ᠂ ᠬᠠᠮᠠᠭᠠᠯᠠᠯᠲᠠ ᠶᠢᠨ ᠣᠷᠣᠨ ᠢ ᠬᠥᠮᠦᠨ ᠤ ᠬᠦᠴᠦ ᠪᠠᠷ ᠣᠶᠢᠵᠢᠭᠤᠯᠬᠤ ᠪᠠ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ ᠵᠦᠢᠯᠡᠰ ᠢ ᠬᠡᠷᠡᠭᠵᠢᠭᠦᠯᠬᠦ ᠪᠠᠷ ᠳᠠᠮᠵᠢᠭᠤᠯᠤᠨ᠂ ᠤᠢ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠰᠡᠷᠭᠦᠯᠲᠡ ᠠᠯᠬᠤᠮ ᠠᠯᠬᠤᠮ ᠢᠶᠠᠷ ᠲᠦᠷᠭᠡᠳᠴᠦ᠂ ᠠᠮᠢ ᠠᠬᠤᠶ ᠶᠢᠨ ᠣᠷᠴᠢᠨ ᠨᠥᠬᠦᠴᠡᠯ ᠠᠯᠬᠤᠮ ᠠᠯᠬᠤᠮ ᠢᠶᠠᠷ ᠰᠠᠶᠢᠨ ᠣᠷᠴᠢᠯ ᠤᠨ ᠬᠥᠭᠵᠢᠯᠲᠡ ᠶᠢᠨ ᠵᠠᠮ ᠳᠤ ᠣᠷᠣᠵᠤ᠂ ᠬᠠᠮᠠᠭᠠᠯᠠᠯᠲᠠ ᠶᠢᠨ ᠣᠷᠣᠨ ᠢ ᠪᠠᠶᠢᠭᠤᠯᠬᠤ ᠪᠠ ᠠᠮᠢ ᠠᠬᠤᠶ ᠶᠢᠨ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠳᠤ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃    8. ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯ ᠬᠠᠮᠠᠭᠠᠯᠠᠬᠤ ᠡᠳᠡᠭᠡᠳ    ᠥᠪᠥᠷ ᠮᠣᠩᠭᠤᠯ ᠤᠨ ᠹᠧᠩᠵᠧᠨ ᠬᠤᠲᠠ ᠶᠢᠨ ᠬᠤᠩᠱᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠠᠶᠢᠮᠠᠭ ᠬᠤᠲᠠ ᠶᠢᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠡᠯᠪᠡᠭ ᠪᠠᠶᠠᠯᠢᠭ ᠪᠠᠶᠢᠵᠤ᠂ ᠬᠡᠭᠡᠷ᠎ᠡ ᠶᠢᠨ ᠠᠮᠢᠲᠠᠨ᠂ ᠤᠷᠭᠤᠮᠠᠯ ᠵᠢᠴᠢ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠤᠯᠤᠨ᠎ᠠ᠃    ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠥᠪᠥᠷ ᠮᠣᠩᠭᠤᠯ ᠤᠨ ᠹᠧᠩᠵᠧᠨ ᠬᠤᠲᠠ ᠶᠢᠨ ᠬᠤᠩᠱᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠠᠶᠢᠮᠠᠭ ᠬᠤᠲᠠ ᠶᠢᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠡᠯ᠎ᠡ ᠵᠦᠢᠯ ᠤᠨ ᠲᠤᠷᠤᠭ ᠪᠤᠲᠠ ᠡᠪᠡᠰᠦᠲᠦ ᠤᠷᠭᠤᠮᠠᠯ 300 ᠭᠠᠷᠤᠶ ᠵᠦᠢᠯ ᠪᠠᠶᠢᠵᠤ᠂ ᠣᠶ ᠰᠢᠭᠤᠶ ᠶᠢᠨ ᠪᠤᠲᠠ ᠰᠥᠭᠡᠭ ᠤᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠪᠠ ᠨᠡᠶᠢᠲᠡᠯᠢᠭ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠪᠠᠷ ᠭᠤᠤᠯ ᠪᠣᠯᠭᠠᠭᠰᠠᠨ ᠪᠠᠶᠢᠨ᠎ᠠ᠃ ᠭᠤᠣᠯ ᠪᠣᠯᠬᠤ ᠲᠤᠷᠤᠭ ᠮᠣᠳᠣᠨ ᠤ ᠲᠥᠷᠥᠯ ᠳᠤ ᠴᠠᠭᠠᠨ ᠬᠤᠰᠤ᠂ ᠤᠯᠢᠶᠠᠰᠤ᠂ ᠤᠮᠠᠷᠠᠲᠤ ᠶᠢᠨ ᠬᠠᠷᠭᠠᠶ᠂ ᠲᠣᠰᠣᠲᠤ ᠨᠠᠷᠠᠰᠤ᠂ ᠬᠠᠶᠢᠯᠠᠰᠤ᠂ ᠭᠠᠴᠤᠷ᠎ᠠ᠂ ᠲᠣᠮᠣ ᠮᠣᠳᠣ ᠵᠡᠷᠭᠡ ᠪᠤᠶ᠃ ᠭᠤᠣᠯ ᠪᠣᠯᠬᠤ ᠪᠣᠳᠠ ᠮᠣᠳᠣᠨ ᠤ ᠲᠥᠷᠥᠯ ᠳᠤ ᠨᠢᠮᠪᠡᠭᠡ᠂ ᠴᠢᠴᠠᠷᠭᠠᠨ᠎ᠠ᠂ ᠪᠠᠷᠰ ᠤᠨ ᠰᠢᠳ᠂ ᠬᠡᠭᠡᠷ᠎ᠡ ᠶᠢᠨ ᠰᠠᠷᠭᠠᠶ᠂ ᠠᠭᠤᠯᠠ ᠶᠢᠨ ᠬᠦᠢᠯᠡᠰᠦ ᠵᠡᠷᠭᠡ ᠪᠤᠶ᠃ ᠭᠤᠣᠯ ᠪᠣᠯᠬᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠨᠢ ᠡᠪᠡᠰᠦᠯᠢᠭ ᠤᠷᠭᠤᠮᠠᠯ ᠤᠨ ᠢᠵᠠᠭᠤᠷ᠂ ᠡᠯᠡᠰᠦᠨ ᠡᠪᠡᠰᠦᠨ ᠤ ᠢᠵᠠᠭᠤᠷ ᠢᠶᠠᠷ ᠳᠠᠪᠠᠭᠤᠯᠢᠭ ᠲᠠᠯ᠎ᠠ ᠪᠣᠯᠭᠠᠵᠤ ᠪᠠᠶᠢᠳᠠᠭ᠂ ᠵᠢᠱᠢᠶᠡᠯᠡᠪᠡᠯ᠂ ᠲᠣᠮᠣ ᠬᠢᠯᠭᠠᠨ᠎ᠠ᠂ ᠡᠷᠲᠡ ᠪᠣᠯᠪᠠᠰᠤᠷᠠᠬᠤ ᠡᠪᠡᠰᠦ᠂ ᠠᠭᠤᠯᠠᠨ ᠬᠡᠭᠡᠷ᠎ᠡ ᠶᠢᠨ ᠸᠠᠨᠳᠧᠦ ᠪᠤᠷᠴᠠᠭ᠂ ᠪᠠᠶ ᠯᠢ ᠰᠢᠶᠠᠩ ᠵᠡᠷᠭᠡ ᠪᠠᠶᠢᠵᠤ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠨᠢ 60%—90% ᠪᠠᠶᠢᠳᠠᠭ᠃ ᠬᠠᠮᠠᠭᠠᠯᠠᠯᠲᠠ ᠶᠢᠨ ᠣᠷᠣᠨ ᠳᠤ ᠪᠠᠰᠠ ᠡᠯ᠎ᠡ ᠵᠦᠢᠯ ᠤᠨ ᠬᠢᠲᠠᠳ ᠡᠮ ᠤᠨ ᠮᠠᠲ᠋ᠧᠷᠢᠶᠠᠯ 80 ᠭᠠᠷᠤᠶ ᠵᠦᠢᠯ ᠪᠣᠶ᠂ ᠵᠢᠱᠢᠶᠡᠯᠡᠪᠡᠯ ᠰᠦᠨ ᠣᠷᠬᠤᠳᠠᠶ᠂ ᠪᠣᠷᠴᠠ ᠡᠪᠡᠰᠦ᠂ ᠤᠳᠪᠠᠯᠠ ᠴᠡᠴᠡᠭ᠂ ᠴᠠᠨ᠎ᠠ᠂ ᠳᠡᠯᠳᠡᠦ᠂ ᠰᠢᠷ᠎ᠠ ᠵᠡᠭᠦᠦ᠂ ᠣᠶᠢᠮ᠎ᠠ ᠨᠣᠭᠤᠭ᠎ᠠ ᠵᠡᠷᠭᠡ ᠪᠣᠶ᠂ ᠬᠠᠮᠠᠭᠠᠯᠠᠯᠲᠠ ᠶᠢᠨ ᠣᠷᠣᠨ ᠳᠤ ᠪᠠᠰᠠ ᠡᠯ᠎ᠡ ᠵᠦᠢᠯ ᠤᠨ ᠬᠢᠲᠠᠳ ᠡᠮ ᠤᠨ ᠮᠠᠲ᠋ᠧᠷᠢᠶᠠᠯ 80 ᠭᠠᠷᠤᠶ ᠵᠦᠢᠯ ᠪᠣᠶ᠂ ᠡᠭᠦᠨ ᠠᠴᠠ ᠭᠠᠳᠠᠨ᠎ᠠ ᠪᠠᠰᠠ 20 ᠭᠠᠷᠤᠶ ᠵᠦᠢᠯ ᠤᠨ ᠴᠠᠶ ᠪᠣᠶ᠂ ᠵᠢᠱᠢᠶᠡᠯᠡᠪᠡᠯ ᠬᠠᠶᠢᠯᠠᠰᠤᠨ ᠴᠠᠶ᠂ ᠨᠠᠢᠮᠠᠨ ᠡᠷᠳᠡᠨᠢ ᠶᠢᠨ ᠴᠠᠶ᠂ ᠰᠢᠷ᠎ᠠ ᠴᠠᠶ᠂ ᠴᠠᠭᠠᠨ ᠴᠠᠶ᠂ ᠴᠢᠯᠠᠭᠤᠨ ᠠᠷᠤ ᠶᠢᠨ ᠪᠤᠷᠭᠠᠰᠤ ᠵᠡᠷᠭᠡ ᠪᠣᠶ᠃    ᠠᠩᠬ᠎ᠠ ᠠᠯᠬᠤᠮ ᠤᠨ ᠪᠠᠶᠢᠴᠠᠭᠠᠯᠲᠠ ᠳᠤ᠂ ᠬᠠᠮᠠᠭᠠᠯᠠᠯᠲᠠ ᠶᠢᠨ ᠣᠷᠣᠨ ᠳᠤ ᠡᠯ᠎ᠡ ᠲᠥᠷᠥᠯ ᠤᠨ ᠬᠡᠭᠡᠷ᠎ᠡ ᠶᠢᠨ ᠠᠮᠢᠲᠠᠨ 143 ᠵᠦᠢᠯ ᠪᠣᠶ᠂ ᠡᠭᠦᠨ ᠳᠤ ᠰᠢᠪᠠᠭᠤᠨ ᠤ ᠲᠥᠷᠥᠯ 10 ᠪᠠᠭ 29 ᠢᠵᠠᠭᠤᠷ ᠤᠨ 118 ᠵᠦᠢᠯ᠂ ᠠᠷᠢᠶᠠᠲᠠᠨ ᠤ ᠲᠥᠷᠥᠯ 6 ᠪᠠᠭ 11 ᠢᠵᠠᠭᠤᠷ ᠤᠨ 25 ᠵᠦᠢᠯ ᠪᠣᠶ᠂ ᠡᠭᠦᠨ ᠳᠤ ᠪᠣᠷᠣ ᠭᠥᠷᠥᠭᠡᠰᠦ᠂ ᠦᠨᠡᠭᠡ᠂ ᠮᠠᠩᠭᠢᠰᠤ᠂ ᠬᠡᠭᠡᠷ᠎ᠡ ᠶᠢᠨ ᠪᠦᠷᠭᠦᠳ᠂ ᠬᠦᠰᠦᠨ ᠲᠠᠰ᠂ ᠭᠤᠷᠭᠤᠤᠯ᠂ ᠴᠢᠯᠠᠭᠤᠨ ᠲᠠᠬᠢᠶ᠎ᠠ᠂ ᠬᠡᠭᠡᠷ᠎ᠡ ᠶᠢᠨ ᠳᠡᠭᠡᠯᠡᠶ᠂ ᠠᠯᠲᠠᠨ ᠭᠤᠷᠭᠤᠤᠯᠳᠠᠶ ᠵᠡᠷᠭᠡ ᠪᠣᠶ᠃    9. ᠬᠠᠮᠠᠭᠠᠯᠠᠵᠤ ᠰᠡᠷᠭᠦᠭᠡᠬᠦ    ᠤᠢᠢᠷ᠎ᠠ ᠶᠢᠨ ᠵᠢᠯ ᠳᠤ ᠤᠯᠤᠰ ᠠᠴᠠ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ ᠲᠦᠷᠦᠯ ᠵᠦᠢᠯ ᠢ ᠡᠬᠢᠯᠡᠭᠦᠯᠵᠦ᠂ ᠪᠢᠲᠡᠭᠦᠮᠵᠢᠯᠡᠨ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠨ᠂ ᠬᠤᠩᠱᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠤᠢ ᠰᠢᠭᠤᠢ ᠡᠪᠡᠰᠦᠨ ᠤ ᠡᠬᠢ ᠪᠠᠶᠠᠯᠢᠭ ᠮᠠᠰᠢ ᠲᠦᠷᠭᠡᠨ ᠰᠡᠷᠭᠦᠵᠦ᠂ ᠠᠮᠢ ᠠᠬᠤᠢ ᠶᠢᠨ ᠣᠷᠴᠢᠨ ᠲᠣᠭᠤᠷᠢᠨ ᠠᠭᠠᠵᠢᠮ ᠢᠶᠠᠷ ᠰᠠᠶᠢᠨ ᠰᠠᠶᠢᠬᠠᠨ ᠡᠷᠭᠢᠯᠲᠡ ᠶᠢᠨ ᠵᠠᠮ ᠳᠤ ᠣᠷᠣᠪᠠ᠃ 2013 ᠣᠨ ᠠᠴᠠ ᠨᠠᠰᠢ᠂ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠬᠢᠬᠦ ᠪᠠᠷ ᠳᠠᠮᠵᠢᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠤᠤᠯ ᠤᠨ ᠪᠠᠶᠢᠭᠰᠠᠨ ᠣᠶ ᠰᠢᠭᠤᠶ ᠪᠡᠯᠴᠢᠭᠡᠷ ᠤᠨ ᠰᠠᠭᠤᠷᠢᠨ ᠳᠡᠭᠡᠷ᠎ᠡ᠂ ᠰᠢᠨ᠎ᠡ ᠪᠠᠷ ᠣᠶᠢᠵᠢᠭᠤᠯᠬᠤ ᠲᠠᠯᠠᠪᠠᠶ 8667hm2 ᠨᠡᠮᠡᠭᠳᠡᠵᠦ᠂ 4000hm2 ᠪᠡᠯᠴᠢᠭᠡᠷ ᠢ ᠰᠠᠶᠢᠵᠢᠷᠠᠭᠤᠯᠤᠨ᠂ ᠭᠤᠷᠪᠠᠨ ᠨᠠᠷᠠᠰᠤᠨ ᠤ ᠴᠢᠬᠢ ᠪᠤᠶᠢᠵᠢᠭᠤᠯᠬᠤ ᠰᠠᠭᠤᠷᠢᠨ ᠭᠠᠵᠠᠷ 20hm2 ᠢ ᠪᠠᠶᠢᠭᠤᠯᠬᠤ ᠶᠢᠨ ᠬᠠᠮᠲᠤ ᠣᠶ ᠰᠢᠭᠤᠶ ᠶᠢᠨ ᠠᠮᠢ ᠠᠬᠤᠶ ᠶᠢᠨ ᠵᠢᠭᠤᠯᠴᠢᠯᠠᠯ ᠤᠨ ᠬᠠᠮᠢᠶ᠎ᠠ ᠪᠥᠬᠦᠶ ᠪᠡᠯᠡᠳᠬᠡᠮᠵᠢ ᠲᠥᠬᠦᠭᠡᠷᠦᠮᠵᠢ ᠶᠢ ᠪᠠᠶᠢᠭᠤᠯᠵᠤ᠂ ᠹᠧᠩᠵᠧᠨ ᠤ ᠵᠡᠭᠦᠨ ᠬᠡᠰᠡᠭ ᠤᠨ ᠠᠭᠤᠯᠠᠷᠬᠠᠭ ᠣᠷᠣᠨ ᠳᠤ 40km ᠣᠷᠳᠣ᠂ 15km ᠥᠷᠭᠡᠨ ᠠᠮᠢ ᠠᠬᠤᠶ ᠶᠢᠨ ᠬᠠᠯᠬᠠᠪᠴᠢ ᠶᠢ ᠪᠣᠶ  ᠪᠤᠯᠭᠠᠨ᠂ ᠮᠤᠨᠢ ᠠᠭᠤᠯᠠ ᠶᠢᠨ ᠠᠮᠢ ᠠᠬᠤᠶ ᠶᠢᠨ ᠨᠣᠭᠤᠭᠠᠨ ᠪᠦᠰᠡ ᠲᠠᠢ ᠬᠠᠷᠢᠯᠴᠠᠨ ᠠᠪᠴᠠᠯᠳᠤᠭᠤᠯᠵᠤ᠂ ᠡᠯᠡᠰᠦᠨ ᠰᠢᠭᠤᠷᠭ᠎ᠠ ᠶᠢ ᠰᠡᠷᠭᠡᠶᠢᠯᠡᠬᠦ ᠳᠤ ᠢᠳᠡᠪᠬᠢᠲᠡᠶ ᠪᠥᠭᠡᠳ ᠪᠦᠲᠦᠮᠵᠢᠲᠡᠶ ᠦᠢᠯᠡᠳᠦᠯ ᠦᠵᠡᠭᠦᠯᠦᠨ᠎ᠡ᠃    10. ᠪᠠᠶᠢᠭᠠᠯᠢ ᠶᠢᠨ ᠬᠠᠮᠠᠭᠠᠯᠠᠯᠲᠠ ᠶᠢᠨ ᠦᠷᠳᠡᠭ ᠤᠨ ᠦᠨᠡᠯᠡᠯᠲᠡ    ᠹᠧᠩᠵᠧᠨ ᠬᠤᠲᠠ ᠶᠢᠨ ᠬᠤᠩᠱᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠠᠶᠢᠮᠠᠭ ᠬᠤᠲᠠ ᠶᠢᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠶᠡᠭᠡ ᠬᠡᠪᠴᠢᠶᠡᠨ ᠤ ᠪᠠᠯᠠᠷ ᠣᠶ ᠪᠠᠶᠢᠵᠤ᠂ ᠬᠡᠭᠡᠷ᠎ᠡ ᠶᠢᠨ ᠠᠮᠢᠲᠠᠨ᠂ ᠤᠷᠭᠤᠮᠠᠯ ᠵᠢᠴᠢ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠠᠷᠢᠶᠠᠯᠠᠭᠳᠠᠨ᠎ᠠ᠃ ᠬᠠᠮᠠᠭᠠᠯᠠᠯᠲᠠ ᠶᠢᠨ ᠣᠷᠣᠨ ᠳᠤ ᠬᠡᠭᠡᠷ᠎ᠡ ᠶᠢᠨ ᠠᠮᠢᠲᠠᠨ ᠤᠷᠭᠤᠮᠠᠯ ᠤᠨ ᠲᠥᠷᠥᠯ ᠵᠦᠢᠯ ᠣᠯᠠᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠡᠯᠪᠡᠭ ᠪᠠᠶᠠᠯᠢᠭ ᠪᠠᠶᠢᠵᠤ᠂ ᠮᠠᠰᠢ ᠥᠨᠳᠥᠷ ᠰᠢᠨᠵᠢᠯᠡᠬᠦ ᠤᠬᠠᠭᠠᠨ ᠤ ᠰᠤᠳᠤᠯᠭᠠᠨ ᠤ ᠦᠨ᠎ᠡ ᠥᠷᠲᠡᠭ ᠪᠠ ᠬᠠᠮᠠᠭᠠᠯᠠᠯᠲᠠ ᠶᠢᠨ ᠦᠨ᠎ᠡ ᠥᠷᠲᠡᠭ ᠲᠠᠢ ᠪᠠᠶᠢᠳᠠᠭ᠃ ᠨᠤᠲᠤᠭ ᠪᠡᠯᠴᠢᠭᠡᠷ ᠬᠢᠭᠡᠳ ᠣᠶ ᠰᠢᠭᠤᠶ ᠨᠢ ᠪᠥᠬᠦ ᠬᠤᠲᠠ ᠶᠢᠨ ᠵᠡᠭᠦᠨ ᠡᠮᠦᠨᠡᠲᠦ ᠬᠡᠰᠡᠭ ᠤᠨ ᠠᠭᠤᠯᠠᠷᠬᠠᠭ ᠣᠷᠣᠨ ᠤ ᠠᠮᠢ ᠠᠬᠤᠶ ᠶᠢᠨ ᠬᠠᠯᠬᠠᠪᠴᠢ ᠶᠢ ᠪᠣᠶ ᠪᠤᠯᠭᠠᠨ᠂ ᠪᠠᠶᠢᠭᠠᠯᠢ ᠶᠢᠨ ᠭᠠᠶ ᠭᠠᠮᠰᠢᠭ ᠢ ᠡᠰᠡᠷᠭᠦᠴᠡᠨ ᠬᠤᠷᠢᠭᠯᠠᠵᠤ᠂ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ ᠪᠥᠬᠦ ᠬᠤᠲᠠ ᠶᠢᠨ ᠪᠠᠶᠢᠭᠠᠯᠢ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠬᠤᠪᠢᠷᠠᠭᠤᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠵᠦ᠂ ᠡᠲᠡᠭᠡᠷ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠰᠠᠶᠢᠲᠤᠷ ᠬᠠᠮᠠᠭᠠᠯᠠᠨ ᠠᠰᠢᠭᠯᠠᠬᠤ ᠳᠤ ᠢᠯᠡᠳᠲᠡ ᠠᠮᠢ ᠠᠬᠤᠶ᠂ ᠨᠡᠶᠢᠭᠡᠮ᠂ ᠠᠵᠤ ᠠᠬᠤᠶ ᠶᠢᠨ ᠦᠷ᠎ᠡ ᠠᠰᠢᠭ ᠲᠠᠢ ᠪᠠᠶᠢᠳᠠᠭ᠃    ᠨᠢᠭᠡ ᠳᠤ᠂ ᠹᠧᠩᠵᠧᠨ ᠬᠤᠲᠠ ᠶᠢᠨ ᠬᠤᠩᠱᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠲᠠᠢ ᠠᠶᠢᠮᠠᠭ ᠬᠤᠲᠠ ᠶᠢᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠡᠷᠬᠢᠨ ᠲᠣᠭᠤᠷᠢᠨ ᠤ ᠨᠡᠶᠢᠭᠡᠮ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ᠂ ᠠᠮᠢ ᠠᠬᠤᠶ ᠶᠢᠨ ᠲᠡᠩᠴᠡᠭᠦᠷᠢ ᠶᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠥᠪᠡᠷᠲᠡᠭᠡᠨ ᠵᠠᠰᠠᠬᠤ ᠣᠷᠣᠨ ᠤ ᠳᠦᠷᠢ ᠲᠥᠷᠬᠦ ᠶᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃    ᠬᠤᠶᠠᠷ ᠲᠤ᠂ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠵᠢᠴᠢ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ ᠴᠢᠳᠠᠨ᠎ᠠ᠃ ᠪᠠᠰᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠵᠡᠮᠦᠷᠢ ᠶᠢᠨ ᠴᠢᠨᠠᠷ ᠢ ᠳᠡᠭᠡᠭᠰᠢᠯᠡᠭᠦᠯᠬᠦ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠡᠷᠬᠢᠨ ᠲᠣᠭᠤᠷᠢᠨ ᠳᠤ ᠣᠷᠣᠰᠢᠨ ᠰᠠᠭᠤᠭ᠎ᠠ ᠬᠥᠮᠦᠰ ᠤᠨ ᠶᠠᠪᠤᠵᠤ ᠰᠠᠭᠤᠬᠤ ᠳᠤ ᠲᠥᠬᠦᠮ ᠦᠵᠡᠭᠦᠯᠵᠦ᠂ ᠡᠷᠬᠢᠨ ᠲᠣᠭᠤᠷᠢᠨ ᠤ ᠠᠷᠠᠳ ᠣᠯᠠᠨ ᠤ ᠠᠮᠢᠳᠤᠷᠠᠯ ᠤᠨ ᠬᠢᠷᠢ ᠲᠦᠪᠰᠢᠨ ᠢ ᠳᠠᠶᠢᠴᠢᠯᠠᠨ᠎ᠠ᠃    ᠭᠤᠷᠪᠠ ᠳᠤ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ ᠳᠤ ᠲᠣᠬᠢᠷᠠᠮᠵᠢᠲᠠᠶ ᠢᠨᠵᠧᠨᠧᠷᠢᠩ ᠢ ᠬᠡᠷᠡᠭᠵᠢᠭᠦᠯᠬᠦ ᠨᠢ ᠨᠤᠭᠤ ᠭᠠᠵᠠᠷ ᠤᠨ ᠠᠮᠢ ᠠᠬᠤᠶ ᠶᠢᠨ ᠰᠢᠰᠲ᠋ᠧᠮ ᠤᠨ ᠡᠭᠦᠰᠦᠯ᠂ ᠬᠥᠭᠵᠢᠯᠲᠡ᠂ ᠣᠷᠣᠯᠠᠭᠳᠠᠯ ᠤᠨ ᠵᠢᠮ᠎ᠡ ᠶᠣᠰᠣ ᠶᠢ ᠬᠠᠶᠢᠨ ᠰᠦᠪᠡᠭᠴᠢᠯᠡᠬᠦ ᠪᠠ ᠢᠯᠡᠷᠡᠭᠦᠯᠬᠦ ᠳᠤ ᠠᠰᠢᠭᠲᠠᠶ᠂ ᠬᠥᠮᠦᠨ ᠲᠥᠷᠥᠯᠬᠢᠲᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠭᠠᠵᠠᠷ ᠰᠢᠷᠣᠶ ᠶᠢᠨ ᠡᠯᠡᠰᠦᠷᠬᠡᠭᠵᠢᠯ᠂ ᠣᠶ ᠰᠢᠭᠤᠶ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠳᠤ ᠦᠵᠡᠭᠦᠯᠬᠦ ᠨᠥᠯᠥᠭᠡ ᠶᠢ ᠬᠠᠶᠢᠨ ᠰᠦᠪᠡᠭᠴᠢᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠣᠶ ᠰᠢᠭᠤᠶ᠂ ᠨᠤᠲᠤᠭ ᠪᠡᠯᠴᠢᠭᠡᠷ ᠤᠨ ᠦᠵᠡᠮᠵᠢ ᠶᠢ ᠰᠡᠷᠭᠦᠭᠡᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠪᠠ ᠵᠠᠰᠠᠬᠤ ᠠᠷᠭ᠎ᠠ ᠬᠡᠮᠵᠢᠶ᠎ᠡ ᠶᠢ ᠬᠠᠩᠭᠠᠨ᠎ᠠ᠃ ᠵᠤᠭᠠᠴᠠᠭᠰᠠᠳ ᠪᠠ ᠲᠤᠬᠠᠶ ᠶᠢᠨ ᠭᠠᠵᠠᠷ ᠤᠨ ᠣᠯᠠᠨ ᠲᠦᠮᠡᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠬᠢᠵᠦ᠂ ᠬᠥᠮᠦᠰ ᠤᠨ ᠡᠬᠡ ᠪᠠᠶᠢᠭᠠᠯᠢ ᠪᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠨ᠂ ᠬᠥᠮᠦᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠪᠠ ᠵᠦᠶ ᠵᠣᠬᠢᠰᠲᠠᠶ ᠠᠰᠢᠭᠯᠠᠯᠲᠠ ᠶᠢ ᠠᠬᠢᠭᠤᠯᠬᠤ ᠳᠤ ᠠᠰᠢᠭᠲᠠᠶ ᠶᠤᠮ᠃    ᠲᠦᠷᠪᠡ ᠳᠤ᠂ ᠤᠯᠠᠨ ᠲᠦᠷᠦᠯ ᠤᠨ ᠡᠵᠡᠩᠨᠡᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠨᠢ ᠲᠤᠬᠠᠶ ᠶᠢᠨ ᠭᠠᠵᠠᠷ ᠤᠨ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠢ ᠠᠬᠢᠭᠤᠯᠵᠤ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠢ ᠴᠢᠩᠭᠠᠳᠬᠠᠨ᠂ ᠭᠠᠳᠠᠭᠠᠳᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ᠂ ᠬᠠᠮᠢᠶᠠᠷᠤᠯᠲᠠ ᠶᠢᠨ ᠲᠤᠷᠰᠢᠯᠭ᠎ᠠ᠂ ᠬᠥᠭᠵᠢᠯᠲᠡ ᠶᠢᠨ ᠬᠡᠪ ᠵᠠᠭᠪᠤᠷ ᠢ ᠲᠤᠬᠠᠶ ᠶᠢᠨ ᠭᠠᠵᠠᠷ ᠤᠨ ᠰᠢᠩᠭᠡᠭᠡᠨ ᠠᠪᠬᠤ ᠪᠠ ᠲᠡᠭᠦᠨ ᠢᠶᠠᠷ ᠲᠤᠯᠢ ᠪᠣᠯᠭᠠᠬᠤ ᠶᠠᠪᠤᠳᠠᠯ ᠢ ᠠᠬᠢᠭᠤᠯᠵᠤ᠂ ᠬᠠᠮᠠᠭᠠᠯᠠᠯᠲᠠ ᠶᠢᠨ ᠣᠷᠣᠨ ᠤ ᠨᠡᠷ᠎ᠡ ᠬᠦᠨᠳᠦ ᠶᠢ ᠳᠡᠭᠡᠭᠰᠢᠯᠡᠭᠦᠯᠬᠦ ᠳᠤ ᠲᠤᠰᠠᠲᠠᠶ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠪᠣᠳᠠᠰ ᠤᠨ ᠪᠠ ᠰᠣᠶᠣᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠲᠤᠰᠠᠲᠠᠶ᠃    ᠲᠠᠪᠤ ᠳᠤ᠂ ᠨᠡᠶᠢᠭᠡᠮ ᠲᠣᠭᠤᠷᠢᠭ ᠤᠨ ᠬᠠᠮᠲᠤ ᠶᠢᠨ ᠪᠠᠶᠢᠭᠤᠯᠤᠯᠲᠠ ᠶᠢ ᠥᠷᠨᠢᠭᠦᠯᠵᠦ᠂ ᠣᠯᠠᠨ ᠲᠦᠮᠡᠨ ᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠪᠠ ᠬᠠᠮᠢᠶᠠᠷᠤᠯᠲᠠ ᠳᠤ ᠤᠷᠤᠯᠴᠠᠭᠤᠯᠤᠨ᠂ ᠰᠠᠭᠤᠭᠠᠯᠢ ᠠᠷᠠᠳ ᠤᠨ ᠬᠠᠷᠢᠴᠠᠭ᠎ᠠ ᠶᠢ ᠨᠢᠭᠲᠠᠷᠠᠭᠤᠯᠵᠤ᠂ ᠬᠠᠮᠠᠭᠠᠯᠠᠯᠲᠠ ᠶᠢᠨ ᠣᠷᠣᠨ ᠤ ᠡᠬᠢ ᠪᠠᠶᠠᠯᠢᠭ ᠲᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠰᠦᠷᠳᠡᠭᠦᠯᠦᠯ ᠢ ᠠᠯᠬᠤᠮ ᠠᠯᠬᠤᠮ ᠢᠶᠠᠷ ᠨᠠᠮᠳᠠᠭᠤᠯᠬᠤ ᠪᠠ ᠠᠷᠢᠯᠭᠠᠵᠤ᠂ ᠬᠠᠮᠠᠭᠠᠯᠠᠯᠲᠠ ᠶᠢᠨ ᠣᠷᠣᠨ ᠤ ᠳᠠᠷᠤᠯᠲᠠ ᠶᠢ ᠬᠥᠩᠭᠡᠷᠡᠭᠦᠯᠬᠦ ᠪᠣᠯᠤᠨ᠎ᠠ᠃     ᠬᠤᠶᠠᠳᠤᠭᠠᠷ ᠪᠦᠯᠦᠭ  ᠬᠦ᠋ᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠴᠢᠬᠤᠯᠠ ᠴᠢᠨᠠᠷ    1. ᠠᠵᠤ ᠠᠬᠤᠶ ᠨᠡᠶᠢᠭᠡᠮ ᠤᠨ ᠦᠷᠭᠦᠯᠵᠢᠯᠡᠬᠦᠶᠢᠴᠡ ᠬᠥᠭᠵᠢᠯᠲᠡ ᠶᠢᠨ ᠬᠡᠷᠡᠭᠴᠡᠭᠡ    ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ᠂ ᠠᠮᠢ ᠠᠬᠤᠶ ᠶᠢᠨ ᠪᠣᠯᠪᠠᠰᠤᠨ ᠢ ᠠᠬᠢᠭᠤᠯᠬᠤ ᠪᠣᠯ 21 ᠳ᠋ᠦᠭᠡᠷ ᠵᠠᠭᠤᠨ ᠤ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ ᠭᠤᠣᠯ ᠰᠡᠳᠦᠪ ᠮᠥᠨ᠂ ᠪᠠᠰᠠ ᠴᠤ ᠠᠵᠤ ᠠᠬᠤᠶ ᠨᠡᠶᠢᠭᠡᠮ ᠤᠨ ᠦᠷᠭᠦᠯᠵᠢᠯᠡᠬᠦᠶᠢᠴᠡ ᠬᠥᠭᠵᠢᠯᠲᠡ ᠶᠢᠨ ᠴᠢᠬᠤᠯᠠ ᠰᠠᠭᠤᠷᠢ ᠮᠥᠨ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯ ᠮᠠᠨ ᠤ ᠬᠤᠲᠠ ᠶᠢᠨ ᠠᠮᠢ ᠠᠬᠤᠢ ᠶᠢᠨ ᠬᠤᠲᠠ ᠶᠢ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠠᠮᠢ ᠠᠬᠤᠢ ᠶᠢᠨ ᠪᠣᠯᠪᠠᠰᠤᠨ ᠢ ᠪᠠᠳᠠᠷᠠᠭᠤᠯᠬᠤ ᠶᠢᠨ ᠪᠤᠰᠤᠳᠴᠢ ᠱᠠᠭᠠᠷᠳᠠᠯᠭ᠎ᠠ ᠮᠥᠨ᠂ ᠬᠥᠮᠦᠨ ᠪᠠ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠶᠢᠨ ᠪᠤᠰᠤᠳᠴᠢ ᠬᠡᠷᠡᠭᠴᠡᠭᠡ ᠮᠥᠨ᠃    2. ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠪᠠ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢ ᠴᠢᠩᠭᠠᠳᠬᠠᠬᠤ ᠶᠢᠨ ᠬᠡᠷᠡᠭᠴᠡᠭᠡ    ᠠᠵᠤ ᠠᠬᠤᠶ ᠶᠢᠨ ᠲᠦᠷᠭᠡᠨ ᠬᠥᠭᠵᠢᠯᠲᠡ ᠳᠤᠮᠳᠠ᠂ ᠠᠮᠢ ᠠᠬᠤᠶ ᠶᠢᠨ ᠰᠢᠰᠲ᠋ᠧᠮ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠠᠳᠠᠯᠢ ᠪᠤᠰᠤ ᠬᠡᠮᠵᠢᠶ᠎ᠡ ᠪᠠᠷ ᠨᠥᠯᠥᠭᠡᠯᠡᠭᠳᠡᠨ ᠡᠪᠳᠡᠭᠳᠡᠵᠦ᠂ ᠮᠠᠨ ᠤ ᠬᠤᠲᠠ ᠶᠢ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠠ ᠪᠠᠶᠢᠭᠠᠯᠢ ᠶᠢᠨ ᠦᠵᠡᠮᠵᠢ ᠪᠠᠨ ᠨᠡᠯᠢᠶᠡᠳ ᠬᠦᠨᠳᠦ ᠨᠣᠴᠢᠲᠠᠶ ᠠᠯᠳᠠᠭᠰᠠᠨ ᠭᠠᠵᠠᠷ ᠣᠷᠣᠨ ᠤ ᠨᠢᠭᠡ ᠪᠣᠯᠭᠠᠭᠰᠠᠨ ᠪᠠᠶᠢᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠨᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ᠃    3. ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠬᠡᠷᠡᠭᠴᠡᠭᠡ    ᠮᠠᠨ ᠤ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠬᠠᠮᠢᠶᠠᠷᠤᠯᠲᠠ ᠶᠢᠨ ᠴᠢᠳᠠᠪᠤᠷᠢ ᠬᠠᠷᠢᠴᠠᠩᠭᠤᠢ ᠪᠠᠷ ᠪᠠᠭᠤᠷᠠᠢ ᠪᠠᠶᠢᠵᠤ᠂ ᠬᠠᠮᠠᠭᠠᠯᠠᠯᠲᠠ ᠶᠢᠨ ᠣᠷᠣᠨ ᠤ ᠬᠥᠭᠵᠢᠯᠲᠡ ᠳᠤ ᠲᠥᠯᠥᠪᠵᠢᠭᠦᠯᠭᠡ ᠬᠢᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠮᠠᠭᠠᠯᠠᠯᠲᠠ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃     ᠭᠤᠷᠪᠠᠳᠤᠭᠠᠷ ᠪᠦᠯᠦᠭ ᠵᠢᠯᠣᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ    1. ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠲᠤᠬᠠᠶ ᠳᠤᠮᠳᠠᠳᠤ ᠤᠯᠣᠰ ᠤᠨ ᠡᠪ ᠬᠠᠮᠳᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠡᠭᠦᠷᠢᠳᠡ ᠦᠷᠭᠦᠯᠵᠢᠯᠡᠨ ᠠᠰᠢᠭᠯᠠᠬᠤ᠂ ᠠᠰᠢᠭ ᠲᠤᠰᠠ ᠶᠢ ᠬᠠᠮᠲᠤᠪᠠᠷ ᠡᠳ᠋ᠯᠡᠬᠦ ᠪᠠᠷ ᠬᠠᠷᠠᠯᠲᠠ ᠪᠣᠯᠭᠠᠨ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠰᠡᠷᠭᠦᠭᠡᠬᠦ᠂ ᠠᠰᠢᠭᠯᠠᠬᠤ ᠶᠢ ᠤᠶᠠᠯᠳᠤᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠂ ᠤᠯᠠᠨ ᠨᠡᠶᠢᠲᠡ ᠶᠢᠨ ᠬᠠᠮᠠᠭᠠᠯᠠᠯᠲᠠ ᠪᠠ ᠣᠷᠣᠯᠴᠠᠬᠤ ᠤᠬᠠᠮᠰᠠᠷ ᠢ ᠳᠡᠭᠡᠭᠰᠢᠯᠡᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠂ ᠬᠥᠮᠦᠨ ᠬᠢᠭᠡᠳ ᠪᠠᠶᠢᠭᠠᠯᠢ᠂ ᠠᠵᠤ ᠠᠬᠤᠶ ᠨᠡᠶᠢᠭᠡᠮ ᠬᠢᠭᠡᠳ ᠠᠮᠢ ᠠᠬᠤᠶ ᠶᠢᠨ ᠣᠷᠴᠢᠨ ᠨᠥᠬᠦᠴᠡᠯ ᠤᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ᠂ ᠵᠣᠬᠢᠴᠠᠩᠭᠤᠶ ᠪᠠᠷ ᠬᠥᠭᠵᠢᠬᠦ ᠶᠢ ᠪᠡᠶᠡᠯᠡᠭᠦᠯᠦᠨ᠎ᠡ᠃    2. ᠦᠨᠳᠦᠰᠦᠨ ᠵᠠᠷᠴᠢᠮ    ᠬᠠᠮᠠᠭᠠᠯᠠᠬᠤ ᠶᠢ ᠲᠡᠷᠢᠭᠦᠨ ᠳᠤ ᠲᠠᠯᠪᠢᠵᠤ᠂ ᠨᠢᠭᠡᠳᠦᠯᠲᠡᠶ ᠲᠥᠯᠥᠪᠯᠡᠵᠦ ᠨᠡᠶᠢᠳᠡ ᠳᠤᠨᠢ ᠬᠠᠷᠠᠭᠠᠯᠵᠠᠬᠤ ᠵᠠᠷᠴᠢᠮ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠡᠩ ᠲᠡᠷᠢᠭᠦᠨ ᠳᠤ ᠪᠣᠳᠣᠯᠬᠢᠯᠠᠵᠤ᠂ ᠢᠳᠡᠪᠬᠢᠲᠡᠶ ᠠᠷᠭ᠎ᠠ ᠬᠡᠮᠵᠢᠶ᠎ᠡ ᠠᠪᠴᠤ᠂ ᠴᠢᠬᠤᠯᠠ ᠠᠮᠢ ᠠᠬᠤᠶ ᠶᠢᠨ ᠰᠢᠰᠲ᠋ᠧᠮ᠂ ᠠᠮᠢᠳᠤ ᠪᠣᠳᠠᠰ ᠤᠨ ᠳᠦᠷᠰᠦ ᠵᠢᠴᠢ ᠤᠳᠤᠮᠯᠠᠯ ᠤᠨ ᠡᠬᠢ ᠪᠠᠶᠠᠯᠢᠭ ᠢ ᠪᠦᠲᠦᠮᠵᠢᠲᠡᠶ ᠪᠠᠷ ᠬᠠᠮᠠᠭᠠᠯᠠᠵᠤ᠂ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠨ᠎ᠠ᠃ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠢ ᠠᠬᠢᠭᠤᠯᠤᠨ᠎ᠠ᠃    ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠭᠤᠣᠯᠳᠠᠯᠭ᠎ᠠ ᠶᠢ ᠲᠤᠪᠤᠶᠢᠯᠭᠠᠬᠤ ᠵᠠᠷᠴᠢᠮ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠬᠤ ᠬᠡᠷᠡᠭᠲᠡᠶ ᠃ ᠠᠳᠠᠯᠢ ᠪᠤᠰᠤ ᠣᠷᠣᠨ ᠪᠦᠰᠡ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠬᠡᠷᠡᠭᠴᠡᠭᠡ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠶᠡᠷᠦᠩᠬᠡᠶᠢᠯᠡᠨ ᠪᠣᠳᠣᠯᠬᠢᠯᠠᠵᠤ᠂ ᠠᠳᠠᠯᠢ ᠪᠤᠰᠤ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠪᠠ ᠴᠢᠭᠯᠡᠯ ᠢ ᠲᠣᠭᠲᠠᠭᠠᠨ᠎ᠠ᠃    ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠴᠤ᠂ ᠤᠯᠠᠨ ᠨᠡᠶᠢᠲᠡ ᠪᠠᠷ ᠢᠶᠠᠨ ᠣᠷᠣᠯᠴᠠᠬᠤ ᠵᠠᠷᠴᠢᠮ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠨᠡᠶᠢᠭᠡᠮ ᠤᠨ ᠪᠦᠯᠬᠦᠮ ᠪᠠ ᠦᠨᠳᠦᠰᠦᠨ ᠱᠠᠲᠤᠨ ᠤ ᠤᠯᠠᠨ ᠲᠦᠮᠡᠨ ᠤ ᠥᠷᠭᠡᠨ ᠢᠶᠠᠷ ᠣᠷᠣᠯᠴᠠᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠮᠡᠳᠡᠭᠡ ᠵᠠᠩᠭᠢ ᠶᠢ ᠢᠯᠡ ᠪᠣᠯᠭᠠᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠳᠤ ᠬᠠᠮᠳᠤᠪᠠᠷ ᠣᠷᠣᠯᠴᠠᠬᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃    ᠦᠷᠭᠦᠯᠵᠢᠯᠡᠨ ᠬᠥᠭᠵᠢᠭᠦᠯᠬᠦ᠂ ᠡᠭᠦᠷᠢᠳᠡ ᠦᠷᠭᠦᠯᠵᠢᠯᠡᠨ ᠠᠰᠢᠭᠯᠠᠬᠤ ᠵᠠᠷᠴᠢᠮ᠃ ᠳᠡᠭᠡᠷᠡᠮᠳᠡᠯᠭᠡ ᠶᠢᠨ ᠴᠢᠨᠠᠷᠲᠠᠶ ᠪᠠᠷ ᠠᠮᠢᠳᠤ ᠪᠣᠳᠠᠰ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠠᠭᠠᠵᠠᠯᠠᠵᠤ᠂ ᠠᠮᠢᠳᠤ ᠪᠣᠳᠠᠰ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠶᠢ ᠠᠬᠢᠭᠤᠯᠤᠨ᠂ ᠠᠮᠢᠳᠤ ᠪᠣᠳᠠᠰ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ᠂ ᠵᠦᠢ ᠵᠣᠬᠢᠰᠲᠠᠶ᠂ ᠡᠮᠬᠢ ᠵᠢᠷᠤᠮ ᠲᠠᠢ ᠪᠠᠷ ᠠᠰᠢᠭᠯᠠᠨ᠎ᠠ᠃    ᠳᠥᠷᠪᠡᠳᠦᠭᠡᠷ ᠪᠦᠯᠦᠭ  ᠬᠦ᠋ᠭᠵᠢᠯᠲᠡ ᠶᠢᠨ ᠬᠠᠷᠠᠯᠲᠠ    2030 ᠣᠨ ᠪᠣᠯᠬᠤ ᠳᠤ᠂ ᠬᠠᠮᠠᠭᠠᠯᠠᠯᠲᠠ ᠶᠢᠨ ᠣᠷᠣᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠠᠭᠤᠷᠠᠬᠤ ᠬᠠᠨᠳᠤᠰᠢ ᠶᠢ ᠪᠦᠲᠦᠮᠵᠢᠲᠡᠶ ᠬᠤᠷᠢᠭᠯᠠᠬᠤ ᠪᠠᠷ ᠴᠢᠷᠮᠠᠶᠢᠨ᠎ᠠ᠃ ᠹᠧᠩᠵᠧᠨ ᠬᠤᠲᠠ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠢᠵᠠᠭᠠᠷ ᠱᠤᠭᠤᠮ ᠤᠨ ᠣᠷᠣᠨ ᠪᠦᠰᠡ ᠶᠢ ᠵᠠᠭᠠᠭᠯᠠᠨ ᠲᠣᠭᠲᠠᠭᠠᠵᠤ᠂ ᠬᠢᠵᠠᠭᠠᠷ ᠱᠤᠭᠤᠮ ᠤᠨ ᠣᠷᠣᠨ ᠪᠦᠰᠡ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠠᠶᠢᠴᠠᠭᠠᠬᠤ ᠪᠠ ᠦᠨᠡᠯᠡᠨ ᠵᠢᠱᠢᠬᠦ ᠶᠢ ᠪᠡᠶᠡᠯᠡᠭᠦᠯᠬᠦ ᠶᠢᠨ ᠬᠠᠮᠲᠤ ᠪᠦᠲᠦᠮᠵᠢᠲᠡᠶ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ ᠃ ᠪᠣᠳᠠᠲᠠᠶ ᠳᠣᠣᠷᠠᠬᠢ ᠮᠡᠳᠦ ᠭᠦᠢᠴᠡᠳᠬᠡᠬᠦ ᠲᠤᠭ᠎ᠠ ᠶᠢ ᠪᠠᠭᠲᠠᠭᠠᠨ᠎ᠠ᠄    1. ᠣᠶᠢᠷ᠎ᠠ ᠶᠢᠨ ᠬᠤᠭᠤᠴᠠᠭᠠᠨ ᠤ ᠬᠠᠷᠠᠯᠲᠠ᠃ 2023 ᠣᠨ ᠪᠣᠯᠬᠤ ᠳᠤ᠂ ᠭᠤᠤᠯᠳᠠᠯᠭ᠎ᠠ ᠲᠠᠢ ᠣᠷᠣᠨ ᠪᠦᠰᠡ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠠᠭᠤᠷᠠᠬᠤ ᠬᠠᠨᠳᠤᠰᠢ ᠶᠢ ᠪᠦᠲᠦᠮᠵᠢᠲᠡᠶ ᠬᠤᠷᠢᠭᠯᠠᠬᠤ ᠪᠠᠷ ᠴᠢᠷᠮᠠᠶᠢᠨ᠎ᠠ᠃ 8 — 10 ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠣᠷᠣᠨ ᠪᠦᠰᠡ ᠶᠢᠨ ᠰᠠᠭᠤᠷᠢ ᠪᠠᠶᠢᠴᠠᠭᠠᠯᠲᠠ ᠪᠠ ᠦᠨᠡᠯᠡᠨ ᠵᠢᠱᠢᠯᠲᠡ ᠶᠢ ᠪᠡᠶᠡᠯᠡᠭᠦᠯᠬᠦ ᠶᠢᠨ ᠬᠠᠮᠲᠤ ᠪᠦᠲᠦᠮᠵᠢᠲᠡᠶ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ᠃ ᠲᠤᠬᠠᠶ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠡᠬᠡ ᠬᠠᠭᠤᠷᠠᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠶᠡᠷᠦᠩᠬᠡᠶ ᠲᠠᠯᠠᠪᠠᠶ ᠶᠢᠨ ᠡᠬᠡ ᠬᠠᠭᠤᠷᠠᠶ ᠶᠢᠨ ᠨᠤᠲᠤᠭ ᠳᠡᠪᠢᠰᠬᠡᠷ ᠤᠨ ᠲᠠᠯᠠᠪᠠᠶ ᠳᠠᠬᠢ ᠡᠵᠡᠯᠡᠬᠦ ᠬᠠᠷᠢᠴᠠᠯ ᠢ 15% ᠣᠷᠴᠢᠮ ᠪᠠᠶᠢᠯᠭᠠᠵᠤ᠂ 90% ᠶᠢᠨ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠪᠣᠳᠠᠰ ᠤᠨ ᠳᠦᠷᠰᠦ ᠪᠠ ᠨᠡᠶᠢᠲᠡᠯᠢᠭ ᠠᠮᠢ ᠠᠬᠤᠶ ᠶᠢᠨ ᠰᠢᠰᠲ᠋ᠧᠮ ᠤᠨ ᠲᠥᠷᠥᠯ ᠬᠡᠯᠪᠡᠷᠢ ᠶᠢ ᠬᠠᠮᠠᠭᠠᠯᠠᠨ᠎ᠠ᠃ ᠭᠠᠵᠠᠷ ᠨᠡᠭᠦᠯᠭᠡᠵᠦ ᠬᠠᠮᠠᠭᠠᠯᠠᠬᠤ ᠶᠢ ᠵᠦᠢ ᠵᠣᠬᠢᠰᠲᠠᠶ ᠥᠷᠨᠢᠭᠦᠯᠵᠦ᠂ 80% ᠠᠴᠠ ᠳᠡᠭᠡᠭᠰᠢᠬᠢ ᠲᠤᠬᠠᠶ ᠶᠢᠨ ᠭᠠᠵᠠᠷ ᠲᠤᠨᠢ ᠬᠠᠮᠠᠭᠠᠯᠠᠬᠤ ᠴᠢᠳᠠᠪᠤᠷᠢ ᠪᠠᠷ ᠬᠦᠷᠦᠯᠴᠡᠬᠦ ᠦᠭᠡᠢ ᠪᠠ ᠬᠡᠭᠡᠷ᠎ᠡ ᠭᠠᠳᠠᠨ᠎ᠠ ᠣᠷᠣᠰᠢᠵᠤ ᠪᠠᠶᠢᠭ᠎ᠠ ᠳᠦᠷᠰᠦ ᠶᠢᠨ ᠰᠦᠷᠦᠭ ᠤᠨ ᠬᠡᠮᠵᠢᠶ᠎ᠡ ᠪᠠᠷ ᠲᠦᠢᠯ ᠤᠨ ᠪᠠᠭ᠎ᠠ ᠪᠠᠶᠢᠭ᠎ᠠ ᠰᠦᠷᠳᠡᠭᠦᠯᠦᠯ ᠳᠤ ᠤᠴᠠᠷᠠᠭᠰᠠᠨ ᠳᠦᠷᠰᠦ ᠶᠢ ᠪᠦᠲᠦᠮᠵᠢᠲᠡᠶ ᠪᠠᠷ ᠬᠠᠮᠠᠭᠠᠯᠠᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ᠂ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠲᠦᠷᠢᠮ ᠵᠢᠴᠢ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠢ ᠤᠯᠬᠤ ᠪᠠ ᠠᠰᠢᠭ ᠭᠥᠷᠳᠡᠬᠦ ᠶᠢ ᠬᠠᠮᠲᠤᠪᠠᠷ ᠭᠥᠷᠳᠡᠬᠦ ᠲᠦᠷᠢᠮ ᠢ ᠠᠩᠬ᠎ᠠ ᠠᠯᠬᠤᠮ ᠪᠠᠶᠢᠭᠤᠯᠤᠨ᠎ᠠ᠃    2. ᠳᠤᠮᠳᠠ ᠬᠤᠭᠤᠴᠠᠭᠠᠨ ᠤ ᠬᠠᠷᠠᠯᠲᠠ᠃ 2026 ᠣᠨ ᠪᠣᠯᠬᠤ ᠳᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠠᠯᠳᠠᠬᠤ ᠪᠠ ᠠᠯᠳᠠᠭᠳᠠᠬᠤ ᠶᠢ ᠦᠨᠳᠦᠰᠦᠨ ᠳᠡᠭᠡᠨ ᠡᠵᠡᠮᠳᠡᠬᠦ ᠪᠠᠷ ᠴᠢᠷᠮᠠᠶᠢᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠣᠷᠣᠨ ᠪᠦᠰᠡ ᠶᠢᠨ ᠡᠬᠡ ᠭᠠᠵᠠᠷ ᠤᠨ ᠪᠠᠶᠢᠴᠠᠭᠠᠯᠲᠠ ᠬᠢᠭᠡᠳ ᠦᠨᠡᠯᠡᠨ ᠵᠢᠱᠢᠯᠲᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ ᠪᠦᠲᠦᠮᠵᠢᠲᠡᠶ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ᠃ ᠪᠠᠶᠢᠷᠢᠰᠢᠯ ᠨᠢ ᠵᠦᠶ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠢᠳᠠᠮᠵᠢ ᠨᠢ ᠲᠣᠭᠲᠠᠭᠤᠨ ᠪᠠᠶᠢᠵᠤ᠂ ᠭᠤᠤᠯ ᠬᠠᠮᠠᠭᠠᠯᠠᠬᠤ ᠡᠲᠡᠭᠡᠳ ᠢ ᠪᠦᠲᠦᠮᠵᠢᠲᠡᠶ ᠬᠠᠮᠠᠭᠠᠯᠠᠨ᠎ᠠ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠢ ᠬᠢᠯᠢ ᠪᠠᠷ ᠣᠷᠣᠭᠤᠯᠵᠤ ᠭᠠᠷᠭᠠᠬᠤ ᠬᠠᠮᠢᠶᠠᠷᠤᠯᠲᠠ ᠶᠢᠨ ᠲᠦᠷᠢᠮ ᠵᠢᠴᠢ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠢ ᠤᠯᠬᠤ ᠪᠠ ᠠᠰᠢᠭ ᠲᠤᠰᠠ ᠶᠢ ᠬᠠᠮᠳᠤᠪᠠᠷ ᠡᠳ᠋ᠯᠡᠬᠦ ᠲᠦᠷᠢᠮ ᠢ  ᠲᠡᠭᠦᠯᠳᠡᠷᠵᠢᠭᠦᠯᠦᠨ᠎ᠡ᠃    3. ᠠᠯᠤᠰ ᠤᠨ ᠬᠠᠷᠠᠯᠲᠠ᠃ 2030 ᠣᠨ ᠪᠣᠯᠬᠤ ᠳᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠦᠨᠡᠨᠬᠦ ᠬᠠᠮᠠᠭᠠᠯᠠᠨ᠎ᠠ᠃ ᠡᠯ᠎ᠡ ᠲᠦᠷᠦᠯ ᠤᠨ ᠬᠠᠮᠠᠭᠠᠯᠠᠯᠲᠠ ᠶᠢᠨ ᠣᠷᠣᠨ ᠪᠦᠰᠡ ᠶᠢᠨ ᠲᠤᠭ᠎ᠠ ᠬᠡᠮᠵᠢᠶ᠎ᠡ ᠪᠠ ᠲᠠᠯᠠᠪᠠᠢ ᠶᠢ ᠵᠦᠢ ᠵᠣᠬᠢᠰᠲᠠᠶ ᠬᠢᠷᠢ ᠬᠡᠮᠵᠢᠶᠡᠨ ᠳᠤ ᠬᠦᠷᠭᠡᠵᠦ᠂ ᠠᠮᠢ ᠠᠬᠤᠶ ᠶᠢᠨ ᠰᠢᠰᠲ᠋ᠧᠮ᠂ ᠪᠣᠳᠠᠰ ᠤᠨ ᠳᠦᠷᠰᠦ ᠪᠠ ᠤᠳᠤᠮᠰᠢᠯ ᠤᠨ ᠤᠯᠠᠨ ᠶᠠᠩᠵᠤᠲᠤ ᠴᠢᠨᠠᠷ ᠢ ᠪᠦᠲᠦᠮᠵᠢᠲᠡᠶ ᠪᠠᠷ ᠬᠠᠮᠠᠭᠠᠯᠠᠨ᠎ᠠ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠪᠦᠷᠢᠨ ᠲᠡᠭᠦᠯᠳᠡᠷ ᠲᠦᠷᠦ ᠶᠢᠨ ᠪᠤᠳᠤᠯᠭ᠎ᠠ ᠬᠠᠤᠯᠢ ᠴᠠᠭᠠᠵᠠ ᠶᠢᠨ ᠰᠢᠰᠲ᠋ᠧᠮ ᠪᠠ ᠠᠮᠢᠳᠤ ᠪᠣᠳᠠᠰ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠲᠣᠭᠲᠠᠴᠠ ᠶᠢ ᠪᠤᠢ ᠪᠣᠯᠭᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠨᠢ ᠤᠯᠠᠨ ᠨᠡᠶᠢᠲᠡ ᠶᠢᠨ ᠤᠬᠠᠮᠰᠠᠷᠲᠤ ᠠᠵᠢᠯᠯᠠᠭ᠎ᠠ ᠪᠤᠯᠭᠠᠨ᠎ᠠ᠃    ︵1︶ ᠴᠢᠬᠤᠯᠠ ᠠᠮᠢ ᠠᠬᠤᠶ ᠶᠢᠨ ᠴᠢᠳᠠᠮᠵᠢᠳᠤ ᠣᠷᠣᠨ ᠳᠤ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠦᠨᠳᠦᠰᠦᠨ ᠪᠠᠶᠢᠴᠠᠭᠠᠯᠲᠠ ᠶᠢ ᠪᠡᠶᠡᠯᠡᠭᠦᠯᠦᠨ᠎ᠡ︔    ︵2︶ ᠣᠶ ᠮᠣᠳᠣᠨ ᠤ ᠪᠦᠷᠬᠦᠴᠡ ᠶᠢᠨ ᠨᠣᠷᠮ᠎ᠠ ᠶᠢ 28% ᠳᠤ ᠬᠦᠷᠦᠭᠦᠯᠵᠦ᠂ ᠬᠠᠮᠠᠭᠠᠯᠠᠯᠲᠠ ᠶᠢᠨ ᠣᠷᠣᠨ ᠤ ᠨᠣᠭᠤᠭᠠᠨ ᠬᠥᠷᠥᠰᠥ ᠶᠢᠨ ᠨᠣᠷᠮ᠎ᠠ ᠶᠢ 58.7% ᠳᠤ ᠬᠦᠷᠦᠭᠦᠯᠦᠨ᠎ᠡ︔    ︵3︶ ᠪᠠᠶᠢᠭᠠᠯᠢ ᠶᠢᠨ ᠴᠢᠭᠢᠭᠯᠢᠭ ᠭᠠᠵᠠᠷ ᠤᠨ ᠬᠠᠮᠠᠭᠠᠯᠠᠯᠲᠠ ᠶᠢᠨ ᠨᠣᠷᠮ᠎ᠠ ᠶᠢ 42% ᠠᠴᠠ ᠳᠡᠭᠡᠭᠰᠢ ᠳᠤ ᠬᠦᠷᠦᠭᠦᠯᠦᠨ᠎ᠡ︔    ︵4︶ ᠭᠤᠤᠯ ᠪᠣᠯᠬᠤ ᠭᠤᠤᠯ ᠮᠥᠷᠡᠨ ᠤ ᠤᠰᠤᠨ ᠤ ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠪᠥᠬᠦ ᠬᠤᠲᠠ ᠶᠢᠨ ᠤᠯᠤᠰ ᠪᠠ ᠮᠤᠵᠢ ᠶᠢᠨ ᠬᠢᠨᠠᠨ ᠰᠢᠯᠭᠠᠬᠤ ᠣᠭᠲᠣᠯᠤᠭᠠᠰᠤ ᠶᠢᠨ ᠤᠰᠤᠨ ᠤ ᠴᠢᠨᠠᠷ ᠢ ᠬᠢᠨᠠᠨ ᠰᠢᠯᠭᠠᠬᠤ ᠱᠠᠭᠠᠷᠳᠠᠯᠭ᠎ᠠ ᠳᠤ ᠬᠦᠷᠦᠭᠦᠯᠦᠨ᠎ᠡ︔    ︵5︶ 80% ᠠᠴᠠ ᠳᠡᠭᠡᠭᠰᠢᠬᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠢ ᠪᠦᠲᠦᠮᠵᠢᠲᠡᠶ ᠬᠠᠮᠠᠭᠠᠯᠠᠵᠤ᠂ ᠠᠮᠢ ᠠᠬᠤᠶ ᠶᠢᠨ ᠤᠯᠠᠭᠠᠨ ᠱᠤᠭᠤᠮ ᠤᠨ ᠣᠷᠣᠨ ᠤ ᠳᠣᠲᠣᠷᠠᠬᠢ ᠨᠡᠶᠢᠲᠡᠯᠢᠭ ᠠᠮᠢ ᠠᠬᠤᠶ ᠶᠢᠨ ᠰᠢᠰᠲ᠋ᠧᠮ ᠢ ᠪᠦᠲᠦᠮᠵᠢᠲᠡᠶ ᠬᠠᠮᠠᠭᠠᠯᠠᠨ᠎ᠠ︔    ︵6︶ ᠡᠯ᠎ᠡ ᠱᠠᠲᠤᠨ ᠤ ᠵᠠᠰᠠᠭ ᠤᠨ ᠣᠷᠳᠣᠨ ᠤ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠣᠷᠣᠭᠤᠯᠤᠯᠲᠠ ᠶᠢ ᠠᠵᠤ ᠠᠬᠤᠶ ᠶᠢᠨ ᠨᠡᠮᠡᠭᠳᠡᠯ ᠲᠠᠢ ᠠᠳᠠᠯᠢ ᠲᠦᠪᠰᠢᠨ ᠳᠤ ᠪᠠᠶᠢᠯᠭᠠᠨ᠎ᠠ︔    ︵7︶ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠠᠮᠢᠳᠤ ᠪᠣᠳᠠᠰ ᠤᠨ ᠳᠦᠷᠰᠦ ᠶᠢᠨ ᠡᠬᠢ ᠪᠠᠶᠠᠯᠢᠭ ᠢ ᠬᠢᠯᠢ ᠪᠠᠷ ᠣᠷᠣᠭᠤᠯᠵᠤ ᠭᠠᠷᠭᠠᠬᠤ ᠬᠠᠮᠢᠶᠠᠷᠤᠯᠲᠠ ᠶᠢᠨ ᠲᠦᠷᠢᠮ ᠵᠢᠴᠢ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠢ ᠤᠯᠬᠤ ᠪᠠ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠦᠷᠢᠮ ᠢ ᠠᠩᠬ᠎ᠠ ᠠᠯᠬᠤᠮ ᠪᠠᠶᠢᠭᠤᠯᠤᠨ᠎ᠠ︔    ︵8︶ ︽ᠥᠪᠥᠷ ᠮᠣᠩᠭᠤᠯ ᠤᠨ ᠹᠧᠩᠵᠧᠨ ᠬᠤᠲᠠ ᠶᠢᠨ ᠬᠤᠩᠱᠠᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠠᠶᠢᠮᠠᠭ ᠬᠤᠲᠠ ᠶᠢᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ︾ ᠢ ᠬᠤᠪᠢᠷᠠᠭᠤᠯᠤᠨ ᠲᠠᠰ ᠳᠡᠪᠰᠢᠭᠦᠯᠦᠭᠡᠳ ︽ᠥᠪᠥᠷ ᠮᠣᠩᠭᠤᠯ ᠤᠨ ᠹᠧᠩᠵᠧᠨ ᠬᠤᠲᠠ ᠶᠢᠨ ᠬᠤᠩᠱᠠᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠴᠡᠴᠡᠷᠯᠢᠭ︾ ᠪᠣᠯᠭᠠᠨ᠎ᠠ᠃      ᠲᠠᠪᠤᠳᠤᠭᠠᠷ ᠪᠦᠯᠦᠭ  ᠭᠤᠣᠯ ᠡᠭᠦᠷᠭᠡ ᠪᠠ ᠭᠤᠣᠯᠳᠠᠯᠭ᠎ᠠ ᠲᠠᠢ ᠪᠠᠷᠢᠯᠭ᠎ᠠ      ︵ᠨᠢᠭᠡ︶ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃      1. ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠶᠢ ᠪᠡᠶᠡᠯᠡᠭᠦᠯᠦᠨ᠎ᠡ᠃ ᠤᠯᠤᠰ ᠤᠨ ᠱᠠᠭᠠᠷᠳᠠᠯᠭ᠎ᠠ ᠶᠢ ᠦᠨᠳᠦᠰᠦᠯᠡᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠵᠢᠴᠢ ᠳᠡᠭᠡᠭᠰᠢ ᠮᠡᠳᠡᠭᠦᠯᠬᠦ᠂ ᠰᠢᠯᠵᠢᠭᠦᠯᠦᠨ ᠣᠷᠣᠭᠤᠯᠵᠤ ᠰᠢᠯᠵᠢᠭᠦᠯᠦᠨ ᠭᠠᠷᠭᠠᠬᠤ᠂ ᠵᠥᠷᠢᠴᠡᠯ ᠢ ᠰᠢᠢᠳᠪᠦᠷᠢᠯᠡᠬᠦ ᠵᠢᠴᠢ ᠪᠠᠶᠢᠭᠠᠯᠢ ᠶᠢᠨ ᠠᠮᠢ ᠠᠬᠤᠶ᠂ ᠨᠡᠶᠢᠭᠡᠮ ᠤᠨ ᠠᠵᠤ ᠠᠬᠤᠶ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠡᠷᠭᠡ ᠣᠯᠠᠨ ᠲᠠᠯ᠎ᠠ ᠶᠢᠨ ᠨᠥᠯᠥᠭᠡ ᠶᠢ ᠦᠨᠡᠯᠡᠨ ᠵᠢᠱᠢᠵᠦ ᠵᠠᠳᠠᠯᠤᠯᠲᠠ ᠬᠢᠬᠦ ᠪᠠ ᠭᠦᠢᠴᠡᠳ ᠨᠤᠲᠠᠯᠠᠯᠲᠠ ᠬᠢᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠣᠬᠢᠷᠠᠭᠤᠯᠤᠯᠲᠠ ᠶᠢᠨ ᠦᠷ᠎ᠡ ᠪᠦᠲᠦᠭᠡᠯ ᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠯᠤᠭ᠎ᠠ ᠭᠦᠢᠴᠡᠳ ᠵᠣᠯᠭᠠᠭᠤᠯᠵᠤ᠂ ᠰᠢᠨ᠎ᠡ ᠪᠠᠷ ᠪᠠᠶᠢᠭᠤᠯᠤᠭᠰᠠᠨ ᠪᠠ ᠥᠷᠭᠡᠳᠬᠡᠭᠰᠡᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠰᠢᠨ᠎ᠡ ᠪᠠᠷ ᠨᠡᠮᠡᠭᠳᠡᠭᠦᠯᠬᠦ ᠥᠬᠡᠶ ᠵᠡᠷᠭᠡ ᠵᠥᠷᠢᠴᠡᠯ ᠮᠥᠷᠭᠦᠯᠳᠦᠭᠡᠨ ᠲᠠᠢ ᠣᠷᠣᠨ ᠪᠦᠰᠡ ᠶᠢ ᠰᠢᠨ᠎ᠡ ᠪᠠᠷ ᠪᠠᠶᠢᠭᠤᠯᠬᠤ ᠪᠠ ᠦᠷᠭᠡᠳᠭᠡᠨ᠎ᠡ᠃      2. ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠲᠥᠰᠦᠯ ᠲᠠᠢ ᠤᠶᠠᠯᠳᠤᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠠᠬᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠥᠭᠵᠢᠯᠲᠡ ᠶᠢᠨ ᠬᠠᠷᠠᠯᠲᠠ᠂ ᠬᠦᠷᠢᠶ᠎ᠡ ᠬᠡᠪᠴᠢᠶ᠎ᠡ ᠶᠢᠨ ᠵᠠᠭᠠᠭ ᠬᠢᠵᠠᠭᠠᠷ ᠵᠢᠴᠢ ᠴᠢᠳᠠᠮᠵᠢ ᠶᠢᠨ ᠣᠷᠣᠨ ᠬᠤᠪᠢᠶᠠᠷᠢᠯᠠᠯ ᠢ ᠲᠣᠳᠣᠷᠬᠠᠶᠢᠯᠠᠨ᠎ᠠ᠃      3. ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠬᠠᠶᠢᠵᠤ ᠪᠠᠷᠢᠮᠵᠢᠶ᠎ᠠ ᠲᠣᠭᠲᠠᠭᠠᠬᠤ ᠶᠢ ᠠᠬᠢᠭᠤᠯᠤᠨ᠎ᠠ᠃ ᠤᠤᠯ ᠤᠨ ᠪᠠᠶᠢᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠣᠨ ᠲᠤᠭ᠎ᠠ ᠶᠢᠨ ᠵᠠᠭᠠᠭ ᠤᠨ ᠮᠡᠳᠡᠭᠦᠯᠦᠯᠲᠡ ᠳᠤ᠂ ᠦᠷ᠎ᠡ ᠪᠦᠲᠦᠭᠡᠯ ᠤᠨ ᠪᠠᠶᠢᠴᠠᠭᠠᠯᠲᠠ᠂ ᠨᠤᠲᠠᠯᠠᠯᠲᠠ ᠪᠠ ᠢᠯᠡ ᠨᠡᠶᠢᠲᠡᠯᠡᠵᠦ᠂ ᠬᠠᠮᠢᠶ᠎ᠠ ᠪᠥᠬᠦᠶ ᠲᠠᠯ᠎ᠠ ᠶᠢᠨ ᠬᠢᠨ ᠤ ᠵᠥᠪᠰᠢᠶᠡᠷᠡᠭᠰᠡᠨ᠂ ᠵᠠᠭᠠᠭ ᠬᠢᠵᠠᠭᠠᠷ ᠨᠢ ᠲᠣᠳᠣᠷᠬᠠᠶ᠂ ᠲᠠᠯᠠᠪᠠᠶ ᠨᠢ ᠣᠨᠣᠪᠴᠢᠲᠠᠶ᠂ ᠢᠯᠭᠠᠬᠤ ᠲᠡᠮᠳᠡᠭ ᠨᠢ ᠲᠣᠳᠣᠷᠬᠠᠶ᠂ ᠭᠠᠷᠳᠠᠮ ᠨᠢ ᠬᠠᠤᠯᠢ ᠳᠤ ᠨᠡᠶᠢᠴᠡᠭᠰᠡᠨ ᠪᠣᠳᠠᠰ ᠤᠨ ᠵᠠᠭᠠᠭᠯᠠᠭᠰᠠᠨ ᠲᠡᠮᠳᠡᠭ ᠤᠨ ᠦᠷ᠎ᠡ ᠪᠦᠲᠦᠭᠡᠯ ᠢ ᠪᠣᠶ ᠪᠣᠯᠭᠠᠵᠤ᠂ ᠪᠠᠷᠢᠮᠵᠢᠶ᠎ᠠ ᠶᠢ ᠲᠣᠭᠲᠠᠭᠠᠬᠤ ᠪᠠ ᠲᠤᠭ᠎ᠠ ᠪᠠᠷᠢᠮᠲᠠ ᠶᠢ ᠬᠥᠮᠥᠷᠭᠡ ᠳᠤ ᠣᠷᠣᠭᠤᠯᠬᠤ ᠶᠢ ᠪᠡᠶᠡᠯᠡᠬᠦᠯᠦᠨ᠂ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠳᠤ ᠦᠨᠳᠦᠰᠦ ᠪᠠᠷᠢᠮᠲᠠ ᠲᠠᠢ ᠪᠠᠶᠢᠬᠤ ᠶᠢ ᠦᠨᠡᠨᠬᠦ ᠪᠠᠳᠤᠯᠠᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠯᠢ ᠶᠢᠨ ᠵᠠᠭᠠᠭ ᠤᠨ ᠬᠦᠷᠢᠶ᠎ᠡ ᠬᠡᠪᠴᠢᠶ᠎ᠡ ᠪᠠ ᠡᠯ᠎ᠡ ᠴᠢᠳᠠᠮᠵᠢᠳᠣ ᠣᠷᠣᠨ ᠤ ᠵᠠᠭᠠᠭ ᠱᠤᠭᠤᠮ ᠢ ᠵᠣᠬᠢᠶᠠᠨ ᠪᠠᠶᠢᠭᠤᠯᠤᠨ ᠬᠠᠶᠢᠨ ᠲᠣᠭᠲᠠᠭᠠᠵᠤ᠂ ᠪᠠᠷᠢᠮᠵᠢᠶᠠᠵᠢᠭᠤᠯᠤᠭᠰᠠᠨ ᠬᠢᠯᠢ ᠶᠢᠨ ᠬᠥᠰᠢᠶ᠎ᠡ᠂ ᠬᠢᠯᠢ ᠶᠢᠨ ᠱᠣᠩ᠂ ᠤᠬᠠᠭᠤᠯᠭ᠎ᠠ ᠶᠢᠨ ᠫᠠᠶᠢᠰᠠ᠂ ᠰᠡᠷᠡᠮᠵᠢ ᠶᠢᠨ ᠫᠠᠶᠢᠰᠠ ᠵᠡᠷᠭᠡ ᠢᠯᠭᠠᠬᠤ ᠲᠡᠮᠳᠡᠭ ᠤᠨ ᠰᠢᠰᠲ᠋ᠧᠮ ᠢ ᠪᠠᠶᠢᠷᠢᠯᠠᠭᠤᠯᠤᠨ᠎ᠠ᠃     4. ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠶᠢ ᠠᠬᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠪᠡᠶ᠎ᠡ ᠪᠠᠨ ᠳᠠᠭᠠᠭᠠᠭᠰᠠᠨ ᠳᠠᠩᠰᠠᠯᠠᠬᠤ ᠨᠢᠭᠡᠴᠡ ᠪᠣᠯᠤᠭᠰᠠᠨ ᠤ ᠬᠤᠪᠢ ᠳᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠠᠬᠢ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠭᠤᠤᠯ ᠴᠣᠭᠴᠠ ᠶᠢ ᠲᠣᠳᠣᠷᠬᠠᠶ ᠵᠠᠭᠠᠭᠯᠠᠨ ᠲᠣᠭᠲᠠᠭᠠᠵᠤ᠂ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠬᠡᠷᠡᠭᠯᠡᠬᠦ ᠡᠷᠬᠡ ᠶᠢᠨ ᠵᠠᠭᠠᠭ ᠬᠢᠵᠠᠭᠠᠷ ᠢ ᠢᠯᠭᠠᠨ ᠲᠣᠳᠣᠷᠬᠠᠶᠢᠯᠠᠬᠤ ᠶᠢᠨ ᠬᠠᠮᠲᠤ᠂ ᠬᠢᠯᠢ ᠶᠢᠨ ᠵᠠᠭᠠᠭ ᠤᠨ ᠡᠯ᠎ᠡ ᠲᠠᠯ᠎ᠠ ᠶᠢᠨ ᠬᠢᠨ ᠲᠠᠢ ᠵᠥᠪᠰᠢᠶᠡᠷᠡᠯ ᠤᠨ ᠵᠥᠪᠯᠡᠯᠴᠡᠭᠡᠷ ᠲᠣᠭᠲᠠᠵᠤ᠂ ᠤᠯᠤᠰ ᠤᠨ ᠨᠢᠭᠡᠳᠦᠯᠲᠡᠶ ᠳᠠᠷᠤᠮᠠᠯᠯᠠᠨ ᠵᠣᠬᠢᠶᠠᠭᠰᠠᠨ ᠪᠠᠶᠢᠭᠠᠯᠢ ᠶᠢᠨ ᠡᠬᠢ ᠪᠠᠶᠠᠯᠢᠭ ᠲᠤ ᠳᠠᠩᠰᠠᠯᠠᠨ᠎ᠠ᠃     5. ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠳᠡᠭᠡᠭᠰᠢᠯᠡᠭᠦᠯᠬᠦ ᠢᠨᠵᠧᠨᠧᠷᠢᠩ ᠢ ᠠᠬᠢᠭᠤᠯᠤᠨ᠎ᠠ᠃ ᠬᠤᠩᠱᠠᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷᠲᠠᠶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠤᠩᠱᠠᠨ ᠤ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠴᠡᠴᠡᠷᠯᠢᠭ ᠪᠣᠯᠭᠠᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠬᠤᠩᠱᠠᠨ ᠤ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠴᠡᠴᠡᠷᠯᠢᠭ ᠤᠨ ᠳᠦᠷᠰᠦ ᠵᠢᠴᠢ ᠨᠡᠶᠢᠲᠡᠯᠢᠭ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢ ᠴᠢᠩᠭᠠᠳᠬᠠᠨ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠥᠷᠨᠢᠭᠦᠯᠵᠦ᠂ ᠭᠤᠤᠯ ᠬᠠᠮᠠᠭᠠᠯᠠᠬᠤ ᠡᠲᠡᠭᠡᠳ ᠤᠨ ᠠᠮᠢᠳᠤᠷᠠᠯ ᠤᠨ ᠣᠷᠴᠢᠨ ︵ᠣᠷᠣᠰᠢᠨ ᠠᠮᠢᠳᠤᠷᠠᠬᠤ ᠭᠠᠵᠠᠷ︶ ᠢ 2 ᠲᠦᠮᠡᠨ ᠮᠥ ᠬᠠᠮᠠᠭᠠᠯᠠᠨ ᠰᠡᠷᠭᠦᠭᠡᠬᠦ ᠶᠢ ᠬᠡᠷᠡᠭᠵᠢᠭᠦᠯᠦᠨ᠎ᠡ᠃ ᠬᠤᠩᠱᠠᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠴᠡᠴᠡᠷᠯᠢᠭ ᠤᠨ ᠶᠡᠷᠦᠩᠬᠡᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠶ ᠰᠢᠭᠤᠶ ᠶᠢᠨ ᠴᠡᠴᠡᠷᠯᠢᠭ ᠤᠨ ᠬᠠᠮᠠᠭᠠᠯᠠᠯᠲᠠ᠂ ᠰᠢᠨᠵᠢᠯᠡᠬᠦ ᠤᠬᠠᠭᠠᠨ ᠤ ᠰᠤᠳᠤᠯᠤᠯ ᠰᠤᠷᠭᠠᠨ ᠬᠥᠮᠦᠵᠢᠯ᠂ ᠵᠤᠭᠠᠴᠠᠨ ᠠᠮᠠᠷᠠᠬᠤ ᠵᠡᠷᠭᠡ ᠶᠡᠷᠦᠩᠬᠡᠶᠢᠯᠡᠭᠰᠡᠨ ᠴᠢᠳᠠᠮᠵᠢ ᠶᠢ ᠶᠡᠬᠡᠪᠡᠷ ᠳᠡᠭᠡᠭᠰᠢᠯᠡᠭᠦᠯᠵᠦ᠂ ᠬᠠᠮᠢᠶᠠᠷᠴᠤ ᠬᠠᠮᠠᠭᠠᠯᠠᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ︔ ᠣᠶ ᠰᠢᠭᠤᠶ ᠶᠢᠨ ᠴᠡᠴᠡᠷᠯᠢᠭ ᠤᠨ ᠨᠡᠶᠢᠭᠡᠮ ᠲᠣᠭᠤᠷᠢᠭ ᠤᠨ ᠬᠠᠮᠳᠤᠪᠠᠷ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠴᠡᠴᠡᠷᠯᠢᠭ ᠤᠨ ᠤᠨᠴᠠᠯᠢᠬᠳᠤ ᠰᠢᠶᠠᠩ ᠪᠠᠯᠭᠠᠰᠤ ᠪᠠ ᠭᠠᠴᠠᠭᠠᠨ ᠤ ᠠᠷᠠᠳ ᠤᠨ ᠵᠥᠪᠯᠡᠯ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠦᠨ᠂ ᠭᠠᠴᠠᠭᠠᠨ ᠤ ᠠᠷᠠᠳ ᠤᠨ ᠵᠥᠪᠯᠡᠯ ᠢ ᠬᠥᠲᠥᠯᠦᠨ ᠵᠢᠯᠣᠭᠤᠳᠴᠤ ᠪᠠᠶᠢᠭᠠᠳ ᠣᠶ ᠰᠢᠭᠤᠶ ᠶᠢᠨ ᠴᠡᠴᠡᠷᠯᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠣᠯᠴᠠᠭᠤᠯᠵᠤ᠂ ᠣᠨᠴᠠ ᠵᠥᠪᠰᠢᠶᠡᠷᠡᠯ ᠲᠠᠢ ᠡᠵᠡᠩᠨᠡᠯᠲᠡ ᠶᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠭᠲᠠᠴᠠ ᠶᠢ ᠪᠦᠬᠦ ᠲᠠᠯ᠎ᠠ ᠪᠠᠷ ᠰᠢᠯᠤᠭᠤᠳᠬᠠᠨ᠂ ᠲᠦᠷᠢᠮ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠦᠷᠬᠦᠴᠡ ᠶᠢᠨ ᠨᠤᠷᠮ᠎ᠠ ᠶᠢ ᠲᠡᠭᠡᠭᠰᠢᠯᠡᠬᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠣᠷᠣᠨ ᠪᠦᠰᠡ ᠠᠯᠤᠰᠯᠠᠨ ᠬᠠᠮᠲᠤᠷᠠᠨ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ᠂ ᠣᠨᠴᠠ ᠵᠥᠪᠰᠢᠶᠡᠷᠡᠯ ᠢᠶᠠᠷ ᠡᠵᠡᠩᠨᠡᠬᠦ᠂ ᠬᠢᠨᠠᠨ ᠬᠡᠮᠵᠢᠵᠦ ᠬᠢᠨᠠᠨ ᠬᠠᠮᠢᠶᠠᠷᠬᠤ᠂ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠰᠦᠪᠡᠭᠴᠢᠯᠡᠨ᠎ᠡ᠃    ︵ᠬᠤᠶᠠᠷ︶ ᠡᠬᠢ ᠪᠠᠶᠠᠯᠢᠭ ᠤᠨ ᠬᠠᠮᠠᠭᠠᠯᠠᠯᠲᠠ ᠶᠢ ᠪᠠᠬᠢᠵᠢᠭᠦᠯᠦᠨ᠎ᠡ᠃    ᠡᠬᠢ ᠪᠠᠶᠠᠯᠢᠭ ᠢ ᠬᠠᠮᠠᠭᠠᠯᠠᠵᠤ ᠰᠡᠷᠭᠦᠭᠡᠬᠦ ᠠᠵᠢᠯ ᠢ ᠴᠢᠩᠭᠠᠳᠬᠠᠨ᠎ᠠ᠃ ᠬᠤᠬᠢᠷᠠᠯ ᠳᠤ ᠤᠴᠠᠷᠠᠭᠰᠠᠨ ᠠᠮᠢ ᠠᠬᠤᠶ ᠶᠢᠨ ᠰᠢᠰᠲ᠋ᠧᠮ᠂ ᠪᠠᠶᠢᠭᠠᠯᠢ ᠶᠢᠨ ᠦᠵᠡᠮᠵᠢ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠠ ᠲᠡᠦᠬᠡ ᠬᠥᠮᠦᠨ ᠰᠣᠶᠣᠯ ᠤᠨ ᠦᠯᠡᠳᠡᠭᠳᠡᠯ ᠢ ᠬᠠᠮᠠᠭᠠᠯᠠᠨ ᠰᠡᠷᠭᠦᠭᠡᠬᠦ ᠶᠢ ᠲᠦᠯᠬᠢᠨ ᠠᠬᠢᠭᠤᠯᠵᠤ᠂ ᠬᠤᠪᠣᠷ ᠴᠤᠬᠠᠭ ᠠᠮᠢᠳᠤ ᠪᠣᠳᠠᠰ ᠤᠨ ᠲᠦᠷᠦᠯ ᠢ ᠠᠪᠤᠷᠠᠬᠤ ᠴᠢᠨᠠᠷᠲᠠᠶ ᠬᠠᠮᠠᠭᠠᠯᠠᠬᠤ ᠠᠵᠢᠯᠯᠠᠭ᠎ᠠ ᠶᠢ  ᠦᠷᠨᠢᠬᠦᠯᠦᠨ᠂ ᠬᠤᠪᠣᠷ ᠴᠤᠬᠠᠭ ᠠᠮᠢᠳᠤ ᠪᠣᠳᠠᠰ ᠤᠨ ᠲᠦᠷᠦᠯ ᠤᠨ ᠡᠬᠢ ᠪᠠᠶᠠᠯᠢᠭ ᠢ ᠬᠠᠮᠠᠭᠠᠯᠠᠨ ᠪᠤᠶᠢᠵᠢᠭᠤᠯᠬᠤ᠂ ᠳᠦᠷᠰᠦ ᠶᠢᠨ ᠰᠦᠷᠦᠭ ᠢ ᠰᠡᠷᠭᠦᠭᠡᠬᠦ ᠪᠠ ᠬᠡᠭᠡᠷ᠎ᠡ ᠶᠢᠨ ᠪᠣᠯᠭᠠᠬᠤ ᠵᠢᠴᠢ ᠭᠤᠣᠯᠳᠠᠯᠭ᠎ᠠ ᠲᠠᠢ ᠬᠤᠪᠣᠷ ᠴᠤᠬᠠᠭ ᠠᠮᠢᠳᠤ ᠪᠣᠳᠠᠰ ᠤᠨ ᠲᠦᠷᠦᠯ ᠤᠨ ᠣᠷᠣᠰᠢᠨ ᠠᠮᠢᠳᠤᠷᠠᠬᠤ ᠭᠠᠵᠠᠷ ᠢ ᠬᠠᠮᠠᠭᠠᠯᠠᠬᠤ ᠢᠨᠵᠧᠨᠧᠷᠢᠩ ᠢ ᠲᠦᠯᠬᠢᠨ ᠠᠬᠢᠭᠤᠯᠤᠨ᠎ᠠ᠃    1. ᠡᠪᠳᠡᠭᠳᠡᠭᠰᠡᠨ ᠠᠮᠢ ᠠᠬᠤᠶ ᠶᠢᠨ ᠰᠢᠰᠲ᠋ᠧᠮ ᠢ ᠰᠡᠷᠭᠦᠭᠡᠨ᠎ᠡ᠃ ᠡᠪᠳᠡᠭᠳᠡᠭᠰᠡᠨ ᠠᠮᠢ ᠠᠬᠤᠶ ᠶᠢᠨ ᠰᠢᠰᠲ᠋ᠧᠮ ᠢ ᠰᠡᠷᠭᠦᠭᠡᠬᠦ 3 — 5 ᠢᠨᠵᠧᠨᠧᠷᠢᠩ ᠢ ᠬᠡᠷᠡᠭᠵᠢᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠤᠯ ᠬᠠᠮᠠᠭᠠᠯᠠᠯᠲᠠ ᠶᠢᠨ ᠣᠷᠣᠨ ᠤ ᠳᠣᠲᠣᠷᠠᠬᠢ ᠦᠨᠳᠦᠰᠦᠨ ᠪᠤᠰᠤ ᠲᠠᠷᠢᠶᠠᠨ ᠭᠠᠵᠠᠷ ᠲᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ︵ᠡᠪᠡᠰᠦ︶ ᠶᠢᠨ ᠢᠨᠵᠧᠨᠧᠷᠢᠩ ᠢ ᠠᠯᠬᠤᠮ ᠠᠯᠬᠤᠮ ᠢᠶᠠᠷ  ᠬᠡᠷᠡᠭᠵᠢᠬᠦᠯᠦᠨ᠂ ᠬᠠᠶᠠᠭᠳᠠᠮᠠᠯ ᠦᠢᠯᠡᠳᠪᠦᠷᠢ ᠠᠭᠤᠷᠬᠠᠶ ᠳᠤ ᠬᠡᠷᠡᠭᠯᠡᠬᠦ ᠭᠠᠵᠠᠷ ᠲᠤ ᠠᠮᠢ ᠠᠬᠤᠶ ᠶᠢ ᠰᠡᠷᠭᠦᠭᠡᠬᠦ ᠠᠵᠢᠯ ᠢ ᠥᠷᠨᠢᠭᠦᠯᠵᠦ᠂ ᠭᠠᠵᠠᠷ ᠰᠢᠷᠣᠶ ᠶᠢ ᠲᠡᠭᠰᠢᠯᠡᠬᠦ᠂ ᠬᠥᠲᠥᠯ ᠢ ᠪᠠᠬᠢᠯᠡᠨ ᠰᠢᠷᠣᠶ ᠪᠥᠭᠯᠡᠬᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ ᠡᠪᠳᠡᠭᠳᠡᠭᠰᠡᠨ ᠠᠭᠤᠯᠠ ᠶᠢ ᠪᠠᠶᠢᠭᠠᠯᠢ ᠶᠢᠨ ᠪᠠᠶᠢᠳᠠᠯ ᠳᠤᠨᠢ ᠪᠤᠴᠠᠭᠠᠵᠤ᠂ ᠴᠢᠬᠤᠯᠠ ᠠᠮᠢᠳᠤ ᠪᠣᠳᠠᠰ ᠤᠨ ᠲᠥᠷᠥᠯ ᠤᠨ ᠣᠷᠣᠰᠢᠨ ᠠᠮᠢᠳᠤᠷᠠᠬᠤ ᠲᠣᠬᠢᠷᠠᠮᠵᠢᠲᠠᠶ ᠭᠠᠵᠠᠷ ᠤᠨ ᠲᠠᠯᠠᠪᠠᠶ ᠶᠢ ᠥᠷᠭᠡᠳᠬᠡᠨ᠎ᠡ᠃ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢᠨ ᠴᠢᠳᠠᠮᠵᠢᠳᠣ ᠣᠷᠣᠨ ᠤ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠢ ᠰᠡᠷᠭᠦᠭᠡᠬᠦ᠂ ᠭᠤᠤᠯ ᠮᠥᠷᠡᠨ ᠤ ᠨᠤᠭᠤ ᠭᠠᠵᠠᠷ ᠤᠨ ᠠᠮᠢ ᠠᠬᠤᠶ ᠶᠢᠨ ᠰᠢᠰᠲ᠋ᠧᠮ ᠢ ᠰᠡᠷᠭᠦᠭᠡᠬᠦ᠂ ᠪᠠᠶᠢᠭᠠᠯᠢ ᠶᠢᠨ ᠬᠤᠰᠤᠨ ᠣᠶ᠂ ᠪᠤᠲᠠ ᠮᠣᠳᠣᠨ ᠤ ᠣᠶ ᠶᠢᠨ ᠪᠠᠶᠢᠭᠠᠯᠢ ᠶᠢᠨ ᠨᠤᠲᠤᠭ ᠪᠡᠯᠴᠢᠭᠡᠷ ᠢ ᠰᠡᠷᠭᠦᠭᠡᠬᠦ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠠᠬᠢᠭᠤᠯᠤᠨ᠎ᠠ᠃    2. ᠪᠠᠶᠢᠭᠠᠯᠢ ᠶᠢᠨ ᠦᠵᠡᠮᠵᠢ ᠶᠢ ᠵᠠᠰᠠᠨ ᠰᠡᠷᠭᠦᠭᠡᠨ᠎ᠡ᠃ ᠬᠠᠮᠠᠭᠠᠯᠠᠯᠲᠠ ᠶᠢᠨ ᠣᠷᠣᠨ ᠤ ᠦᠵᠡᠮᠵᠢ ᠶᠢ ᠵᠠᠰᠠᠨ ᠰᠡᠷᠭᠦᠭᠡᠬᠦ ᠠᠵᠢᠯ ᠢ ᠡᠩ ᠲᠡᠷᠢᠭᠦᠨ ᠳᠤ ᠥᠷᠨᠢᠭᠦᠯᠵᠦ᠂ ᠵᠢᠯ ᠪᠦᠷᠢ 0.3 ᠲᠦᠮᠡᠨ ᠮᠥ ᠣᠶ ᠰᠢᠭᠤᠶ ᠶᠢ ᠠᠷᠠᠴᠢᠯᠠᠨ ᠪᠤᠶᠢᠵᠢᠭᠤᠯᠬᠤ ᠪᠠ ᠣᠶ ᠮᠣᠳᠣ ᠶᠢ ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠦᠨ᠎ᠡ᠃    3. ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠨ᠎ᠠ᠃ ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠶᠢᠨ ᠡᠪᠡᠳᠴᠢᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠡᠪᠡᠳᠴᠢᠨ ᠢᠶᠠᠷ ᠥᠭᠦᠭᠰᠡᠨ ᠨᠠᠷᠠᠰᠤᠨ ᠮᠣᠳᠣ ᠶᠢ ᠴᠠᠭ ᠲᠤᠬᠠᠶ ᠳᠤᠨᠢ᠂ ᠪᠥᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠤᠤᠯ ᠤᠨ ᠬᠥᠮᠦᠨ ᠤ ᠬᠦᠴᠦ ᠪᠠᠷ ᠨᠠᠪᠴᠢ ᠵᠤᠯᠭᠠᠷᠠᠬᠤ ᠮᠣᠳᠣᠨ ᠤ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠢ ᠵᠠᠰᠠᠬᠤ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠥᠷᠨᠢᠭᠦᠯᠦᠨ᠎ᠡ᠃    4. ᠦᠯᠡᠳᠡᠭᠳᠡᠯ ᠠᠰᠠᠭᠤᠳᠠᠯ ᠢ ᠡᠮᠬᠢ ᠵᠢᠷᠤᠮ ᠲᠠᠢ ᠪᠠᠷ ᠰᠢᠢᠳᠪᠦᠷᠢᠯᠡᠨ᠎ᠡ᠃ ᠠᠭᠤᠷᠬᠠᠶ ᠬᠠᠶᠢᠬᠤ ᠠᠭᠤᠷᠬᠠᠶ ᠮᠠᠯᠲᠠᠬᠤ᠂ ᠵᠢᠵᠢᠭ ᠤᠰᠤᠨ ᠴᠠᠬᠢᠯᠭᠠᠨ ᠤ ᠨᠡᠭᠡᠭᠡᠨ ᠬᠥᠭᠵᠢᠭᠦᠯᠦᠯᠲᠡ᠂ ᠠᠵᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠲᠠ᠂ ᠲᠣᠭᠲᠠᠭᠠᠯ ᠠᠴᠠ ᠵᠥᠷᠢᠴᠡᠨ ᠵᠤᠰᠠᠯᠠᠩ ᠪᠠᠶᠢᠭᠤᠯᠬᠤ ᠵᠡᠷᠭᠡ ᠵᠦᠢᠯᠡᠰ ᠢ ᠬᠠᠤᠯᠢ ᠶᠣᠰᠣᠭᠠᠷ ᠢᠯᠭᠠᠷᠠᠭᠤᠯᠤᠨ ᠴᠡᠭᠴᠡᠯᠡᠨ᠎ᠡ︔ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠠᠮᠲᠤ ᠶᠢᠨ ᠬᠢᠮᠡᠯ ᠲᠠᠸᠠᠷ ᠤᠨ ᠤᠢ᠂ ᠠᠭᠤᠷᠬᠠᠶ ᠶᠢᠨ ᠦᠢᠯᠡᠰ ᠤᠨ ᠡᠷᠬᠡ᠂ ᠠᠶᠢᠯ ᠲᠣᠰᠬᠤᠨ ᠵᠡᠷᠭᠡ ᠶᠢᠨ ᠵᠥᠷᠢᠴᠡᠯ ᠮᠥᠷᠭᠦᠯᠳᠦᠭᠡᠨ ᠤ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃    ︵ᠭᠤᠷᠪᠠ︶ ᠰᠠᠭᠤᠷᠢ ᠪᠡᠯᠡᠳᠬᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠴᠤ ᠬᠠᠮᠠᠭᠠᠯᠠᠬᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠶᠤᠨᠴᠢ ᠬᠠᠮᠠᠭᠠᠯᠠᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠤᠨ ᠣᠷᠴᠢᠨ ᠨᠥᠬᠦᠴᠡᠯ ᠢ ᠰᠠᠶᠢᠵᠢᠷᠠᠭᠤᠯᠤᠨ᠂ ᠬᠠᠮᠠᠭᠠᠯᠠᠵᠤ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠴᠢᠩᠭᠠᠳᠬᠠᠵᠤ᠂ ᠣᠶ ᠰᠢᠭᠤᠶ ᠶᠢᠨ ᠭᠠᠯ ᠰᠡᠷᠭᠡᠶᠢᠯᠡᠬᠦ ᠰᠢᠰᠲ᠋ᠧᠮᠵᠢ ᠶᠢ ᠪᠠᠶᠢᠭᠤᠯᠤᠨ᠂ ᠭᠠᠵᠠᠷ ᠤᠨ ᠭᠠᠶ ᠭᠠᠮᠰᠢᠭ ᠤᠨ ᠳᠠᠯᠳᠠ ᠬᠡᠮ ᠤᠨ ᠴᠡᠭ᠂ ᠲᠦᠭᠰᠢᠭᠦᠷᠢ ᠶᠢ ᠰᠡᠷᠭᠡᠶᠢᠯᠡᠬᠦ ᠣᠷᠣᠨ ᠵᠢᠴᠢ ᠪᠤᠰᠤᠳ ᠭᠠᠵᠠᠷ ᠤᠨ ᠭᠠᠶ ᠭᠠᠮᠰᠢᠭ ᠡᠭᠦᠰᠴᠦ ᠮᠡᠳᠡᠬᠦ ᠭᠠᠵᠠᠷ ᠤᠨ ᠬᠡᠰᠡᠭ ᠲᠤ ᠰᠡᠷᠡᠮᠵᠢ ᠶᠢᠨ ᠲᠡᠮᠳᠡᠭ ᠤᠭᠰᠠᠷᠠᠵᠤ᠂ ᠭᠠᠮᠰᠢᠭ ᠠᠴᠠ ᠵᠠᠶᠢᠯᠠᠬᠤ ᠭᠠᠵᠠᠷ ᠪᠠᠶᠢᠷᠢᠯᠠᠭᠤᠯᠬᠤ ᠶᠢᠨ ᠬᠠᠮᠲᠤ ᠲᠠᠷᠬᠠᠭᠠᠬᠤ ᠵᠠᠮ ᠢ ᠤᠷᠢᠳᠴᠢᠯᠠᠨ ᠦᠯᠡᠳᠡᠭᠡᠨ᠎ᠡ᠃ ᠴᠢᠬᠤᠯᠠ ᠪᠥᠬᠦᠢ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠤᠰᠤ ᠬᠠᠩᠭᠠᠬᠤ᠂ ᠤᠰᠤ ᠵᠠᠯᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠨᠣᠭᠤᠭᠠᠷᠠᠭᠤᠯᠵᠤ ᠭᠤᠶᠤᠵᠢᠭᠤᠯᠬᠤ ᠵᠡᠷᠭᠡ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠠᠶᠢᠯᠴᠢᠯᠠᠬᠤ ᠪᠠ ᠠᠵᠢᠯᠳᠠᠨ  ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃    1. ᠣᠶᠤᠨᠴᠢ ᠬᠠᠮᠢᠶᠠᠷᠤᠯᠲᠠ ᠶᠢᠨ ᠪᠡᠯᠡᠳᠬᠡᠮᠵᠢ ᠶᠢ ᠪᠥᠲᠥᠭᠡᠨ ᠪᠠᠶᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ 5 ᠬᠠᠮᠢᠶᠠᠷᠴᠤ ᠬᠠᠮᠠᠭᠠᠯᠠᠬᠤ ᠴᠡᠭ᠂ 5 ᠬᠠᠷᠠᠭᠤᠯ ᠤᠨ ᠭᠠᠵᠠᠷ ᠢ ᠰᠢᠨ᠎ᠡ ᠪᠠᠷ ᠪᠠᠶᠢᠭᠤᠯᠵᠤ᠂ ᠲᠣᠭᠤᠷᠢᠨ ᠬᠠᠮᠠᠭᠠᠯᠠᠬᠤ ᠲᠣᠨᠤᠭ ᠲᠥᠬᠦᠭᠡᠷᠦᠮᠵᠢ ᠪᠠ ᠡᠭᠦᠳᠡᠨ ᠬᠤᠷᠢᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠬᠠᠮᠢᠶᠠᠷᠴᠤ ᠬᠠᠮᠠᠭᠠᠯᠠᠬᠤ ᠲᠣᠭᠤᠷᠢᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠩᠱᠠᠨ ᠤ ᠣᠶ ᠰᠢᠭᠤᠶ ᠶᠢᠨ  ᠦᠢᠯᠡᠰ ᠤᠨ ᠬᠠᠮᠢᠶᠠᠷᠴᠤ ᠬᠠᠮᠠᠭᠠᠯᠠᠬᠤ ᠲᠥᠪ ᠤᠨ ᠠᠵᠢᠯᠯᠠᠬᠤ ᠲᠣᠭᠤᠷᠢᠭ ᠵᠡᠷᠭᠡ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠤᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ᠂ ︽ᠣᠶ ᠰᠢᠭᠤᠶ ᠶᠢᠨ ᠤᠶᠤᠨᠲᠤ ᠨᠢᠳᠦ︾ ᠶᠢᠨ ᠭᠠᠯ ᠰᠡᠷᠭᠡᠶᠢᠯᠡᠬᠦ ᠤᠶᠤᠨᠲᠤ ᠡᠵᠡᠮᠳᠡᠬᠦ ᠰᠢᠰᠲ᠋ᠧᠮ᠂ ᠤᠶᠤᠨᠲᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠬᠢᠨᠠᠨ ᠡᠵᠡᠮᠳᠡᠬᠦ ᠲᠥᠬᠦᠭᠡᠷᠦᠮᠵᠢ ᠪᠠᠶᠢᠷᠢᠯᠠᠭᠤᠯᠬᠤ᠂ ᠨᠡᠭᠡᠭᠡᠨ ᠠᠰᠢᠭᠯᠠᠬᠤ ᠰᠢᠰᠲ᠋ᠧᠮ ᠵᠡᠷᠭᠡ ᠮᠡᠳᠡᠭᠡ ᠵᠠᠩᠬᠢᠴᠢᠯᠠᠯᠲᠠ ᠶᠢᠨ ᠠᠷᠭ᠎ᠠ ᠪᠠᠷᠢᠯ ᠢᠶᠠᠷ ᠳᠡᠮᠵᠢᠨ᠂ ᠬᠠᠮᠠᠭᠠᠯᠠᠯᠲᠠ ᠶᠢᠨ ᠭᠠᠵᠠᠷ ᠤᠨ ᠲᠣᠭᠠᠴᠢᠯᠠᠭᠰᠠᠨ᠂ ᠮᠡᠳᠡᠭᠡ ᠵᠠᠩᠬᠢᠴᠢᠯᠠᠯᠳᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ 9 ᠬᠢᠨᠠᠨ ᠬᠡᠮᠵᠢᠬᠦ ᠥᠷᠲᠡᠭᠡ ᠴᠡᠭ ︵9 ᠬᠠᠷᠠᠭᠠᠨ ᠳᠠᠪᠲᠠᠮᠵᠢ ᠪᠠᠷ ᠬᠠᠮᠢᠶᠠᠷᠤᠨ ᠡᠵᠡᠮᠳᠡᠬᠦ︶ ᠢ ᠰᠢᠨ᠎ᠡ ᠪᠠᠷ ᠪᠠᠶᠢᠭᠤᠯᠵᠤ᠂ 5 ᠭᠠᠯ ᠰᠡᠷᠭᠡᠶᠢᠯᠡᠯᠲᠡ ᠶᠢᠨ ᠪᠠᠷᠠᠯᠠᠬᠤ ᠰᠤᠪᠤᠷᠭ᠎ᠠ ᠶᠢ ᠰᠢᠨ᠎ᠡ ᠪᠠᠷ  ᠪᠠᠶᠢᠭᠤᠯᠤᠨ᠎ᠠ᠃    2. ᠪᠠᠴᠢᠮ ᠪᠠᠶᠢᠳᠠᠯ ᠢ ᠠᠷᠭᠠᠴᠠᠭᠠᠬᠤ ᠣᠶᠤᠨᠴᠢ ᠪᠡᠯᠡᠳᠬᠡᠮᠵᠢ ᠶᠢ ᠪᠥᠲᠥᠭᠡᠨ ᠪᠠᠶᠢᠭᠤᠯᠤᠨ᠎ᠠ᠃ ᠲᠣᠭᠤᠷᠢᠨ ᠬᠠᠮᠠᠭᠠᠯᠠᠬᠤ ᠵᠠᠮ ᠵᠢᠴᠢ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠵᠠᠮ ᠢ ᠪᠥᠳᠥᠭᠡᠨ ᠪᠠᠶᠢᠭᠤᠯᠵᠤ᠂ ᠰᠢᠭᠤᠶᠢᠲᠤ ᠣᠷᠣᠨ ᠤ ᠵᠠᠮ ᠤᠨ ᠲᠣᠣᠷ ᠤᠨ ᠨᠢᠭᠲᠠᠴᠠ ᠪᠣᠯᠤᠨ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃  ᠤᠶᠤᠨᠯᠢᠭ ᠲᠣᠭᠤᠷᠢᠨ ᠬᠠᠮᠠᠭᠠᠯᠠᠬᠤ ᠰᠢᠰᠲ᠋ᠧᠮ᠂ ᠤᠢ ᠰᠢᠭᠤᠶ ᠶᠢᠨ ᠲᠦᠢᠮᠡᠷ ᠢ ᠬᠤᠷᠢᠭᠯᠠᠬᠤ ᠰᠢᠰᠲ᠋ᠧᠮ ᠪᠣᠯᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠤᠢ ᠰᠢᠭᠤᠶ ᠶᠢᠨ ᠭᠠᠯ ᠰᠡᠷᠭᠡᠶᠢᠯᠡᠬᠦ ᠡᠳ᠋ ᠪᠣᠳᠠᠰ ᠤᠨ ᠬᠥᠮᠥᠷᠭᠡ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠢ ᠰᠢᠭᠤᠶ ᠶᠢᠨ ᠲᠦᠢᠮᠡᠷ ᠢ ᠬᠤᠷᠢᠭᠯᠠᠬᠤ ᠲᠣᠣᠷ ᠰᠦᠯᠵᠢᠶ᠎ᠡ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ᠂ ᠤᠰᠤ ᠲᠠᠲᠠᠵᠤ ᠭᠠᠯ ᠤᠨᠲᠠᠷᠠᠭᠠᠬᠤ ᠰᠢᠰᠲ᠋ᠧᠮ ᠤᠨ ᠢᠨᠵᠧᠨᠧᠷᠢᠩ ᠵᠡᠷᠭᠡ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ 20 ᠲᠤᠰᠠᠭᠠᠷᠯᠠᠬᠤ ᠪᠦᠰᠡ ᠶᠢ ᠰᠢᠨ᠎ᠡ ᠪᠠᠷ ᠪᠠᠶᠢᠭᠤᠯᠵᠤ᠂ 50 ᠺᠢᠯᠣᠮᠧᠲᠷ ᠤᠨ ᠭᠠᠯ ᠢ ᠰᠡᠷᠭᠡᠶᠢᠯᠡᠬᠦ ᠵᠠᠮ ᠢ ᠰᠢᠨ᠎ᠡ ᠪᠠᠷ ᠪᠠᠶᠢᠭᠤᠯᠤᠨ᠎ᠠ᠃    3. ᠤᠶᠤᠨᠲᠤ ᠦᠵᠡᠮᠵᠢ ᠶᠢᠨ ᠣᠷᠣᠨ ᠤ ᠪᠡᠯᠡᠳᠬᠡᠮᠵᠢ ᠶᠢ ᠪᠥᠲᠥᠭᠡᠨ ᠪᠠᠶᠢᠭᠤᠯᠤᠨ᠎ᠠ᠃ ᠵᠤᠭᠠᠴᠠᠭᠰᠠᠳ ᠤᠨ ᠲᠥᠪ᠂ ᠵᠤᠭᠠᠴᠠᠯ ᠤᠨ ᠵᠠᠮ ᠵᠡᠷᠭᠡ ᠲᠥᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠢᠨᠠᠷ ᠰᠠᠶᠢᠲᠠᠢ ᠠᠮᠢ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠤᠶᠤᠨᠲᠤ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠤᠸᠠᠩ ᠱᠢ ᠶᠠ ᠶᠢᠨ ᠠᠯᠳᠠᠷᠲᠤ ᠦᠵᠡᠮᠵᠢ ᠶᠢᠨ ᠣᠷᠣᠨ ᠵᠡᠷᠭᠡ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠦᠵᠡᠮᠵᠢ ᠶᠢᠨ ᠣᠷᠣᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠤᠨ᠎ᠠ᠃    4. ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮᠵᠢ ᠶᠢ ᠪᠠᠶᠢᠭᠤᠯᠤᠨ᠎ᠠ᠃ ᠪᠣᠯᠪᠠᠰᠤᠷᠠᠭᠤᠯᠤᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠠᠰ ᠬᠤᠪᠢᠶᠠᠭᠰᠠᠨ᠂ ᠣᠯᠠᠨ ᠠᠷᠭ᠎ᠠ ᠵᠠᠮ᠂ ᠣᠯᠠᠨ ᠬᠡᠯᠪᠡᠷᠢ ᠮᠠᠶ᠋ᠢᠭ ᠤᠨ ᠪᠣᠯᠪᠠᠰᠤᠷᠠᠭᠤᠯᠤᠯ ᠤᠨ ᠰᠢᠰᠲ᠋ᠧᠮᠵᠢ ᠶᠢ ᠪᠠᠶᠢᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠵᠢᠯᠲᠠᠨ ᠠᠵᠢᠯᠴᠢᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠲᠤᠰᠢᠶᠠᠯ ᠡᠭᠦᠷᠭᠡᠯᠡᠬᠦ ᠴᠢᠳᠠᠪᠤᠷᠢ ᠶᠢ ᠴᠢᠩᠭᠠᠷᠠᠭᠤᠯᠵᠤ᠂ ᠨᠢᠭᠡ ᠪᠦᠯᠦᠭ ᠲᠤᠰᠬᠠᠶ ᠮᠡᠷᠭᠡᠵᠢᠯ ᠤᠨ ᠠᠵᠢᠯᠲᠠᠨ ᠪᠠ ᠠᠮᠢ ᠠᠬᠤᠶ ᠶᠢᠨ ᠬᠠᠮᠢᠶᠠᠷᠤᠨ ᠬᠠᠮᠠᠭᠠᠯᠠᠭᠴᠢ ᠶᠢ ᠬᠥᠮᠦᠵᠢᠭᠦᠯᠦᠨ᠂ ᠵᠢᠯ ᠪᠦᠷᠢ 2 ᠤᠳᠠᠭ᠎ᠠ ᠠᠴᠠ ᠳᠡᠭᠡᠭᠰᠢ ᠪᠣᠯᠪᠠᠰᠤᠷᠠᠭᠤᠯᠤᠯ ᠰᠣᠯᠢᠯᠴᠠᠭ᠎ᠠ ᠪᠠ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠶᠢ ᠥᠷᠨᠢᠭᠦᠯᠦᠨ᠎ᠡ᠃    ︵ᠲᠦᠷᠪᠡ︶ ᠠᠷᠠᠳ ᠤᠨ ᠠᠮᠢᠳᠤᠷᠠᠯ ᠢ ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ᠃    1. ᠠᠮᠢ ᠠᠬᠤᠶ ᠶᠢᠨ ᠨᠥᠬᠦᠪᠥᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠡᠳ᠋ ᠤᠨ ᠵᠠᠰᠠᠭ ᠤᠨ ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠵᠤ᠂ ᠠᠮᠢ ᠠᠬᠤᠶ ᠶᠢᠨ ᠨᠥᠬᠦᠪᠥᠷᠢ ᠥᠭᠬᠦ ᠲᠦᠷᠢᠮ ᠢ ᠪᠠᠶᠢᠭᠤᠯᠤᠨ᠂ ᠤᠢ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠥᠭᠬᠦ ᠲᠣᠭᠲᠠᠴᠠ ᠪᠠ ᠨᠡᠶᠢᠲᠡ ᠶᠢᠨ ᠠᠰᠠᠷᠠᠮᠵᠢ ᠶᠢᠨ ᠤᠢ ᠶᠢᠨ ᠠᠮᠢ ᠠᠬᠤᠶ ᠶᠢᠨ ᠨᠥᠬᠦᠪᠥᠷᠢ ᠥᠭᠬᠦ ᠲᠦᠷᠢᠮ ᠢ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠠᠵᠤ ᠠᠬᠤᠶ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠪᠣᠬᠢᠷᠲᠤᠯ ᠥᠬᠡᠶ ᠠᠵᠤ ᠦᠢᠯᠡᠰ ᠢ ᠬᠥᠭᠵᠢᠭᠦᠯᠵᠦ᠂ ᠬᠤᠩᠱᠠᠨ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠶ ᠰᠢᠭᠤᠶ ᠶᠢᠨ ᠡᠷᠡᠭᠦᠯᠵᠢᠯ ᠰᠤᠪᠢᠯᠠᠯᠲᠠ᠂ ᠪᠠᠶᠢᠭᠠᠯᠢ ᠶᠢᠨ ᠪᠠᠷᠲᠠᠭ᠎ᠠ ᠰᠢᠨᠵᠢᠯᠡᠯᠲᠡ᠂ ᠬᠡᠷ ᠤᠨ ᠭᠠᠳᠠᠨᠠᠬᠢ ᠬᠥᠳᠡᠯᠭᠡᠭᠡᠨ ᠵᠡᠷᠭᠡ ᠠᠮᠢ ᠠᠬᠤᠶ ᠶᠢᠨ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠵᠤ᠂ ᠣᠶ ᠶᠢᠨ ᠬᠤᠷᠮᠣᠶ ᠶᠢᠨ ᠠᠵᠤ ᠠᠬᠤᠶ ᠪᠠ ᠤᠨᠴᠠᠯᠢᠭᠳᠤ ᠲᠠᠷᠢᠶᠠᠯᠠᠩ ᠤᠨ ᠪᠦᠲᠦᠭᠡᠭᠳᠡᠬᠦᠨ ᠤ  ᠦᠢᠯᠡᠳᠪᠦᠷᠢᠯᠡᠯ ᠢ ᠵᠣᠷᠢᠭᠵᠢᠭᠤᠯᠤᠨ ᠬᠥᠭᠵᠢᠭᠦᠯᠦᠨ᠎ᠡ᠃  ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠶᠡᠷᠦᠩᠬᠡᠶ ᠲᠥᠯᠥᠪᠵᠢᠭᠦᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠬᠦ ᠬᠤᠨᠤᠭ ᠬᠤᠭᠤᠯᠠ ᠤᠮᠳᠠ ᠵᠡᠷᠭᠡ ᠠᠮᠢ ᠠᠬᠤᠶ ᠶᠢᠨ ᠪᠡᠶᠡᠴᠢᠯᠡᠨ ᠣᠶᠢᠯᠠᠭᠠᠬᠤ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠲᠥᠯᠥᠪᠵᠢᠭᠦᠯᠭᠡ ᠶᠢᠨ ᠬᠤᠭᠤᠴᠠᠭᠠᠨ ᠡᠴᠦᠰ ᠪᠣᠯᠬᠤ ᠳᠤ᠂ ᠵᠢᠯ ᠪᠦᠷᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠣᠷᠣᠵᠤ ᠵᠢᠭᠤᠯᠴᠢᠯᠠᠭᠰᠠᠳ ᠤᠨ ᠲᠤᠭ᠎ᠠ 10 ᠲᠦᠮᠡᠨ ᠬᠥᠮᠦᠨ ᠤᠳᠠᠭ᠎ᠠ ᠳᠤ ᠬᠥᠷᠪᠡ᠃    2. ᠬᠠᠮᠠᠭᠠᠯᠠᠯᠲᠠ ᠶᠢᠨ ᠣᠷᠣᠨ ᠤ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠵᠤ᠂ 5 ᠪᠠᠯᠭᠠᠰᠤ ᠲᠣᠰᠬᠤᠨ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠶᠡᠷᠦᠩᠬᠡᠶ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠤ ᠨᠡᠶᠢᠴᠡᠬᠦ ᠣᠶ ᠶᠢᠨ ᠬᠤᠷᠮᠣᠶ ᠶᠢᠨ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠣᠶ ᠰᠢᠭᠤᠶ ᠶᠢᠨ ᠬᠡᠷ ᠪᠦᠯᠢ ᠶᠢᠨ ᠵᠢᠱᠢᠶ᠎ᠡ ᠦᠵᠡᠭᠦᠯᠬᠦ ᠴᠢᠨᠠᠷᠲᠠᠶ ᠬᠡᠷ ᠪᠦᠯᠢ ᠶᠢᠨ ᠣᠶ ᠰᠢᠭᠤᠶ ᠶᠢᠨ ᠲᠠᠯᠠᠪᠠᠶ ᠵᠡᠷᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠭᠤᠷᠪᠠᠨ ᠵᠦᠢᠯ ᠤᠨ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠎ᠠ᠃    3. ᠬᠥᠳᠡᠭᠡ ᠲᠣᠰᠬᠤᠨ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠢᠴᠢ ᠡᠷᠭᠢᠨ ᠲᠣᠭᠤᠷᠢᠨ ᠤ ᠰᠠᠭᠤᠷᠢ ᠲᠥᠬᠦᠭᠡᠷᠦᠮᠵᠢ ᠪᠠᠷ ᠨᠡᠯᠢᠶᠡᠳ ᠪᠦᠷᠢᠨ ᠲᠡᠭᠦᠯᠳᠡᠷ ᠂ ᠪᠠᠶᠢᠭᠠᠯᠢ ᠶᠢᠨ ᠰᠣᠶᠣᠯ ᠤᠨ ᠣᠨᠴᠠᠯᠢᠭ ᠢᠶᠠᠷ ᠲᠣᠪᠤᠶᠢᠮ᠎ᠠ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠣᠷᠣᠬᠤ ᠭᠠᠵᠠᠷ ᠤᠨ ᠨᠡᠶᠢᠭᠡᠮ ᠲᠣᠭᠤᠷᠢᠭ ᠢ ᠰᠣᠩᠭᠤᠵᠤ᠂ ᠦᠢᠯᠡᠴᠢᠯᠡᠭᠡᠨ ᠤ ᠬᠦᠯᠢᠶᠡᠨ ᠠᠪᠬᠤ ᠲᠥᠬᠦᠭᠡᠷᠦᠮᠵᠢ ᠶᠢ ᠳᠡᠭᠡᠭᠰᠢᠯᠡᠭᠦᠯᠬᠦ ᠪᠠ ᠲᠡᠭᠦᠯᠳᠡᠷᠵᠢᠭᠦᠯᠵᠦ᠂ ᠰᠤᠷᠪᠤᠯᠵᠢᠯᠠᠭᠴᠢᠳ ᠢ ᠬᠦᠯᠢᠶᠡᠨ ᠠᠪᠬᠤ ᠭᠤᠣᠯ ᠴᠣᠭᠴᠠ ᠪᠠ ᠲᠥᠪᠯᠡᠷᠡᠭᠦᠯᠵᠦ ᠲᠠᠷᠬᠠᠭᠠᠬᠤ ᠵᠠᠩᠭᠢᠯᠠᠭ᠎ᠠ ᠶᠢᠨ ᠴᠡᠭ ᠪᠣᠯᠭᠠᠵᠤ᠂ ᠬᠠᠮᠠᠭᠠᠯᠠᠯᠲᠠ ᠶᠢᠨ ᠭᠠᠵᠠᠷ ᠤᠨ ᠳᠣᠲᠣᠷ᠎ᠠ ᠪᠡᠶᠡᠴᠢᠯᠡᠨ ᠣᠶᠢᠯᠠᠭᠠᠬᠤ᠂ ᠬᠠᠮᠠᠭᠠᠯᠠᠯᠲᠠ ᠶᠢᠨ ᠭᠠᠵᠠᠷ ᠤᠨ ᠭᠠᠳᠠᠨ᠎ᠠ ᠦᠢᠯᠡᠴᠢᠯᠡᠬᠦ ᠶᠢ ᠪᠡᠶᠡᠯᠡᠭᠦᠯᠵᠦ᠂ ᠬᠠᠮᠠᠭᠠᠯᠠᠯᠲᠠ ᠶᠢᠨ ᠭᠠᠵᠠᠷ ᠤᠨ ᠳᠣᠲᠣᠷᠠᠬᠢ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠬᠠᠷᠰᠢᠯᠠᠯ ᠪᠠ ᠨᠥᠯᠥᠭᠡ ᠶᠢ ᠪᠠᠭᠠᠰᠬᠠᠬᠤ ᠶᠢᠨ ᠬᠠᠮᠲᠤ ᠪᠠᠰᠠ ᠠᠮᠢ ᠠᠬᠤᠶ ᠶᠢᠨ ᠨᠡᠭᠦᠳᠡᠯ ᠠᠷᠠᠳ ᠠᠴᠠ ᠰᠢᠯᠵᠢᠭᠰᠡᠨ ᠬᠥᠮᠦᠨ ᠠᠮᠠ ᠶᠢ ᠵᠣᠬᠢᠰᠲᠠᠶ ᠲᠥᠪᠬᠢᠨᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠪᠠᠶᠢᠷᠢ ᠪᠠ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠬᠠᠩᠭᠠᠵᠤ ᠪᠣᠯᠤᠨ᠎ᠠ᠃ 5 ᠠᠴᠠ ᠳᠡᠭᠡᠭᠰᠢᠬᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠲᠣᠰᠬᠤᠨ ᠢ ᠨᠡᠷᠡᠶᠢᠳᠴᠦ᠂ ᠬᠥᠮᠦᠨ ᠠᠮᠠ ᠶᠢᠨ ᠰᠢᠯᠵᠢᠯᠲᠡ᠂ ᠢᠵᠢ ᠪᠦᠷᠢᠳᠦᠭᠰᠡᠨ ᠲᠥᠬᠦᠭᠡᠷᠦᠮᠵᠢ᠂ ᠳᠦᠷᠰᠦ ᠪᠠᠶᠢᠳᠠᠯ ᠢ ᠬᠠᠮᠢᠶᠠᠷᠤᠨ ᠡᠵᠡᠮᠳᠡᠬᠦ᠂ ᠠᠵᠤ ᠦᠢᠯᠡᠰ ᠢ ᠬᠤᠯᠪᠣᠯᠳᠤᠭᠤᠯᠬᠤ᠂ ᠬᠠᠮᠲᠤᠪᠠᠷ ᠰᠠᠭᠤᠵᠤ ᠬᠠᠮᠲᠤᠪᠠᠷ ᠪᠠᠶᠢᠭᠤᠯᠬᠤ ᠵᠡᠷᠭᠡ ᠲᠠᠯ᠎ᠠ ᠪᠠᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠠᠭᠤᠰᠤᠯᠴᠠᠭᠤᠯᠤᠨ ᠬᠥᠭᠵᠢᠭᠦᠯᠬᠦ ᠶᠢ ᠪᠡᠶᠡᠯᠡᠭᠦᠯᠦᠨ᠎ᠡ᠃    4. ᠣᠶ ᠰᠢᠭᠤᠶ ᠶᠢᠨ ᠴᠡᠴᠡᠷᠯᠢᠭ ᠤᠨ ᠨᠡᠶᠢᠭᠡᠮ ᠲᠣᠭᠤᠷᠢᠭ ᠢ ᠬᠥᠭᠵᠢᠭᠦᠯᠦᠨ᠎ᠡ᠃ ᠬᠠᠮᠠᠭᠠᠯᠠᠯᠲᠠ ᠶᠢᠨ ᠣᠷᠣᠨ ᠤ ᠡᠷᠬᠢᠨ ᠲᠣᠭᠤᠷᠢᠨ ᠤ ᠰᠢᠶᠠᠩ ᠪᠠᠯᠭᠠᠰᠤ ᠶᠢᠨ ᠣᠷᠣᠨ ᠪᠠᠶᠢᠷᠢ᠂ ᠣᠲᠣ ᠶᠢᠨ ᠪᠠᠶᠢᠭ᠎ᠠ ᠵᠢᠭᠤᠯᠴᠢᠯᠠᠯ ᠤᠨ ᠬᠥᠮᠦᠨ ᠤ ᠲᠤᠭ᠎ᠠ ᠶᠢᠨ ᠬᠡᠪᠴᠢᠶ᠎ᠡ ᠵᠢᠴᠢ ᠪᠠᠶᠢᠭᠠᠯᠢ ᠶᠢᠨ ᠣᠷᠴᠢᠨ ᠲᠣᠭᠤᠷᠢᠨ ᠵᠡᠷᠭᠡ ᠨᠥᠬᠦᠴᠡᠯ ᠢ ᠦᠨᠳᠦᠰᠦᠯᠡᠨ᠂ ᠬᠤᠩᠱᠠᠨ ᠣᠶ ᠰᠢᠭᠤᠶ ᠶᠢᠨ ᠲᠠᠯᠠᠪᠠᠶ᠂ ᠬᠤᠨ ᠶᠤᠸᠠᠨ ᠶᠣᠣ ᠰᠢᠶᠠᠩ᠂ ᠭᠤᠸᠠᠨ ᠳᠦᠨ ᠪᠦ᠋ ᠰᠢᠶᠠᠩ᠂ ᠶᠤᠸᠠᠨ ᠱᠠᠨ ᠽᠢ ᠰᠢᠶᠠᠩ ᠵᠡᠷᠭᠡ ᠳᠤ ᠲᠦᠰᠢᠭᠯᠡᠨ 5 ᠭᠠᠴᠠᠭᠠᠨ ᠤ ᠠᠷᠠᠳ ᠤᠨ ᠵᠥᠪᠯᠡᠯ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠴᠡᠴᠡᠷᠯᠢᠭ ᠤᠨ ᠤᠨᠴᠠᠯᠢᠬᠳᠤ ᠵᠢᠵᠢᠭ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠪᠠᠶᠢᠭᠤᠯᠤᠨ᠎ᠠ᠃ ᠠᠮᠢ ᠠᠬᠤᠶ ᠶᠢ ᠨᠡᠭᠦᠯᠭᠡᠬᠦ ᠶᠢ ᠡᠮᠬᠢ ᠵᠢᠷᠤᠮ ᠲᠠᠢ ᠪᠠᠷ ᠥᠷᠨᠢᠭᠦᠯᠵᠦ᠂ ᠴᠡᠴᠡᠷᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    5. ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠲᠣᠰᠬᠤᠨ ︵ᠪᠠᠯᠭᠠᠰᠤ︶ ᠢ ᠪᠥᠲᠥᠭᠡᠨ ᠪᠠᠶᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠪᠠᠯᠭᠠᠰᠤ ︵ᠲᠣᠰᠬᠤᠨ︶ ᠶᠢ ᠡᠭᠦᠳᠦᠨ ᠪᠠᠶᠢᠭᠤᠯᠬᠤ ᠶᠢ ᠠᠬᠢᠭᠤᠯᠬᠤ ᠪᠠᠷ ᠪᠤᠢ᠃ ᠡᠭᠦᠨ ᠳᠤ ᠬᠤᠨ ᠶᠤᠸᠠᠨ ᠶᠣᠣ ᠰᠢᠶᠠᠩ 2᠂ ᠭᠤᠸᠠᠨ ᠳᠦᠨ ᠪᠦ᠋ ᠰᠢᠶᠠᠩ 1᠂ ᠶᠤᠸᠠᠨ ᠱᠠᠨ ᠽᠢ ᠰᠢᠶᠠᠩ 1 ᠪᠤᠢ᠃    6. ᠰᠡᠯᠡᠭᠦᠴᠡᠯ ᠤᠨ ᠲᠠᠷᠢᠶᠠᠯᠠᠩ ᠢ ᠬᠥᠭᠵᠢᠭᠦᠯᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠣᠲᠣᠷᠠᠬᠢ ᠵᠢᠴᠢ ᠡᠷᠬᠢᠨ ᠲᠣᠭᠤᠷᠢᠨ ᠤ ᠲᠣᠰᠬᠤᠨ ᠪᠠᠯᠭᠠᠰᠤ ᠶᠢᠨ ᠰᠡᠯᠡᠭᠦᠴᠡᠯ ᠤᠨ ᠲᠠᠷᠢᠶᠠᠯᠠᠩ ᠢ ᠬᠥᠭᠵᠢᠭᠦᠯᠬᠦ ᠶᠢ ᠠᠬᠢᠭᠤᠯᠵᠤ ᠂ ᠣᠶ ᠶᠢᠨ ᠬᠤᠷᠮᠣᠶ ᠶᠢᠨ ᠠᠵᠤ ᠠᠬᠤᠶ ᠶᠢ ᠬᠥᠭᠵᠢᠭᠦᠯᠬᠦ ᠶᠢ ᠵᠣᠷᠢᠭᠵᠢᠭᠤᠯᠤᠨ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠣᠷᠣᠯᠭ᠎ᠠ ᠶᠢ ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠤᠨ ᠪᠡᠶᠡᠴᠢᠯᠡᠨ ᠣᠶᠢᠯᠠᠭᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠤᠨ ᠰᠤᠷᠤᠯᠴᠠᠬᠤ ᠪᠠ ᠠᠮᠢ ᠠᠬᠤᠶ ᠶᠢᠨ ᠰᠤᠷᠭᠠᠨ ᠬᠥᠮᠦᠵᠢᠯ ᠵᠡᠷᠭᠡ ᠪᠠᠶᠢᠭᠠᠯᠢ ᠶᠢᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠥᠷᠨᠢᠭᠦᠯᠵᠦ᠂ ᠨᠡᠯᠢᠶᠡᠳ ᠰᠠᠶᠢᠨ ᠭᠥᠯᠢᠶᠡᠨ ᠠᠪᠬᠤ ᠴᠢᠳᠠᠪᠤᠷᠢ ᠬᠢᠭᠡᠳ ᠭᠥᠯᠢᠶᠡᠨ ᠠᠪᠬᠤ ᠰᠠᠭᠤᠷᠢ ᠶᠢ ᠪᠦᠷᠢᠯᠳᠦᠭᠦᠯᠦᠭᠰᠡᠨ ᠦᠢᠯᠡᠴᠢᠯᠡᠭᠡᠨ ᠤ ᠲᠣᠭᠤᠷᠢᠭ ᠲᠤ ᠭᠦᠢᠴᠡᠳ ᠲᠦᠰᠢᠭᠯᠡᠨ᠂ ᠰᠡᠯᠡᠭᠦᠴᠡᠯ ᠤᠨ ᠵᠢᠭᠤᠯᠴᠢᠯᠠᠯ ᠤᠨ ᠠᠵᠢᠯᠯᠠᠭ᠎ᠠ ᠶᠢ ᠨᠢᠭᠡᠳᠦᠯᠲᠡᠶ ᠲᠥᠯᠥᠪᠵᠢᠭᠦᠯᠬᠦ ᠪᠠ ᠵᠦᠶ ᠵᠣᠬᠢᠰᠲᠠᠶ ᠪᠠᠶᠢᠷᠢᠯᠠᠭᠤᠯᠤᠨ᠎ᠠ᠃    7. ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠵᠢᠴᠢ ᠢᠵᠢ ᠪᠥᠷᠢᠳᠦᠭᠦᠯᠬᠦ ᠪᠡᠯᠡᠳᠬᠡᠮᠵᠢ ᠶᠢ ᠪᠥᠲᠥᠭᠡᠨ ᠪᠠᠶᠢᠭᠤᠯᠤᠨ᠎ᠠ᠃ ᠦᠵᠡᠮᠵᠢᠲᠦ ᠲᠣᠰᠬᠤᠨ ᠢ ᠠᠭᠤᠰᠤᠯᠴᠠᠭᠤᠯᠬᠤ ᠶᠢ ᠴᠢᠩᠭᠠᠳᠬᠠᠵᠤ᠂ ᠠᠶᠢᠯ ᠲᠣᠰᠬᠤᠨ ᠢ ᠨᠣᠭᠤᠭᠠᠷᠠᠭᠤᠯᠤᠨ ᠭᠤᠶᠤᠵᠢᠭᠤᠯᠬᠤ ᠬᠢᠷᠢ ᠬᠡᠮᠵᠢᠶ᠎ᠡ ᠪᠠ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠳᠡᠭᠡᠭᠰᠢᠯᠡᠭᠦᠯᠵᠦ᠂ ᠬᠠᠭᠤᠴᠢᠨ ᠲᠣᠰᠬᠤᠨ ᠢ ᠥᠭᠡᠷᠡᠴᠢᠯᠡᠬᠦ ᠪᠠ ᠠᠶᠢᠯ ᠲᠣᠰᠬᠤᠨ ᠢ ᠦᠵᠡᠮᠵᠢᠲᠦ ᠣᠷᠣᠨ ᠪᠣᠯᠭᠠᠬᠤ ᠵᠡᠷᠭᠡ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠦᠵᠡᠮᠵᠢ ᠨᠡᠪᠲᠡᠷᠡᠬᠦ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠨᠣᠭᠤᠭᠠᠨ ᠵᠠᠮ᠂ ᠳᠤᠭᠤᠶ ᠤᠨᠤᠬᠤ ᠵᠠᠮ᠂ ᠶᠠᠪᠠᠭᠠᠨ ᠵᠠᠮ ᠤᠨ ᠰᠢᠰᠲ᠋ᠧᠮ ᠢ ᠵᠦᠶ ᠵᠣᠬᠢᠰᠲᠠᠶ ᠲᠦᠯᠦᠪᠵᠢᠬᠦᠯᠦᠨ᠂ ᠵᠠᠮ ᠤᠨ ᠦᠵᠡᠮᠵᠢ ᠶᠢᠨ ᠴᠢᠨᠠᠷ ᠴᠢᠨᠰᠠᠭ᠎ᠠ ᠪᠠ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃    8. ᠴᠡᠪᠡᠷ ᠡᠨᠧᠷᠭᠢ ᠶᠢᠨ ᠬᠥᠭᠵᠢᠯᠲᠡ ᠶᠢ ᠠᠭᠤᠰᠤᠯᠴᠠᠭᠤᠯᠤᠨ᠎ᠠ᠃ ᠲᠥᠯᠥᠪᠵᠢᠭᠦᠯᠦᠭᠰᠡᠨ ᠹᠧᠩᠵᠧᠨ ᠤ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠳᠤ ᠲᠦᠰᠢᠭᠯᠡᠨ᠂ ᠲᠣᠰ ᠣᠷᠣᠨ ᠪᠦᠰᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠣᠰ ᠣᠷᠣᠨ ᠪᠦᠰᠡ ᠶᠢᠨ ᠴᠡᠪᠡᠷ ᠡᠨᠧᠷᠭᠢ ᠶᠢᠨ ᠰᠤᠷᠪᠤᠯᠵᠢ ᠶᠢ ᠬᠥᠭᠵᠢᠭᠦᠯᠦᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠤᠨ᠎ᠠ᠃     ᠵᠢᠷᠭᠤᠳᠤᠭᠠᠷ ᠪᠦᠯᠦᠭ   ᠴᠢᠳᠠᠪᠤᠷᠢ ᠶᠢᠨ ᠪᠠᠶᠢᠭᠤᠯᠤᠯᠲᠠ    ︵ᠨᠢᠭᠡ︶ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ    2021 — 2025 ᠣᠨ ᠳᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠢ ᠰᠢᠰᠲ᠋ᠧᠮ ᠲᠠᠢ ᠪᠣᠯᠪᠠᠰᠤᠷᠠᠭᠤᠯᠵᠤ᠂ ᠠᠵᠢᠯᠲᠠᠨ ᠤ ᠮᠡᠳᠡᠯᠭᠡ ᠶᠢᠨ ᠪᠦᠲᠦᠴᠡ ᠶᠢ ᠰᠠᠶᠢᠵᠢᠷᠠᠭᠤᠯᠤᠨ᠂ ᠲᠥᠷᠥ ᠶᠢᠨ ᠪᠣᠳᠣᠯᠭ᠎ᠠ ᠶᠢᠨ ᠣᠨᠣᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠨᠡᠮᠡᠭᠳᠡᠭᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠶᠡᠷᠦᠩᠬᠡᠶ ᠬᠠᠮᠠᠭᠠᠯᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠡᠯᠢᠶᠡᠳ ᠶᠡᠭᠡ ᠪᠠᠷ ᠳᠡᠭᠡᠭᠰᠢᠯᠡᠭᠦᠯᠦᠨ᠎ᠡ᠃      2025 ᠣᠨ ᠪᠣᠯᠬᠤ ᠳᠤ᠂ ᠬᠠᠮᠢᠶᠠᠷᠤᠯᠲᠠ ᠶᠢᠨ ᠠᠵᠢᠯᠲᠠᠨ ᠢ 100 ᠬᠥᠮᠦᠨ ᠤᠳᠠᠭ᠎ᠠ ᠪᠣᠯᠪᠠᠰᠤᠷᠠᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠤᠯ ᠬᠠᠮᠢᠶᠠᠷᠤᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠪᠡᠶᠡᠯᠡᠭᠦᠯᠦᠨ᠎ᠡ᠃    2026 — 2030 ᠣᠨ ᠳᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠨᠠᠩ ᠥᠨᠳᠥᠷ ᠬᠢᠷᠢ ᠲᠦᠪᠰᠢᠨ ᠪᠥᠬᠦᠶ ᠬᠥᠮᠦᠵᠢᠭᠦᠯᠬᠦ ᠬᠥᠮᠦᠵᠢᠯ ᠢ ᠬᠡᠷᠡᠭᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ ᠪᠠ ᠬᠡᠷᠡᠭᠵᠢᠭᠦᠯᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠪᠦᠲᠦᠮᠵᠢᠲᠡᠶ᠂ ᠦᠷᠭᠦᠯᠵᠢᠯᠡᠭᠰᠡᠨ ᠴᠢᠨᠠᠷᠲᠠᠶ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠬᠠᠮᠢᠶᠠᠷᠤᠯᠲᠠ ᠶᠢᠨ ᠬᠠᠤᠯᠢ ᠳᠦᠷᠢᠮᠵᠢᠯᠲᠡ᠂ ᠵᠢᠷᠤᠮᠵᠢᠭᠤᠯᠤᠯᠲᠠ ᠪᠠ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠵᠢᠯ ᠢ ᠰᠠᠶᠢᠨ ᠣᠷᠴᠢᠯ ᠳᠤ ᠣᠷᠣᠭᠤᠯᠤᠨ᠎ᠠ᠃    ᠬᠠᠮᠠᠭᠠᠯᠠᠯᠲᠠ ᠶᠢᠨ ᠣᠷᠣᠨ ᠤ ᠬᠠᠮᠢᠶᠠᠷᠴᠤ ᠬᠠᠮᠠᠭᠠᠯᠠᠬᠤ ᠲᠠᠯᠠᠪᠠᠶ ᠶᠢᠨ ᠶᠡᠭᠡ ᠪᠠᠭ᠎ᠠ᠂ ᠬᠠᠮᠢᠶᠠᠷᠴᠤ ᠬᠠᠮᠠᠭᠠᠯᠠᠬᠤ ᠶᠢᠨ ᠬᠦᠴᠢᠷ ᠬᠢᠯᠪᠠᠷ ᠤᠨ ᠬᠡᠮᠵᠢᠶ᠎ᠡ ᠶᠢ ᠦᠨᠳᠦᠰᠦᠯᠡᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠤᠯᠤᠮᠵᠢ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ ᠶᠢ ᠴᠢᠩᠭᠠᠳᠬᠠᠨ ᠂ ᠬᠠᠮᠠᠭᠠᠯᠠᠵᠤ ᠬᠠᠮᠢᠶᠠᠷᠬᠤ ᠪᠠᠷ ᠲᠡᠷᠢᠭᠦᠨ ᠲᠠᠰ ᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠯᠲᠡ ᠪᠠᠷ ᠲᠡᠷᠢᠭᠦᠨ ᠲᠠᠰ ᠤᠨ ᠵᠢᠱᠢᠶ᠎ᠡ ᠦᠵᠡᠭᠦᠯᠬᠦ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠪᠦᠳᠦᠭᠡᠨ ᠪᠠᠶᠢᠭᠤᠯᠤᠨ᠎ᠠ᠃    ︵ᠬᠤᠶᠠᠷ︶ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ    ︽ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠵᠢᠯᠣᠭᠤᠳᠬᠤ ᠲᠦᠷᠢᠮ ︵ᠲᠦᠷ ᠬᠡᠷᠡᠭᠵᠢᠭᠦᠯᠬᠦ︶︾ ᠢᠶᠠᠷ ᠯᠠᠪᠯᠠᠯᠲᠠ ᠪᠣᠯᠭᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠲᠠᠰ᠂ ᠲᠠᠯᠠᠪᠠᠶ᠂ ᠴᠢᠬᠤᠯᠠ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠢᠨᠵᠧᠨᠧᠷᠢᠩ᠂ ᠤᠬᠠᠭᠤᠯᠭ᠎ᠠ ᠬᠥᠮᠦᠵᠢᠯ ᠤᠨ ᠢᠨᠵᠧᠨᠧᠷᠢᠩ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠬᠦ ᠢᠨᠵᠧᠨᠧᠷᠢᠩ ᠵᠡᠷᠭᠡ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠨ᠎ᠠ᠄    ᠬᠠᠮᠢᠶᠠᠷᠤᠯᠲᠠ ᠶᠢᠨ ᠢᠨᠵᠧᠨᠧᠷᠢᠩ ᠳᠤ᠂ ᠬᠠᠮᠠᠭᠠᠯᠠᠯᠲᠠ ᠶᠢᠨ ᠥᠷᠲᠡᠭᠡ ᠴᠡᠭ᠂ ᠬᠠᠮᠠᠭᠠᠯᠠᠯᠲᠠ ᠶᠢᠨ ᠲᠥᠬᠦᠭᠡᠷᠦᠮᠵᠢ᠂ ᠲᠣᠭᠤᠷᠢᠨ ᠬᠠᠮᠠᠭᠠᠯᠠᠬᠤ ᠲᠥᠬᠦᠭᠡᠷᠦᠮᠵᠢ᠂ ᠭᠠᠯ ᠰᠡᠷᠭᠡᠶᠢᠯᠡᠬᠦ ᠲᠥᠬᠦᠭᠡᠷᠦᠮᠵᠢ ᠵᠡᠷᠭᠡ ᠶᠢ ᠪᠠᠭᠲᠠᠭᠠᠨ᠎ᠠ︔    ᠤᠬᠠᠭᠤᠯᠭ᠎ᠠ ᠬᠥᠮᠦᠵᠢᠯ ᠤᠨ ᠢᠨᠵᠧᠨᠧᠷᠢᠩ ᠳᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠤᠬᠠᠭᠤᠯᠭ᠎ᠠ ᠬᠥᠮᠦᠵᠢᠯ ᠤᠨ ᠲᠥᠪ ︵ᠥᠷᠲᠡᠭᠡ᠂ ᠴᠡᠭ︶ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠥᠯᠢᠭᠡᠷ ᠦᠵᠡᠭᠦᠯᠦᠯᠭᠡ ᠶᠢᠨ ᠪᠡᠯᠡᠳᠬᠡᠮᠵᠢ ᠲᠥᠬᠦᠭᠡᠷᠦᠮᠵᠢ᠂ ᠴᠠᠬᠢᠯᠭᠠᠨᠴᠢᠯᠠᠭᠰᠠᠨ ᠬᠥᠮᠦᠵᠢᠯ ᠤᠨ ᠪᠡᠯᠡᠳᠬᠡᠮᠵᠢ᠂ ᠤᠬᠠᠭᠤᠯᠭ᠎ᠠ ᠶᠢᠨ ᠫᠠᠶᠢᠰᠠ᠂ ᠤᠬᠠᠭᠤᠯᠭ᠎ᠠ ᠶᠢᠨ ᠪᠤᠯᠤᠩ ᠵᠡᠷᠭᠡ ᠶᠢ ᠪᠠᠭᠲᠠᠭᠠᠨ᠎ᠠ᠃    ᠰᠢᠨᠵᠢᠯᠡᠬᠦ ᠤᠬᠠᠭᠠᠨ ᠤ ᠰᠤᠳᠤᠯᠤᠯ ᠤᠨ ᠬᠢᠨᠠᠨ ᠬᠡᠮᠵᠢᠬᠦ ᠢᠨᠵᠧᠨᠧᠷᠢᠩ ᠳᠤ ᠲᠥᠬᠦᠮ ᠲᠤᠷᠰᠢᠯᠲᠠ ᠶᠢᠨ ᠲᠠᠰᠤᠭ ᠵᠢᠴᠢ ᠬᠡᠮᠵᠢᠭᠦᠷᠯᠢᠭ ᠲᠥᠬᠦᠭᠡᠷᠦᠮᠵᠢ᠂ ᠡᠬᠡ ᠭᠠᠵᠠᠷ ᠤᠨ ᠡᠬᠢ ᠪᠠᠶᠠᠯᠢᠭ ᠤᠨ ᠪᠠᠶᠢᠴᠠᠭᠠᠯᠲᠠ ᠶᠢᠨ ᠲᠥᠬᠦᠭᠡᠷᠦᠮᠵᠢ᠂ ᠬᠢᠨᠠᠨ ᠬᠡᠮᠵᠢᠬᠦ ᠥᠯᠢᠭᠡᠷ ᠴᠡᠭ ᠪᠠᠶᠢᠷᠢᠯᠠᠭᠤᠯᠬᠤ ᠵᠢᠴᠢ ᠬᠢᠨᠠᠨ ᠬᠡᠮᠵᠢᠬᠦ ᠪᠡᠯᠡᠳᠬᠡᠮᠵᠢ ᠲᠥᠬᠦᠭᠡᠷᠦᠮᠵᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠪᠡᠯᠡᠳᠬᠡᠮᠵᠢ ᠲᠥᠬᠦᠭᠡᠷᠦᠮᠵᠢ ᠵᠡᠷᠭᠡ ᠪᠠᠭᠲᠠᠨ᠎ᠠ᠃    ᠠᠯᠪᠠᠯᠠᠬᠤ ᠵᠢᠴᠢ ᠳᠠᠭᠠᠯᠲᠠ ᠪᠡᠯᠡᠳᠬᠡᠮᠵᠢ ᠶᠢᠨ ᠢᠨᠵᠧᠨᠧᠷᠢᠩ ᠳᠤ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠯᠪᠠᠯᠠᠬᠤ ᠭᠠᠵᠠᠷ ᠲᠠᠯᠠᠪᠤᠷ ᠵᠢᠴᠢ ᠠᠯᠪᠠᠯᠠᠬᠤ ᠲᠥᠬᠦᠭᠡᠷᠦᠮᠵᠢ᠂ ᠢᠵᠢ ᠪᠥᠷᠢᠳᠦᠭᠰᠡᠨ ᠠᠮᠢᠳᠤᠷᠠᠯ ᠤᠨ ᠪᠡᠯᠡᠳᠬᠡᠮᠵᠢ᠂ ᠬᠡᠰᠡᠭ ᠵᠠᠮ ᠤᠨ ᠪᠥᠲᠥᠭᠡᠨ ᠪᠠᠶᠢᠭᠤᠯᠤᠯᠲᠠ ᠵᠡᠷᠭᠡ ᠶᠢ ᠪᠠᠭᠲᠠᠭᠠᠨ᠎ᠠ᠃    ᠪᠠᠭ᠎ᠠ ᠬᠡᠪᠴᠢᠶᠡᠨ ᠤ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠪᠠᠴᠢᠮ ᠱᠠᠭᠠᠷᠳᠠᠵᠤ ᠪᠠᠶᠢᠭ᠎ᠠ ᠬᠠᠮᠠᠭᠠᠯᠠᠯᠲᠠ ᠶᠢᠨ ᠣᠷᠣᠨ ᠢ ᠲᠥᠯᠥᠪᠵᠢᠭᠦᠯᠬᠦ ᠳᠡᠭᠡᠨ ᠠᠮᠢ ᠠᠬᠤᠶ ᠶᠢ ᠰᠡᠷᠭᠦᠭᠡᠬᠦ ᠪᠠ ᠳᠠᠬᠢᠨ ᠪᠠᠶᠢᠭᠤᠯᠬᠤ ᠢᠨᠵᠧᠨᠧᠷᠢᠩ ᠤᠨ ᠠᠭᠤᠯᠭ᠎ᠠ ᠶᠢ ᠬᠠᠮᠲᠤ ᠳᠤᠨᠢ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠣᠷᠣᠭᠤᠯᠤᠨ᠎ᠠ᠃    ︵ᠭᠤᠷᠪᠠ︶ ᠤᠬᠠᠭᠤᠯᠭ᠎ᠠ ᠬᠥᠮᠦᠵᠢᠯ ᠤᠨ ᠰᠢᠰᠲ᠋ᠧᠮᠵᠢ ᠶᠢᠨ ᠪᠠᠶᠢᠭᠤᠯᠤᠯᠲᠠ    ᠤᠬᠠᠭᠤᠯᠭ᠎ᠠ ᠬᠥᠮᠦᠵᠢᠯ ᠢ ᠲᠥᠯᠥᠪᠯᠡᠭᠡ ᠲᠠᠢ᠂ ᠭᠤᠣᠯᠳᠠᠯᠭ᠎ᠠ ᠲᠠᠢ ᠪᠠᠷ ᠥᠷᠨᠢᠭᠦᠯᠵᠦ᠂ ᠪᠠᠶᠢᠭᠠᠯᠢ ᠶᠢᠨ ᠠᠮᠢ ᠠᠬᠤᠶ ᠶᠢ ᠬᠠᠮᠠᠭᠠᠯᠠᠬᠤ ᠤᠬᠠᠮᠰᠠᠷ ᠪᠠ ᠠᠮᠢ ᠠᠬᠤᠶ ᠶᠢᠨ ᠪᠣᠯᠪᠠᠰᠤᠨ ᠤ ᠮᠡᠳᠡᠯᠭᠡ ᠶᠢ ᠳᠡᠭᠡᠭᠰᠢᠯᠡᠭᠦᠯᠦᠨ᠎ᠡ᠃    ᠤᠬᠠᠭᠤᠯᠭ᠎ᠠ ᠬᠥᠮᠦᠵᠢᠯ ᠢ ᠭᠤᠣᠯᠳᠠᠭᠤ ᠦᠯᠢᠭᠡᠷ ᠦᠵᠡᠭᠦᠯᠦᠯᠭᠡ᠂ ᠭᠡᠷᠡᠯ ᠵᠢᠷᠤᠭ ᠤᠨ ᠮᠠᠲ᠋ᠧᠷᠢᠶᠠᠯ ᠤᠨ ᠦᠵᠡᠭᠦᠯᠦᠯᠭᠡ᠂ ᠪᠣᠳᠠᠲᠤ ᠪᠣᠳᠠᠰ ᠤᠨ ᠦᠵᠡᠭᠦᠯᠦᠯᠭᠡ᠂ ᠤᠬᠠᠭᠤᠯᠭ᠎ᠠ ᠶᠢᠨ ᠫᠠᠶᠢᠰᠠ᠂ ᠳᠦᠷᠰᠦ ᠰᠢᠩᠭᠡᠭᠡᠯᠲᠡ ᠪᠠ ᠺᠢᠨᠣ᠋ ᠲᠧᠯᠸᠢᠰ ᠤᠨ ᠹᠢᠯᠢᠮ ᠤᠨ ᠨᠡᠪᠲᠡᠷᠡᠭᠦᠯᠭᠡ᠂ ᠮᠡᠷᠭᠡᠵᠢᠯ ᠤᠨ ᠪᠣᠯᠪᠠᠰᠤᠷᠠᠭᠤᠯᠤᠯ᠂ ᠲᠠᠶᠢᠯᠤᠮᠵᠢ᠂ ᠢᠨᠲ᠋ᠧᠷ ᠰᠦᠯᠵᠢᠶᠡᠨ ᠤ ᠬᠠᠭᠤᠳᠠᠰᠤ᠂ ᠬᠡᠭᠡᠷ᠎ᠡ ᠭᠠᠳᠠᠨ᠎ᠠ ᠠᠵᠢᠭᠯᠠᠨ ᠬᠡᠮᠵᠢᠬᠦ᠂ ᠬᠡᠭᠡᠷ᠎ᠡ ᠪᠠᠭᠤᠳᠠᠯᠯᠠᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠃    ᠳᠣᠯᠣᠳᠤᠭᠠᠷ ᠪᠦᠯᠦᠭ   ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃    ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠢᠶᠠᠩ ᠪᠠᠯᠭᠠᠰᠤ᠂ ᠰᠠᠯᠠᠭ᠎ᠠ ᠮᠥᠴᠢᠷ ᠤᠳ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠬᠢᠨᠠᠮᠠᠭᠠᠶ ᠭᠦᠢᠴᠡᠳᠭᠡᠵᠦ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠣᠶ ᠰᠢᠭᠤᠶ ᠶᠢᠨ ᠳᠠᠷᠤᠭ᠎ᠠ ᠨᠠᠷ ᠤᠨ ᠬᠤᠷᠠᠯ ᠬᠢᠬᠦ᠂ ᠰᠠᠯᠠᠭ᠎ᠠ ᠮᠥᠴᠢᠷ ᠤᠳ ᠬᠠᠮᠵᠢᠯᠴᠠᠬᠤ᠂ ᠠᠵᠢᠯ ᠢ ᠰᠢᠮᠳᠠᠭᠤᠯᠤᠨ ᠪᠠᠶᠢᠴᠠᠭᠠᠬᠤ᠂ ᠠᠵᠢᠯ ᠢ ᠬᠢᠨᠠᠨ ᠰᠢᠯᠭᠠᠬᠤ ᠵᠡᠷᠭᠡ ᠲᠦᠷᠢᠮ ᠠᠷᠭ᠎ᠠ ᠶᠢ ᠲᠡᠭᠦᠯᠳᠡᠷᠵᠢᠭᠦᠯᠬᠦ ᠬᠡᠷᠡᠭᠲᠡᠶ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠥᠭᠵᠢᠯᠲᠡ ᠪᠠ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠣᠷᠣᠨ ᠨᠤᠲᠤᠭ ᠤᠨ ᠠᠵᠤ ᠠᠬᠤᠶ ᠶᠢᠨ ᠲᠦᠯᠦᠪᠵᠢᠭᠦᠯᠭᠡ ᠳᠤ ᠤᠷᠤᠭᠤᠯᠤᠨ᠎ᠠ᠃    ︵ᠬᠤᠶᠠᠷ︶ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠪᠠᠲᠤᠯᠠᠭ᠎ᠠ ᠶᠢᠨ ᠲᠤᠯᠭᠠᠭᠤᠷᠢᠯᠠᠯ ᠢ ᠴᠢᠩᠭᠠᠳᠬᠠᠨ᠎ᠠ᠃    ᠬᠠᠮᠠᠭᠠᠯᠠᠯᠲᠠ ᠶᠢᠨ ᠭᠠᠵᠠᠷ ᠤᠨ ᠰᠠᠭᠤᠷᠢ ᠲᠥᠬᠦᠭᠡᠷᠦᠮᠵᠢ᠂ ᠠᠮᠢ ᠠᠬᠤᠶ ᠶᠢᠨ ᠨᠥᠬᠦᠪᠥᠷᠢ᠂ ᠱᠠᠩᠨᠠᠵᠤ ᠨᠥᠬᠦᠪᠥᠷᠢᠯᠡᠬᠦ ᠲᠣᠭᠲᠠᠴᠠ᠂ ᠭᠤᠣᠯᠳᠠᠯᠭ᠎ᠠ ᠲᠠᠢ ᠵᠦᠢᠯᠡᠰ᠂ ᠭᠠᠮᠰᠢᠭ ᠢ ᠵᠠᠰᠠᠨ ᠰᠡᠷᠭᠦᠭᠡᠬᠦ ᠵᠡᠷᠭᠡ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠠᠵᠠᠷ ᠰᠢᠷᠣᠶ ᠶᠢᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠣᠷᠣᠭᠤᠯᠤᠯᠲᠠ ᠪᠠᠷ ᠭᠤᠤᠯᠯᠠᠭᠤᠯᠤᠨ ᠡᠯ᠎ᠡ ᠱᠠᠲᠤᠨ ᠤ ᠪᠠᠯᠠ ᠮᠥᠩᠭᠦ ᠵᠢᠴᠢ ᠡᠯ᠎ᠡ ᠲᠥᠷᠥᠯ ᠤᠨ ᠬᠠᠮᠠᠭᠠᠯᠠᠯᠲᠠ ᠶᠢᠨ ᠭᠠᠵᠠᠷ ᠤᠨ ᠨᠥᠬᠦᠪᠥᠷᠢ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠵᠦ᠂ ᠪᠠᠯᠠ ᠮᠥᠩᠭᠦ ᠶᠢᠨ ᠣᠷᠣᠭᠤᠯᠤᠯᠲᠠ ᠶᠢᠨ ᠪᠠᠲᠤᠯᠠᠭ᠎ᠠ ᠶᠢᠨ ᠲᠦᠷᠢᠮ ᠢ ᠠᠮᠢ ᠠᠬᠤᠶ ᠶᠢᠨ ᠨᠥᠬᠦᠪᠥᠷᠢ ᠶᠢᠨ ᠣᠷᠣᠭᠤᠯᠤᠯᠲᠠ ᠪᠠ ᠬᠠᠮᠠᠭᠠᠯᠠᠯᠲᠠ ᠶᠢᠨ ᠭᠠᠵᠠᠷ ᠤᠨ ᠪᠠᠶᠢᠭ᠎ᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠱᠠᠩᠨᠠᠵᠤ ᠨᠥᠬᠦᠪᠥᠷᠢᠯᠡᠬᠦ ᠲᠣᠭᠲᠠᠴᠠ ᠶᠢᠨ ᠣᠷᠣᠭᠤᠯᠤᠯᠲᠠ ᠶᠢ ᠴᠢᠩᠭᠠᠳᠬᠠᠵᠤ᠂ ᠬᠠᠮᠠᠭᠠᠯᠠᠯᠲᠠ ᠶᠢᠨ ᠭᠠᠵᠠᠷ ᠤᠨ ᠥᠨᠳᠥᠷ ᠬᠢᠷᠢ ᠲᠦᠪᠰᠢᠨ ᠪᠥᠬᠦᠶ ᠬᠠᠮᠢᠶᠠᠷᠤᠯᠲᠠ ᠶᠢ ᠪᠦᠲᠦᠮᠵᠢᠲᠡᠶ ᠤᠷᠮᠠᠰᠢᠭᠤᠯᠬᠤ ᠬᠡᠷᠡᠭᠲᠡᠶ︔ ᠭᠤᠤᠯᠳᠠᠯᠭ᠎ᠠ ᠲᠠᠢ ᠲᠥᠷᠥᠯ ᠵᠦᠢᠯ ᠤᠨ ᠣᠷᠣᠭᠤᠯᠤᠯᠲᠠ ᠶᠢ ᠴᠢᠩᠭᠠᠳᠬᠠᠵᠤ᠂ ᠨᠠᠷᠢᠯᠢᠭ ᠤᠨᠤᠪᠴᠢᠳᠠᠢ ᠪᠠᠷ ᠦᠢᠯᠡᠴᠢᠯᠡᠬᠦ ᠲᠥᠷᠥᠯ ᠵᠦᠢᠯ ᠢ ᠨᠠᠶᠢᠳᠠᠪᠤᠷᠢᠵᠢᠭᠤᠯᠤᠨ᠂ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ︔ ᠭᠠᠮᠰᠢᠭ ᠢ ᠵᠠᠰᠠᠨ ᠰᠡᠷᠭᠦᠭᠡᠬᠦ ᠣᠷᠣᠭᠤᠯᠤᠯᠲᠠ ᠶᠢ ᠪᠠᠲᠤᠯᠠᠵᠤ᠂ ᠪᠠᠶᠢᠭᠠᠯᠢ ᠶᠢᠨ ᠭᠠᠮᠰᠢᠭ ᠤᠨ ᠨᠥᠯᠥᠭᠡ ᠶᠢ ᠪᠠᠭᠠᠰᠬᠠᠨ᠎ᠠ᠃    ︵ᠭᠤᠷᠪᠠ︶ ᠬᠠᠷᠢᠭᠤᠴᠠᠯᠭ᠎ᠠ ᠶᠢᠨ ᠰᠢᠯᠭᠠᠨ ᠬᠢᠨᠠᠬᠤ ᠶᠢ ᠴᠢᠩᠭᠠᠷᠠᠭᠤᠯᠵᠤ᠂ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠴᠢᠩᠳᠠᠯᠠᠨ᠎ᠠ᠃    ᠣᠨ ᠤ ᠪᠤᠶᠤ ᠬᠤᠭᠤᠴᠠᠭ᠎ᠠ ᠬᠤᠪᠢᠶᠠᠨ ᠬᠡᠷᠡᠭᠵᠢᠭᠦᠯᠬᠦ ᠲᠥᠯᠥᠪᠯᠡᠭᠡ ᠲᠣᠭᠲᠠᠭᠠᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠣᠨ ᠤ ᠬᠢᠨᠠᠨ ᠰᠢᠨᠵᠢᠵᠦ ᠵᠠᠳᠠᠯᠤᠯᠲᠠ ᠬᠢᠬᠦ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠬᠢᠬᠦ ᠪᠠ ᠳ᠋ᠦᠩᠨᠡᠵᠦ ᠦᠨᠡᠯᠡᠨ ᠵᠢᠱᠢᠬᠦ ᠶᠢ ᠥᠷᠨᠢᠭᠦᠯᠦᠨ᠎ᠡ᠃ ᠴᠠᠭ ᠲᠤᠨᠢ ᠲᠣᠬᠢᠷᠠᠭᠤᠯᠤᠨ ᠦᠨᠡᠯᠡᠵᠦ ᠬᠢᠨᠠᠨ ᠰᠢᠯᠭᠠᠭᠰᠠᠨ ᠦᠷ᠎ᠡ ᠳ᠋ᠦᠩ ᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠᠲᠤ ᠦᠨᠡᠯᠡᠵᠦ ᠬᠢᠨᠠᠨ ᠰᠢᠯᠭᠠᠬᠤ ᠰᠢᠰᠲ᠋ᠧᠮ ᠳᠤ ᠣᠷᠣᠭᠤᠯᠵᠤ᠂ ᠨᠠᠮ ᠵᠠᠰᠠᠭ ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠶᠡᠷᠦᠩᠬᠡᠶᠢᠯᠡᠭᠰᠡᠨ ᠦᠨᠡᠯᠡᠯᠲᠡ ᠵᠢᠴᠢ ᠬᠠᠷᠢᠭᠤᠴᠠᠯᠭ᠎ᠠ ᠨᠡᠬᠡᠮᠵᠢᠯᠡᠬᠦ᠂ ᠲᠤᠰᠢᠶᠠᠯ ᠠᠴᠠ ᠪᠠᠨ ᠰᠠᠯᠬᠤ ᠶᠢ ᠬᠢᠨᠠᠨ ᠪᠤᠳᠤᠬᠤ ᠴᠢᠬᠤᠯᠠ ᠯᠠᠪᠯᠠᠯᠲᠠ ᠪᠣᠯᠭᠠᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠬᠠᠤᠯᠢ ᠬᠡᠷᠡᠭᠵᠢᠭᠦᠯᠬᠦ ᠡᠷᠬᠡ ᠣᠯᠭᠤᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠬᠡᠷᠡᠭᠵᠢᠬᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠪᠠᠶᠢᠴᠠᠭᠠᠯᠲᠠ ᠶᠢᠨ ᠲᠤᠰᠬᠠᠶ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠰᠤᠯᠠ ᠪᠠᠶᠢᠭ᠎ᠠ ᠬᠠᠷᠢᠭᠤᠴᠠᠯᠭᠠᠲᠠᠨ ᠪᠠ ᠬᠠᠷᠢᠭᠤᠴᠠᠯᠭᠠᠲᠤ ᠨᠢᠭᠡᠴᠡ ᠠᠴᠠ ᠬᠠᠷᠢᠭᠤᠴᠠᠯᠭ᠎ᠠ ᠨᠡᠬᠡᠮᠵᠢᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠪᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ᠃    ︵ᠲᠦᠷᠪᠡ︶ ᠠᠮᠢ ᠠᠬᠤᠢ ᠶᠢᠨ ᠰᠣᠶᠣᠯ ᠢ ᠥᠷᠭᠡᠨ ᠢᠶᠠᠷ ᠤᠬᠠᠭᠤᠯᠤᠨ ᠬᠦᠳᠦᠯᠦᠨ ᠵᠢᠯᠣᠭᠤᠳᠴᠤ᠂ ᠪᠠᠳᠠᠷᠠᠭᠤᠯᠤᠨ ᠳᠡᠯᠭᠡᠷᠡᠭᠦᠯᠦᠨ᠎ᠡ᠃    ᠤᠨᠤᠯ ᠢ ᠤᠬᠠᠭᠤᠯᠤᠨ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠪᠠ ᠢᠨᠲ᠋ᠧᠷ ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠶᠡᠬᠡᠪᠡᠷ ᠤᠯᠠᠮᠵᠢᠯᠠᠨ ᠲᠠᠷᠬᠠᠭᠠᠵᠤ᠂ ᠨᠡᠶᠢᠭᠡᠮ ᠤᠨ ᠡᠯ᠎ᠡ ᠡᠲᠡᠭᠡᠳ ᠤᠨ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠤᠨ᠂ ᠪᠣᠬᠢᠷᠲᠤᠯ ᠥᠬᠡᠶ ᠪᠣᠯᠪᠠᠰᠤᠨ ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃ ᠡᠯ᠎ᠡ ᠲᠥᠷᠥᠯ ᠤᠨ ᠵᠠᠭᠤᠴᠢᠯᠠᠭᠤᠷ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ᠂ ᠠᠵᠢᠯ ᠲᠥᠷᠥᠯ ᠤᠨ ᠨᠡᠶᠢᠭᠡᠮᠯᠢᠭ᠂ ᠠᠵᠤ ᠦᠢᠯᠡᠰ ᠤᠨ ᠬᠤᠯᠪᠣᠭ᠎ᠠ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠬᠢᠨᠠᠯᠲᠠ ᠲᠠᠯᠪᠢᠬᠤ ᠶᠢ ᠥᠭᠦᠯᠡᠬᠦ ᠵᠡᠷᠭᠡ ᠢᠳᠡᠪᠬᠢᠲᠡᠶ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠷᠡᠭᠯᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠪᠣᠬᠢᠷᠲᠤᠯ ᠥᠬᠡᠶ ᠬᠡᠷᠡᠭᠯᠡᠭᠡᠨ ᠤ ᠣᠨᠣᠯᠵᠢᠬᠤᠨ ᠢ ᠪᠣᠶ ᠪᠤᠯᠭᠠᠨ᠂ ᠬᠡᠷᠡᠭᠯᠡᠭᠡᠨ ᠤ ᠭᠤᠭᠴᠤᠭ᠎ᠠ ᠠᠴᠠ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠭᠡᠳᠡᠷᠭᠦ ᠰᠢᠬᠠᠵᠤ ᠪᠠᠶᠢᠭᠰᠠᠨ ᠢ ᠪᠣᠬᠢᠷᠲᠤᠯ ᠥᠬᠡᠶ ᠦᠢᠯᠡᠳᠭᠦᠨ᠂ ᠪᠣᠬᠢᠷᠲᠤᠯ ᠥᠬᠡᠶ ᠮᠡᠷᠭᠡᠵᠢᠯ᠂ ᠪᠣᠬᠢᠷᠲᠤᠯ ᠥᠬᠡᠶ ᠠᠵᠤ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠪᠣᠯᠭᠠᠨ ᠬᠤᠪᠢᠷᠠᠭᠤᠯᠤᠨ᠎ᠠ᠃        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3