ᠹᠧᠩᠵᠧᠨ ᠬᠤᠲᠠ ᠶᠢᠨ ᠠᠷᠠᠳ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/7
ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠡ ᠳᠤ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ 2020 ᠣᠨ ᠤ 12 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠯᠪᠠᠨ ᠬᠡᠷ ᠤᠨ ᠬᠡᠷᠡᠭᠵᠢᠭᠦᠯᠵᠦ ᠪᠠᠶᠢᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠤᠭᠰᠠᠨ ᠢᠶᠠᠷ᠂ ᠦᠷᠭᠦᠯᠵᠢᠯᠡᠨ ᠬᠦᠴᠦᠨ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ  9 ᠬᠤᠪᠢ︔ ᠵᠠᠰᠠᠪᠤᠷᠢ ᠣᠷᠣᠭᠤᠯᠬᠤ ᠪᠠᠷ ᠪᠠᠶᠢᠭ᠎ᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ 2 ᠬᠤᠪᠢ ᠪᠠᠶᠢᠨ᠎ᠠ᠃ ᠵᠠᠰᠠᠪᠤᠷᠢ ᠣᠷᠣᠭᠤᠯᠬᠤ ᠪᠠᠷ ᠪᠠᠶᠢᠭ᠎ᠠ ᠭᠠᠷᠴᠠᠭ ᠲᠤ ᠵᠢᠭᠰᠠᠭᠠᠨ ᠣᠷᠣᠭᠤᠯᠤᠭᠰᠠᠨ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠨᠢᠭᠡᠴᠡ ᠨᠦᠭᠦᠳ ᠰᠢᠨ᠎ᠡ ᠪᠢᠴᠢᠭ ᠮᠠᠲ᠋ᠧᠷᠢᠶᠠᠯ ᠳᠤ ᠲᠦᠷᠭᠡᠬᠡᠨ ᠵᠠᠰᠠᠪᠤᠷᠢ ᠣᠷᠣᠭᠤᠯᠵᠤ ᠨᠡᠶᠢᠲᠡᠯᠡᠬᠦ ᠬᠡᠷᠡᠭᠲᠡᠶ᠃ ᠢᠯᠭᠠᠷᠠᠭᠤᠯᠤᠨ ᠳᠢᠭᠯᠡᠭᠰᠡᠨ ᠦᠷ᠎ᠡ ᠳ᠋ᠦᠩ ᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠠᠴᠠ ᠨᠢᠭᠡᠨᠲᠡ ᠰᠤᠳᠤᠯᠤᠨ ᠪᠠᠳᠤᠯᠠᠭᠠᠳ ᠡᠳᠦᠭᠡ ᠨᠡᠶᠢᠲᠡᠯᠡᠪᠡ᠃       ᠲᠤᠰᠬᠠᠶᠢᠯᠠᠨ ᠮᠡᠳᠡᠭᠳᠡᠪᠡ                                      2021 ᠣᠨ ᠤ 11 ᠰᠠᠷ᠎ᠠ ᠶᠢᠨ 8 ᠤ ᠡᠳᠦᠷ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3