| ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠬᠤᠯᠪᠣᠭᠳᠠᠯ ᠪᠦᠬᠦᠢ | ᠨᠢᠬᠡᠴᠡ ᠳᠤ᠄ | ︽ᠹᠧᠩᠵᠧᠨ ᠬᠤᠲᠠ ᠶᠢᠨ 2021 ᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠠᠵᠢᠯ ᠤᠨ ᠬᠡᠷᠡᠭᠵᠢᠭᠦᠯᠬᠦ ᠲᠥᠰᠦᠯ︾ ᠢ ᠹᠧᠩᠵᠧᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯᠳᠤᠭᠠᠨ ᠠᠴᠠ ᠨᠢᠭᠡᠨᠲᠡ ᠬᠢᠨᠠᠨ ᠵᠥᠪᠯᠡᠵᠦ | ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃ | ᠡᠭᠦᠨ ᠤ ᠲᠤᠯᠠ ᠮᠡᠳᠡᠭᠳᠡᠪᠡ | 2021 ᠣᠨ ᠤ 11 ᠰᠠᠷ᠎ᠠ ᠶᠢᠨ 17 | | | ᠹᠧᠩᠵᠧᠨ ᠬᠤᠲᠠ ᠶᠢᠨ 2021 ᠣᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠠᠵᠢᠯ ᠤᠨ ᠬᠡᠷᠡᠭᠵᠢᠭᠦᠯᠬᠦ ᠲᠥᠰᠦᠯ | | ᠣᠳᠣᠬᠠᠨ ᠤ ᠮᠠᠨ ᠤ ᠬᠤᠲᠠ ᠶᠢᠨ ᠬᠤᠲᠠ ᠶᠢᠨ ᠬᠠᠮᠢᠶᠠᠷᠤᠯᠲᠠ ᠳᠤ ᠲᠤᠯᠭᠠᠷᠠᠵᠤ ᠪᠠᠶᠢᠭ᠎ᠠ ᠬᠦᠴᠢᠷ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ | ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠶᠢᠨ ᠲᠦᠯᠦᠭᠡ᠂ ︽ᠤᠯᠠᠭᠠᠨᠴᠠᠪ ᠬᠤᠲᠠ ᠶᠢᠨ 2021 ᠣᠨ ᠤ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ | ᠮᠠᠨ ᠤ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ | ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠶ ᠱᠦᠵᠢ ᠶᠢᠨ ︽ᠬᠤᠲᠠ ᠶᠢᠨ ᠬᠠᠮᠢᠶᠠᠷᠤᠯᠲᠠ ᠶᠢ | ᠬᠠᠳᠬᠤᠮᠠᠯ ᠬᠤᠸᠠᠷ ᠰᠢᠭ᠋ ᠨᠠᠷᠢᠯᠢᠭ ᠪᠠᠶᠢᠯᠭᠠᠬᠤ ᠬᠡᠷᠡᠭᠲᠡᠶ︾ ᠭᠡᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ | ᠠᠵᠠ ᠲᠣᠬᠢᠶᠠᠯ ᠪᠤᠯᠭᠠᠨ᠂ ᠬᠤᠲᠠ ᠶᠢᠨ ᠠᠰᠠᠭᠤᠳᠠᠯ ᠪᠠ ᠬᠤᠲᠠ ᠶᠢᠨ ᠡᠪᠡᠳᠴᠢᠨ ᠳᠤ ᠠᠩᠬᠠᠷᠤᠯ ᠢᠶᠠᠨ | ᠲᠥᠪᠯᠡᠷᠡᠭᠦᠯᠦᠨ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠵᠠᠰᠠᠯᠲᠠ ᠶᠢᠨ ᠰᠢᠰᠲ᠋ᠧᠮᠵᠢ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠂ ︽ᠴᠡᠪᠡᠷ ᠴᠡᠮᠴᠡᠭᠡᠷ᠂ ᠡᠮᠬᠢ ᠵᠢᠷᠤᠮ ᠲᠠᠢ᠂ | ᠠᠮᠤᠷ ᠲᠦᠪᠰᠢᠨ᠂ ᠣᠯᠠᠨ ᠲᠦᠮᠡᠨ ᠬᠠᠨᠤᠮᠵᠢᠲᠠᠶ︾ ᠬᠠᠷᠠᠯᠲᠠ ᠶᠢ ᠪᠡᠶᠡᠯᠡᠭᠦᠯᠦᠨ᠎ᠡ᠃ | ᠬᠤᠶᠠᠷ᠂ ᠭᠤᠣᠯᠳᠠᠯᠭ᠎ᠠ ᠲᠠᠢ ᠠᠵᠢᠯ | ︵ᠨᠢᠭᠡ︶ ᠲᠦᠷᠢᠮ ᠤᠨ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠬᠤᠳᠠ ᠶᠢᠨ ᠬᠠᠮᠢᠶᠠᠷᠤᠯᠲᠠ ᠶᠢᠨ | ᠲᠦᠷᠢᠮ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠰᠲ᠋ᠧᠮᠴᠢᠯᠡᠭᠰᠡᠨ ᠬᠠᠮᠢᠶᠠᠷᠤᠯᠲᠠ ᠶᠢᠨ | ᠰᠢᠰᠲ᠋ᠧᠮ ᠢ ᠪᠠᠶᠢᠭᠤᠯᠤᠨ᠎ᠠ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠶᠢᠨ ᠭᠠᠷ | ᠳᠡᠪᠲᠡᠷ ᠢ ᠰᠤᠳᠤᠯᠤᠨ ᠲᠤᠭᠤᠷᠪᠢᠵᠤ᠂ ᠠᠭᠤᠯᠭ᠎ᠠ ᠶᠢ ᠡᠮᠬᠢᠯᠡᠨ ᠳᠢᠭᠯᠡᠬᠦ᠂ ᠲᠦᠷᠢᠮ ᠤᠨ ᠪᠠᠶᠢᠭᠤᠯᠤᠯᠲᠠ ᠬᠢᠬᠦ᠂ | ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠬᠤ᠂ ᠡᠭᠦᠷᠭᠡ ᠴᠢᠳᠠᠪᠤᠷᠢ ᠶᠢ ᠳᠣᠷᠣᠭᠰᠢ ᠪᠠᠭᠤᠯᠭᠠᠬᠤ᠂ ᠬᠦᠴᠦᠨ ᠢ | ᠡᠮᠬᠢᠯᠡᠨ ᠨᠡᠶᠢᠯᠡᠭᠦᠯᠬᠦ ᠵᠡᠷᠭᠡ ᠲᠠᠯ᠎ᠠ ᠪᠠᠷ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ | ᠬᠡᠷᠡᠭᠵᠢᠭᠦᠯᠵᠦ᠂ ᠬᠤᠲᠠ ᠶᠢᠨ ᠬᠠᠮᠢᠶᠠᠷᠤᠯᠲᠠ ᠶᠢᠨ ᠠᠭᠤᠯᠭ᠎ᠠ ᠶᠢ ᠨᠠᠷᠢᠯᠢᠬᠵᠢᠭᠤᠯᠤᠭᠰᠠᠨ᠂ ᠬᠠᠷᠢᠭᠤᠴᠠᠯᠭ᠎ᠠ ᠶᠢ | ᠲᠣᠳᠣᠷᠬᠠᠶ ᠪᠣᠯᠭᠠᠭᠰᠠᠨ᠂ ᠪᠠᠷᠢᠮᠵᠢᠶ᠎ᠠ ᠶᠢ ᠪᠣᠳᠠᠲᠠᠶᠢᠵᠢᠭᠤᠯᠤᠭᠰᠠᠨ᠂ ᠲᠣᠭᠲᠠᠴᠠ ᠶᠢ ᠰᠢᠨ᠎ᠡ ᠶᠢ ᠡᠭᠦᠳᠦᠭᠰᠡᠨ᠂ | ᠰᠢᠯᠭᠠᠨ ᠦᠨᠡᠯᠡᠬᠦ ᠶᠢ ᠳᠦᠷᠢᠮᠵᠢᠭᠦᠯᠦᠭᠰᠡᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠪᠣᠶ | ᠪᠣᠯᠭᠠᠨ᠎ᠠ᠃ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂ | ᠣᠯᠠᠨ ᠲᠦᠮᠡᠨ ᠤ ᠬᠤᠲᠠ ᠶᠢᠨ ᠬᠠᠮᠢᠶᠠᠷᠤᠯᠲᠠ ᠳᠤ ᠣᠷᠣᠯᠴᠠᠬᠤ ᠠᠷᠭ᠎ᠠ ᠮᠠᠶ᠋ᠢᠭ ᠪᠠ ᠠᠷᠭ᠎ᠠ ᠶᠢ ᠲᠠᠰᠤᠷᠠᠯᠲᠠ ᠥᠬᠡᠶ | ᠬᠠᠶᠢᠨ ᠰᠦᠪᠡᠭᠴᠢᠯᠡᠵᠦ᠂ ᠲᠠᠭᠤ ᠴᠡᠴᠡᠷᠡᠭᠦᠯᠬᠦ᠂ ᠭᠠᠷ ᠲᠦᠷᠭᠡᠨ ᠳᠠᠮᠵᠢᠭᠤᠯᠬᠤ᠂ ᠸᠢᠴᠠᠲ ᠤᠨ ᠨᠡᠶᠢᠲᠡ ᠶᠢᠨ | ᠳ᠋ᠤᠭᠠᠷ ᠵᠡᠷᠭᠡ ᠭᠠᠷ ᠤᠲᠠᠰᠤᠨ ᠤ ᠬᠡᠷᠡᠭᠯᠡᠭᠡ ᠪᠠᠷ ᠳᠠᠮᠵᠢᠭᠤᠯᠤᠨ ︽ᠭᠠᠷ ᠤᠨ ᠠᠶ᠎ᠠ ᠪᠠᠷ ᠰᠡᠭᠦᠳᠡᠷᠯᠡᠬᠦ︾ ᠶᠢᠨ | ᠬᠤᠲᠠ ᠶᠢᠨ ᠬᠠᠮᠢᠶᠠᠷᠤᠯᠲᠠ ᠳᠤ ᠦᠵᠡᠭᠦᠯᠬᠦ ᠬᠢᠨᠠᠨ ᠬᠠᠮᠢᠶᠠᠷᠬᠤ ᠦᠢᠯᠡᠳᠦᠯ ᠢ ᠴᠢᠩᠭᠠᠷᠠᠭᠤᠯᠵᠤ᠂ ᠣᠯᠠᠨ ᠲᠦᠮᠡᠨ ᠤ | ᠬᠢᠨᠠᠯᠲᠠ ᠬᠠᠮᠢᠶᠠᠷᠤᠯᠲᠠ ᠪᠠᠷ ᠠᠵᠢᠯ ᠤᠨ ᠥᠷᠨᠢᠯᠲᠡ ᠶᠢ ᠳᠥᠯᠭᠢᠨ ᠠᠬᠢᠭᠤᠯᠬᠤ ᠬᠡᠷᠡᠭᠲᠡᠶ᠃ ᠣᠯᠠᠨ ᠲᠦᠮᠡᠨ ᠤ | ᠰᠠᠨᠠᠯ ᠬᠤᠷᠢᠶᠠᠬᠤ ᠲᠦᠷᠢᠮ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠠᠨᠠᠯ ᠰᠠᠨᠠᠭᠤᠯᠭ᠎ᠠ ᠶᠢ ᠭᠦᠨᠵᠡᠭᠡᠶ | ᠬᠤᠷᠢᠶᠠᠵᠤ᠂ ᠣᠯᠠᠨ ᠲᠦᠮᠡᠨ ᠤ ᠣᠷᠣᠯᠴᠠᠬᠤ ᠶᠢ ᠪᠣᠳᠠᠲᠠᠶᠢᠵᠢᠭᠤᠯᠬᠤ᠂ ᠣᠯᠠᠨ ᠨᠡᠶᠢᠲᠡ ᠶᠢᠨ ᠬᠢᠨᠠᠯᠲᠠ | ᠲᠠᠯᠪᠢᠯᠲᠠ ᠶᠢ ᠬᠦᠴᠦᠲᠡᠶ ᠪᠣᠯᠭᠠᠬᠤ᠂ ᠨᠡᠶᠢᠭᠡᠮ ᠢᠶᠠᠷ ᠢᠶᠠᠨ ᠬᠠᠮᠲᠤᠪᠠᠷ ᠪᠠᠶᠢᠭᠤᠯᠵᠤ ᠬᠠᠮᠲᠤᠪᠠᠷ ᠬᠠᠮᠢᠶᠠᠷᠬᠤ | ᠬᠤᠲᠠ ᠶᠢᠨ ᠬᠠᠮᠢᠶᠠᠷᠤᠯᠲᠠ ᠶᠢᠨ ᠠᠭᠤᠷ ᠠᠮᠢᠰᠬᠤᠯ ᠢ ᠠᠯᠬᠤᠮ ᠠᠯᠬᠤᠮ ᠢᠶᠠᠷ ᠪᠣᠶ ᠪᠣᠯᠭᠠᠬᠤ ᠬᠡᠷᠡᠭᠲᠡᠶ᠃ ︵ | ᠲᠦᠷᠦᠭᠦᠯᠡᠬᠦ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ︔ ᠬᠠᠮᠵᠢᠯᠴᠠᠬᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ︵ᠬᠤᠶᠠᠷ︶ ᠲᠣᠤᠷᠵᠢᠭᠤᠯᠤᠭᠰᠠᠨ ᠬᠠᠮᠢᠶᠠᠷᠤᠯᠲᠠ ᠶᠢ ᠠᠬᠢᠭᠤᠯᠤᠨ᠎ᠠ᠃ ᠬᠤᠳᠠ ᠶᠢᠨ ᠲᠣᠣᠷᠵᠢᠯ ᠤᠨ | ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠤᠳᠠ ᠶᠢᠨ ᠲᠣᠣᠷᠵᠢᠯ ᠤᠨ ᠬᠠᠮᠢᠶᠠᠷᠤᠯᠲᠠ ᠶᠢ ᠨᠡᠶᠢᠭᠡᠮ ᠤᠨ ᠶᠡᠷᠦᠩᠬᠡᠶᠢᠯᠡᠨ | ᠵᠠᠰᠠᠬᠤ ᠵᠡᠷᠭᠡ ᠲᠣᠣᠷᠵᠢᠯ ᠳᠤ ᠣᠷᠣᠭᠤᠯᠤᠨ᠎ᠠ᠃ ᠬᠤᠲᠠ ᠶᠢᠨ ᠬᠠᠮᠢᠶᠠᠷᠤᠯᠲᠠ ᠶᠢ ᠨᠡᠶᠢᠭᠡᠮ ᠲᠣᠭᠤᠷᠢᠭ ᠲᠤ | ᠣᠷᠣᠭᠤᠯᠬᠤ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷᠵᠢᠭᠤᠯᠤᠭᠰᠠᠨ | ᠬᠠᠮᠢᠶᠠᠷᠤᠯᠲᠠ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ︽ | ᠵᠡᠭᠡᠯᠢ ᠭᠤᠳᠤᠮᠵᠢ ᠶᠢᠨ ᠳᠠᠷᠤᠭ᠎ᠠ ᠶᠢᠨ ᠲᠦᠷᠢᠮ︾ ᠤᠨ ᠬᠠᠮᠢᠶᠠᠷᠤᠯᠲᠠ ᠶᠢᠨ ᠵᠠᠭᠪᠤᠷ ᠢ ᠴᠢᠩᠭ᠎ᠠ ᠬᠡᠷᠡᠭᠵᠢᠭᠦᠯᠬᠦ | ᠬᠡᠷᠡᠭᠲᠡᠶ᠃ ᠵᠡᠭᠡᠯᠢ ᠭᠤᠳᠤᠮᠵᠢ ᠬᠢᠭᠡᠳ ᠰᠠᠯᠠᠭ᠎ᠠ ᠮᠥᠴᠢᠷ ᠤᠨ ᠬᠠᠮᠲᠤᠷᠠᠭᠰᠠᠨ ᠦᠢᠯᠡᠴᠢᠯᠡᠭᠡᠨ ᠤ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠡᠶᠢᠭᠡᠮ | ᠲᠣᠭᠤᠷᠢᠭ ᠤᠨ ᠲᠣᠤᠷ ᠪᠠ ᠲᠣᠤᠷ ᠰᠦᠯᠵᠢᠶᠡᠨ ᠤ ᠠᠵᠢᠯᠲᠠᠨ ᠬᠢᠭᠡᠳ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠥᠮᠴᠢᠲᠡᠨ ᠤ ᠵᠥᠪᠯᠡᠯ᠂ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ᠂ ᠰᠠᠭᠤᠭᠠᠯᠢ ᠠᠷᠠᠳ ᠵᠡᠷᠭᠡ ᠶᠢ ᠵᠣᠯᠭᠠᠭᠤᠯᠬᠤ ᠠᠵᠢᠯ ᠤᠨ ᠲᠣᠭᠲᠠᠴᠠ ᠶᠢ | ᠪᠠᠶᠢᠭᠤᠯᠵᠤ᠂ ᠬᠤᠲᠠ ᠶᠢᠨ ᠬᠠᠮᠢᠶᠠᠷᠤᠯᠲᠠ ᠦᠢᠯᠡᠴᠢᠯᠡᠭᠡᠨ ᠤ ᠪᠠᠯᠠᠶ ᠣᠷᠣᠨ ᠢ ᠦᠨᠳᠦᠰᠦᠨ ᠠᠴᠠ ᠨᠢ ᠵᠠᠰᠠᠵᠤ᠂ | ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠮᠵᠢᠯᠴᠠᠬᠤ | ᠨᠢᠭᠡᠴᠡ᠄ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ︵ᠭᠤᠷᠪᠠ︶ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ ᠰᠦᠪᠡᠭᠴᠢᠯᠡᠨ ᠥᠷᠨᠢᠭᠦᠯᠦᠨ᠎ᠡ᠃ ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠬᠤᠰᠢᠭᠤᠴᠢ ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ᠮᠠᠨ ᠤ | ᠬᠤᠲᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠬᠡᠷᠡᠭᠵᠢᠭᠦᠯᠬᠦ | ᠲᠥᠰᠦᠯ ᠢ ᠲᠤᠬᠳᠠᠭᠠᠨ᠂ ︽ᠨᠢᠭᠡ ᠵᠢᠯ ᠳᠤ ᠨᠢᠭᠡ ᠪᠡᠶ᠎ᠡ ᠶᠢᠨ ᠪᠠᠶᠢᠴᠠᠭᠠᠯᠲᠠ ᠬᠢᠵᠦ᠂ ᠲᠠᠪᠤᠨ ᠵᠢᠯ ᠳᠤ ᠨᠢᠭᠡ | ᠦᠨᠡᠯᠡᠯᠲᠡ ᠬᠢᠬᠦ︾ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠳᠦᠷᠢᠮ ᠢ ᠰᠦᠪᠡᠭᠴᠢᠯᠡᠨ ᠪᠠᠶᠢᠭᠤᠯᠵᠤ | ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ᠂ ᠡᠷᠡᠭᠦᠯ ᠲᠣᠬᠢᠯᠢᠭ᠂ ᠠᠮᠤᠷ ᠲᠦᠪᠰᠢᠨ ᠤᠶᠠᠨ | ᠬᠠᠳᠠᠨ ᠴᠢᠨᠠᠷ᠂ ᠵᠠᠮ ᠬᠠᠷᠢᠯᠴᠠᠭ᠎ᠠ ᠳᠥᠭᠦᠮ ᠳᠥᠲᠡ᠂ ᠳᠦᠷᠰᠦ ᠪᠠᠶᠢᠳᠠᠯ ᠥᠪᠡᠷᠮᠢᠴᠡ ᠣᠨᠴᠠᠯᠢᠭ ᠲᠠᠢ᠂ ᠴᠡᠪᠡᠷ | ᠲᠡᠭᠰᠢ ᠡᠮᠬᠢ ᠳᠢᠭᠯᠢᠮ ᠲᠠᠢ᠂ ᠣᠯᠠᠨ ᠡᠰᠢᠲᠦ ᠪᠠᠭᠲᠠᠭᠠᠮᠵᠢᠲᠠᠶ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ | ᠵᠡᠷᠭᠡ 8 ᠲᠠᠯ᠎ᠠ ᠶᠢᠨ ᠲᠣᠭᠤᠷᠢᠨ ᠳᠤ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ ᠬᠤᠲᠠ ᠶᠢᠨ | ᠪᠡᠶ᠎ᠡ ᠶᠢᠨ ᠪᠠᠶᠢᠴᠠᠭᠠᠯᠲᠠ ᠶᠢᠨ ᠬᠦᠢᠴᠡᠳᠭᠡᠯ ᠲᠤᠭ᠎ᠠ ᠶᠢᠨ ᠲᠤᠭ᠎ᠠ ᠪᠠᠷᠢᠮᠲᠠ ᠳᠤ ᠪᠥᠬᠦ ᠲᠠᠯ᠎ᠠ ᠪᠠᠷ᠂ ᠪᠤᠰᠤᠳᠴᠢ ᠪᠠᠷ | ᠵᠠᠳᠠᠯᠤᠯᠲᠠ ᠦᠨᠡᠯᠡᠯᠲᠡ ᠬᠢᠵᠦ᠂ ᠬᠤᠲᠠ ᠶᠢᠨ ᠬᠥᠭᠵᠢᠯᠲᠡ ᠶᠢᠨ ᠪᠠᠭᠤᠷᠠᠶ ᠲᠠᠯ᠎ᠠ᠂ ᠲᠤᠳᠠᠬᠳᠠᠯ ᠢ ᠡᠷᠢᠨ ᠭᠠᠷᠭᠠᠵᠤ᠂ | ᠬᠤᠲᠠ ᠶᠢᠨ ᠬᠥᠭᠵᠢᠯᠲᠡ ᠶᠢ ᠬᠠᠷᠰᠢᠯᠠᠵᠤ ᠪᠠᠶᠢᠭ᠎ᠠ ︽ᠬᠡᠮ︾ ᠢ ᠲᠤᠳᠤᠷᠬᠠᠶᠢᠯᠠᠨ᠂ ᠬᠤᠲᠠ ᠶᠢᠨ ᠣᠷᠣᠰᠢᠨ | ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠪᠤᠰᠤᠳᠴᠢ ᠪᠠᠷ ᠵᠠᠳᠠᠯᠤᠨ | ᠦᠨᠡᠯᠡᠵᠦ᠂ ᠵᠣᠬᠢᠴᠠᠩᠭᠤᠶ ︽ᠬᠤᠲᠠ ᠶᠢᠨ ᠡᠪᠡᠳᠴᠢᠨ︾ ᠢ ᠵᠠᠰᠠᠬᠤ ᠠᠷᠭ᠎ᠠ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠤᠨ ᠭᠠᠷᠭᠠᠵᠤ᠂ ᠬᠤᠲᠠ ᠶᠢᠨ ︽ᠡᠪᠡᠳᠴᠢᠨ︾ ᠢ ᠴᠠᠭ ᠲᠤᠬᠠᠶ ᠳᠤᠨᠢ ︽ᠵᠠᠰᠠᠵᠤ︾ ᠥᠭᠬᠦ ᠬᠡᠷᠡᠭᠲᠡᠶ᠃ ︵ | ᠲᠦᠷᠦᠭᠦᠯᠡᠬᠦ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ︶ | ︵ᠳᠥᠷᠪᠡ︶ ᠬᠤᠲᠠ ᠶᠢᠨ ᠰᠢᠨᠡᠴᠢᠯᠡᠯᠲᠡ ᠶᠢ ᠥᠷᠨᠢᠭᠦᠯᠦᠨ᠎ᠡ᠃ ᠬᠥᠬᠡᠬᠤᠲᠠ᠂ ᠪᠤᠭᠤᠲᠤ ᠬᠤᠲᠠ ᠵᠡᠷᠭᠡ | ᠬᠤᠲᠠ ᠶᠢᠨ ᠰᠢᠨᠡᠳᠬᠡᠯᠲᠡ ᠶᠢᠨ ᠬᠤᠰᠢᠭᠤᠴᠢ ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ᠮᠠᠨ ᠤ | ᠬᠤᠲᠠ ᠶᠢᠨ ᠪᠣᠳᠠᠲᠠᠶ ᠳᠤ ᠨᠡᠶᠢᠴᠡᠬᠦ ᠬᠤᠲᠠ ᠶᠢᠨ ᠰᠢᠨᠡᠳᠬᠡᠯᠲᠡ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ | ᠲᠣᠭᠲᠠᠭᠠᠨ᠂ ᠬᠤᠲᠠ ᠶᠢᠨ ᠠᠮᠢ ᠠᠬᠤᠶ ᠶᠢ ᠰᠡᠷᠭᠦᠭᠡᠬᠦ ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠪᠥᠬᠦ ᠬᠤᠲᠠ ᠶᠢᠨ ᠰᠠᠭᠤᠷᠢ ᠳᠤᠲᠠᠭᠤ ᠪᠦᠰᠡ ᠲᠠᠰᠤᠷᠠᠭᠰᠠᠨ ᠭᠠᠵᠠᠷ ᠣᠷᠣᠨ ᠳᠤ ᠨᠥᠬᠦᠨ | ᠵᠠᠶᠢᠯᠠᠵᠤ᠂ ᠴᠡᠴᠡᠷᠯᠢᠭ ᠪᠠ ᠠᠭᠤᠳᠠᠮ ᠲᠠᠯᠠᠪᠠᠶ ᠶᠢᠨ ᠦᠵᠡᠮᠵᠢ ᠶᠢᠨ ᠪᠡᠯᠡᠳᠬᠡᠮᠵᠢ ᠶᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ ᠰᠡᠯᠪᠢᠨ ᠵᠠᠰᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠬᠡᠨ ᠤ | ᠪᠡᠯᠡᠳᠬᠡᠮᠵᠢ ᠶᠢᠨ ᠲᠤᠳᠠᠬᠳᠠᠯ ᠢ ᠲᠦᠷᠭᠡᠳᠬᠡᠨ ᠨᠥᠬᠦᠪᠥᠷᠢᠯᠡᠵᠦ᠂ ᠤᠰᠤ ᠬᠠᠩᠭᠠᠬᠤ᠂ ᠤᠰᠤ ᠵᠠᠯᠠᠬᠤ᠂ ᠢᠯᠴᠢ | ᠬᠠᠩᠭᠠᠬᠤ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢ | ᠴᠢᠩᠭᠠᠳᠬᠠᠨ᠂ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠬᠦ ᠲᠥᠷᠥᠯ ᠵᠦᠢᠯ᠂ | ᠢᠯᠴᠢ ᠶᠢᠨ ᠬᠤᠭᠤᠯᠠᠶ ᠶᠢᠨ ᠲᠣᠤᠷ ᠢ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠵᠢᠴᠢ | ᠤᠶᠤᠨᠲᠤ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠬᠡᠰᠡᠭ ᠲᠥᠷᠥᠯ ᠵᠦᠶ᠋ᠯ ᠢ ᠵᠢᠯ ᠤᠨ ᠳᠣᠲᠣᠷ᠎ᠠ | ᠦᠨᠳᠦᠰᠦᠨ ᠳᠡᠭᠡᠨ ᠪᠡᠶᠡᠯᠡᠭᠦᠯᠦᠨ᠎ᠡ᠃ ᠬᠤᠳᠠ ᠶᠢᠨ ᠬᠠᠷᠰᠢ ᠰᠠᠭᠠᠳ ᠦᠭᠡᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ︵ᠲᠦᠷᠦᠭᠦᠯᠡᠬᠦ ᠨᠢᠭᠡᠴᠡ᠄ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠡᠮᠳᠡᠭᠴᠦᠳ ᠤᠨ | ᠬᠤᠯᠪᠣᠭ᠎ᠠ︶ | ︵ᠲᠠᠪᠤ︶ ᠬᠤᠲᠠ ᠶᠢᠨ ᠲᠣᠭᠤᠷᠢᠭ ᠤᠨ ᠲᠡᠤᠬᠡ ᠶᠢᠨ ᠳᠦᠷᠰᠦ ᠪᠠᠶᠢᠳᠠᠯ ᠢ ᠬᠠᠮᠠᠭᠠᠯᠠᠨ᠎ᠠ᠃ ︽ᠬᠤᠲᠠ ᠶᠢ | ᠰᠢᠨᠡᠳᠬᠡᠨ ᠥᠭᠡᠷᠡᠴᠢᠯᠡᠬᠦ ᠳᠤᠮᠳᠠ ᠲᠡᠤᠬᠡ ᠰᠣᠶᠣᠯ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ ᠡᠪᠳᠡᠬᠦ | ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠲᠤᠬᠠᠶ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠦᠨᠡᠮᠰᠢᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ | ᠦᠯᠡᠳᠡᠭᠡᠪᠡᠰᠦ ᠵᠣᠬᠢᠬᠤ ᠶᠢ ᠨᠢ ᠪᠦᠬᠦᠨ ᠢ ᠦᠯᠡᠳᠡᠭᠡᠵᠦ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ | ᠦᠨᠡᠨᠬᠦ ᠪᠠᠲᠤᠯᠠᠬᠤ ᠬᠡᠷᠡᠭᠲᠡᠶ᠃ ᠯᠢᠩ ᠶᠠᠨ ᠰᠧ ᠰᠦᠮ᠎ᠡ᠂ ᠶᠢᠨ ᠯᠦᠩ ᠶᠡᠭᠡ ᠸᠠᠩ ᠤᠨ ᠰᠦᠮ᠎ᠡ᠂ ᠨᠠᠨ ᠭᠧ ᠵᠡᠷᠭᠡ | ᠤᠳᠤ ᠪᠠᠷ ᠦᠯᠡᠳᠡᠭᠳᠡᠵᠦ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯ ᠠᠴᠠ ᠠᠪᠤᠷᠠᠵᠤ ᠪᠠᠬᠢᠵᠢᠭᠦᠯᠬᠦ | ᠪᠠ ᠠᠮᠤᠷ ᠲᠦᠪᠰᠢᠨ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠲᠡᠦᠬᠡ ᠰᠣᠶᠣᠯ ᠤᠨ ᠰᠤᠳᠠᠰᠤ ᠶᠢ ᠦᠨᠡᠨᠬᠦ | ᠰᠠᠶᠢᠲᠤᠷ ᠬᠠᠮᠠᠭᠠᠯᠠᠨ ᠵᠠᠯᠭᠠᠮᠵᠢᠯᠠᠨ᠎ᠠ᠃ ︵ᠲᠦᠷᠦᠭᠦᠯᠡᠬᠦ ᠨᠢᠭᠡᠴᠡ᠄ ᠰᠣᠶᠣᠯ ᠵᠢᠭᠤᠯᠴᠢᠯᠠᠯ ᠤᠨ ᠲᠣᠪᠴᠢᠶ᠎ᠠ︔ | ᠬᠠᠮᠵᠢᠯᠴᠠᠬᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | | ︵ᠵᠢᠷᠭᠤᠭ᠎ᠠ︶ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ 2021 | ᠣᠨ ᠳᠤ ᠨᠢᠭᠡᠨᠲᠡ ᠲᠣᠭᠲᠠᠭᠠᠭᠰᠠᠨ ᠵᠠᠰᠠᠭ ᠤᠨ ᠣᠷᠳᠣᠨ ᠤ ᠵᠢᠵᠢᠭ ᠲᠣᠭᠤᠷᠢᠭ᠂ ᠶᠠᠪᠠᠭᠠᠨ ᠬᠥᠮᠦᠨ ᠤ ᠵᠢᠵᠢᠭ | ᠲᠣᠭᠤᠷᠢᠭ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠵᠢᠭ ᠲᠣᠭᠤᠷᠢᠭ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠵᠢᠵᠢᠭ ᠲᠣᠭᠤᠷᠢᠭ᠂ ᠲᠥᠯᠥᠪᠯᠡᠭᠡᠨ ᠤ ᠵᠥᠪᠯᠡᠯ ᠤᠨ ᠵᠢᠵᠢᠭ ᠲᠣᠭᠤᠷᠢᠭ᠂ ᠳᠤᠮᠳᠠᠳᠤ | ᠰᠤᠷᠭᠠᠭᠤᠯᠢ ᠶᠢᠨ ᠵᠢᠵᠢᠭ ᠲᠣᠭᠤᠷᠢᠭ᠂ ᠰᠢᠨ᠎ᠡ ᠪᠠᠷ ᠪᠠᠶᠢᠭᠤᠯᠤᠭᠰᠠᠨ ᠪᠠᠭ᠎ᠠ ᠰᠤᠷᠭᠠᠭᠤᠯᠢ ᠶᠢᠨ ᠬᠡᠷ ᠪᠦᠯᠢ ᠶᠢᠨ | ᠠᠰᠠᠷ ᠵᠡᠷᠭᠡ ᠲᠤᠯᠤᠭᠠᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ | ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠵᠦ᠂ ᠲᠣᠭᠲᠠᠭᠰᠠᠨ ᠬᠤᠭᠤᠴᠠᠭᠠᠨ ᠳᠤ ᠠᠵᠢᠯ ᠳᠠᠭᠤᠰᠬᠠᠬᠤ ᠶᠢ | ᠪᠠᠲᠤᠯᠠᠨ᠎ᠠ᠃ ᠬᠤᠭᠤᠯᠠᠶ ᠶᠢᠨ ᠲᠣᠣᠷ ᠢ ᠥᠭᠡᠷᠡᠴᠢᠯᠡᠬᠦ᠂ ᠡᠨᠧᠷᠭᠢ ᠠᠷᠪᠢᠯᠠᠬᠤ ᠥᠭᠡᠷᠡᠴᠢᠯᠡᠯᠲᠡ᠂ ᠨᠣᠭᠤᠭᠠᠷᠠᠭᠤᠯᠤᠨ | ᠭᠡᠷᠡᠯᠲᠦᠭᠦᠯᠬᠦ᠂ ᠠᠰᠠᠷ ᠢ ᠥᠩᠭᠡᠯᠡᠬᠦ᠂ ᠡᠭᠦᠳᠡ ᠴᠣᠩᠬᠤ ᠶᠢ ᠰᠣᠯᠢᠬᠤ᠂ ᠵᠢᠵᠢᠭ ᠲᠣᠭᠤᠷᠢᠭ ᠤᠨ ᠵᠠᠮ ᠵᠢᠴᠢ | ᠪᠤᠰᠤᠳ ᠠᠮᠢᠳᠤᠷᠠᠯ ᠤᠨ ᠢᠵᠢ ᠪᠦᠷᠢᠳᠦᠭᠦᠯᠬᠦ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠤᠯᠠᠨ | ᠲᠦᠮᠡᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠤᠨ᠎ᠠ᠃ ︵ᠲᠦᠷᠦᠭᠦᠯᠡᠬᠦ | ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠡ᠄ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ︵ᠳᠣᠯᠤᠭ᠎ᠠ︶ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠎ᠡ᠃ ᠡᠯ᠎ᠡ | ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠥᠮᠴᠢᠲᠡᠨ ᠤ ᠵᠥᠪᠯᠡᠯ᠂ ᠢᠯᠠᠩᠭᠤᠶ᠎ᠠ ᠪᠠᠷᠢᠯᠭ᠎ᠠ ᠶᠢᠨ ᠲᠠᠯᠠᠪᠠᠶ ᠪᠠᠷ | ᠪᠠᠭ᠎ᠠ᠂ ᠪᠠᠷᠢᠯᠭ᠎ᠠ ᠶᠢᠨ ᠴᠠᠭ ᠨᠢ ᠣᠷᠳᠣ ᠪᠠᠶᠢᠳᠠᠭ ᠲᠠᠩ ᠪᠡᠶᠡᠲᠦ ᠠᠰᠠᠷ ᠪᠠᠶᠢᠭᠤᠯᠬᠤ ᠶᠢ ᠢᠳᠡᠪᠬᠢᠲᠡᠶ ᠪᠠᠷ | ᠠᠬᠢᠭᠤᠯᠤᠨ᠎ᠠ᠃ ᠠᠷᠭ᠎ᠠ ᠵᠠᠮ ᠢ ᠥᠷᠭᠡᠨ ᠢᠶᠠᠷ ᠨᠡᠭᠡᠭᠡᠵᠦ᠂ ᠬᠡᠪᠴᠢᠶ᠎ᠡ ᠪᠠᠷ ᠶᠡᠭᠡ᠂ ᠬᠠᠮᠢᠶᠠᠷᠤᠯᠲᠠ ᠪᠠᠷ ᠵᠢᠩᠬᠢᠨᠢ | ᠠᠳᠠᠯ ᠠᠬᠤᠶ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠮᠠᠨ ᠤ ᠬᠤᠲᠠ ᠳᠤ ᠰᠠᠭᠤᠯᠭᠠᠨ᠂ ᠲᠣᠰ ᠭᠠᠵᠠᠷ | ᠣᠷᠣᠨ ᠤ ᠪᠠᠨ ᠠᠳᠠᠯ ᠠᠬᠤᠶ ᠶᠢᠨ ᠺᠣᠮᠫᠠᠨᠢ ᠶᠢ ᠳᠠᠶᠢᠴᠢᠯᠠᠨ ᠠᠳᠠᠯ ᠠᠬᠤᠶ ᠶᠢᠨ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠵᠢᠵᠢᠭ ᠲᠣᠭᠤᠷᠢᠭ ᠤᠨ ᠠᠳᠠᠯ ᠠᠬᠤᠶ ᠶᠢᠨ ᠠᠵᠤ ᠠᠬᠤᠶᠢᠯᠠᠯ ᠤᠨ | ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠳᠠᠯ ᠠᠬᠤᠶ ᠶᠢᠨ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠲᠥᠰᠦᠯ ᠢ ᠲᠣᠭᠲᠠᠭᠠᠨ᠂ ᠠᠳᠠᠯ ᠠᠬᠤᠶ ᠶᠢᠨ ᠠᠵᠤ ᠠᠬᠤᠶᠢᠯᠠᠯ ᠤᠨ ᠬᠢᠨᠠᠨ ᠰᠢᠯᠭᠠᠬᠤ ᠨᠠᠷᠢᠨ | ᠲᠦᠷᠢᠮ ᠢ ᠪᠠᠶᠢᠭᠤᠯᠵᠤ᠂ ᠮᠠᠨ ᠤ ᠬᠤᠲᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨᠬᠦ | ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠮᠢᠳᠤᠷᠠᠯ ᠤᠨ ᠦᠢᠯᠡᠴᠢᠯᠡᠭᠡ ᠶᠢ | ᠰᠦᠪᠡᠭᠴᠢᠯᠡᠨ ᠠᠬᠢᠭᠤᠯᠵᠤ᠂ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ | ᠦᠢᠯᠡᠴᠢᠯᠡᠭᠡ ᠶᠢ ᠬᠥᠭᠵᠢᠭᠦᠯᠦᠨ᠎ᠡ᠃ ︵ᠲᠦᠷᠦᠭᠦᠯᠡᠬᠦ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ | ᠦᠢᠯᠡᠴᠢᠯᠡᠭᠡᠨ ᠤ ᠲᠥᠪ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ︵ᠨᠠᠢᠮᠠ︶ ᠬᠤᠭ ᠨᠣᠪᠰᠢ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ 1. ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠤᠨ᠎ᠠ᠃ ᠮᠠᠨ ᠤ ᠬᠤᠲᠠ ᠶᠢᠨ ᠪᠣᠳᠠᠲᠠᠶ ᠳᠤ ᠨᠡᠶᠢᠴᠡᠭᠰᠡᠨ ︽ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠲᠥᠷᠥᠯ | ᠬᠤᠪᠢᠶᠠᠨ ᠲᠤᠷᠰᠢᠯᠲᠠ ᠬᠢᠬᠦ᠂ ᠪᠡᠯᠡᠳᠬᠡᠮᠵᠢ ᠶᠢ ᠬᠤᠷᠢᠶᠠᠨ ᠴᠤᠭᠯᠠᠭᠤᠯᠬᠤ᠂ ᠨᠡᠭᠦᠳᠡᠯ ᠬᠤᠷᠢᠶᠠᠨ ᠴᠤᠭᠯᠠᠭᠤᠯᠬᠤ ᠪᠠ | ᠲᠣᠭᠲᠠᠭᠰᠠᠨ ᠴᠠᠭ ᠲᠤ ᠲᠣᠭᠲᠠᠭᠰᠠᠨ ᠴᠡᠭ ᠲᠤ ᠬᠦᠷᠴᠦ ᠬᠤᠷᠢᠶᠠᠨ ᠴᠤᠭᠯᠠᠭᠤᠯᠬᠤ ᠵᠡᠷᠭᠡ ᠠᠷᠭ᠎ᠠ ᠮᠠᠶ᠋ᠢᠭ ᠢ | ᠠᠪᠴᠤ ᠪᠣᠳᠠᠲᠠᠶ ᠬᠡᠷᠡᠭᠵᠢᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠬᠤ ᠶᠢ ᠵᠤᠷᠢᠬᠵᠢᠭᠤᠯᠬᠤ ᠪᠠ ᠵᠠᠯᠬᠠᠭᠠᠨ | ᠴᠡᠭᠡᠷᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ | ᠴᠢᠩᠭᠠᠷᠠᠭᠤᠯᠤᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠵᠢᠯ ᠢ ᠯᠠᠪᠳᠠᠭᠤᠨ ᠢᠶᠠᠷ | ᠠᠬᠢᠭᠤᠯᠤᠨ᠎ᠠ᠃ ︵ᠲᠦᠷᠦᠭᠦᠯᠡᠬᠦ ᠨᠢᠭᠡᠴᠡ᠄ ᠣᠷᠴᠢᠨ ᠲᠣᠭᠤᠷᠢᠨ ᠤ ᠠᠷᠢᠭᠤᠨ ᠴᠡᠪᠡᠷ ᠤᠨ ᠺᠣᠮᠫᠠᠨᠢ︔ | ᠬᠠᠮᠵᠢᠯᠴᠠᠬᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠃ 2. ᠬᠤᠭ | ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠲᠠᠢ ᠤᠶᠠᠯᠳᠤᠭᠤᠯᠤᠨ᠂ ᠠᠮᠢᠳᠤᠷᠠᠯ ᠤᠨ ᠬᠤᠭ ᠨᠣᠪᠰᠢ ᠶᠢᠨ ᠦᠵᠦᠭᠦᠷ ᠢ | ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠬᠤᠭ ᠨᠣᠪᠰᠢ ᠶᠢ | ᠰᠢᠲᠠᠭᠠᠬᠤ᠂ ᠬᠤᠭᠤᠯᠠᠨ ᠬᠡᠷ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠬᠤᠭ ᠨᠣᠪᠰᠢ ᠶᠢ | ᠪᠤᠯᠠᠬᠤ᠂ ᠬᠥᠨᠥᠭᠡᠯᠲᠡᠶ ᠬᠤᠭ ᠨᠣᠪᠰᠢ ᠶᠢ ᠰᠢᠢᠳᠪᠦᠷᠢᠯᠡᠬᠦ ᠶᠢ ᠨᠢᠭᠡ ᠴᠣᠠᠠᠴᠠᠵᠢᠭᠤᠯᠥᠠᠠᠰᠠᠨ ᠠᠮᠢᠳᠤᠷᠠᠯ ᠤᠨ ᠬᠤᠭ | ᠨᠣᠪᠰᠢ ᠶᠢ ᠬᠠᠮᠵᠢᠯᠴᠠᠨ ᠰᠢᠢᠳᠪᠦᠷᠢᠯᠡᠵᠦ ᠠᠰᠢᠭᠯᠠᠬᠤ ᠰᠠᠭᠤᠷᠢᠨ ᠭᠠᠵᠠᠷ ᠢ ᠪᠠᠶᠢᠭᠤᠯᠵᠤ᠂ ᠬᠤᠭ ᠨᠣᠪᠰᠢ ᠶᠢ | ᠲᠥᠷᠥᠯ ᠬᠤᠪᠢᠶᠠᠨ ᠰᠢᠢᠳᠪᠦᠷᠢᠯᠡᠬᠦ᠂ ᠡᠬᠢ ᠪᠠᠶᠠᠯᠢᠭ ᠢ ᠠᠰᠢᠭᠯᠠᠬᠤ᠂ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ | ᠥᠨᠳᠥᠷ ᠦᠷ᠎ᠡ ᠪᠦᠲᠦᠮᠵᠢᠲᠡᠶ ᠪᠠᠷ ᠵᠣᠯᠭᠠᠭᠤᠯᠬᠤ ᠶᠢ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ︶᠃ 3. ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠵᠦ | ᠰᠢᠢᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠠᠷᠢᠯᠭ᠎ᠠ ᠶᠢᠨ ᠬᠤᠭ ᠨᠣᠪᠰᠢ ᠶᠢ ᠡᠬᠢ | ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ | ᠰᠢᠩᠭᠡᠭᠡᠬᠦ ᠲᠠᠯᠠᠪᠠᠶ ᠶᠢ ᠵᠦᠶ ᠵᠣᠬᠢᠰᠲᠠᠶ ᠪᠠᠶᠢᠷᠢᠰᠢᠭᠤᠯᠵᠤ᠂ ᠳᠠᠮᠵᠢᠭᠤᠯᠤᠨ ᠲᠡᠭᠡᠭᠡᠪᠦᠷᠢᠯᠡᠵᠦ ᠳᠣᠭᠢᠷᠠᠭᠤᠯᠬᠤ᠂ | ᠰᠢᠩᠭᠡᠭᠡᠵᠦ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠠᠯᠠᠪᠤᠷ ᠭᠠᠵᠠᠷ ᠢ ᠳᠣᠭᠢᠷᠠᠭᠤᠯᠤᠨ᠂ | ᠬᠤᠲᠠ ᠶᠢᠨ ᠬᠥᠭᠵᠢᠯᠲᠡ ᠯᠦᠭᠡ ᠬᠠᠷᠢᠯᠴᠠᠨ ᠳᠣᠭᠢᠷᠠᠯᠴᠠᠭᠰᠠᠨ ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠵᠦ | ᠰᠢᠢᠳᠪᠦᠷᠢᠯᠡᠬᠦ ᠰᠢᠰᠲ᠋ᠧᠮᠵᠢ ᠶᠢ ᠪᠣᠶ ᠪᠣᠯᠭᠠᠨ᠎ᠠ᠃ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠳᠡᠯᠭᠡᠷᠡᠭᠦᠯᠵᠦ᠂ ᠪᠠᠷᠢᠯᠭ᠎ᠠ ᠶᠢᠨ ᠠᠵᠤ ᠠᠬᠤᠶᠢᠯᠠᠯ ᠤᠨ ᠪᠠᠷᠢᠯᠭ᠎ᠠ ᠶᠢᠨ ᠬᠤᠭ ᠨᠣᠪᠰᠢ ᠶᠢ | ᠲᠤᠬᠠᠶ ᠶᠢᠨ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠷᠠᠭᠤᠯᠤᠨ | ᠂ ᠰᠢᠷᠣᠶ ᠰᠢᠭᠠᠷᠤ ᠶᠢᠨ ᠲᠡᠷᠭᠡ ᠶᠢ ᠬᠢᠨᠠᠨ ᠵᠥᠪᠰᠢᠶᠡᠷᠡᠭᠦᠯᠬᠦ ᠭᠠᠷᠳᠠᠮ ᠥᠬᠡᠶ᠂ ᠪᠢᠲᠡᠭᠦᠮᠵᠢᠯᠡᠨ ᠲᠡᠭᠡᠭᠡᠪᠦᠷᠢᠯᠡᠬᠦ | ᠥᠬᠡᠶ᠂ ᠵᠠᠮ ᠳᠠᠭᠠᠤ ᠠᠰᠬᠠᠵᠤ ᠬᠠᠶᠠᠬᠤ᠂ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠤᠨᠠᠭᠠᠬᠤ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ 2021 ᠣᠨ ᠤ | ᠰᠡᠭᠦᠯᠴᠢ ᠪᠣᠯᠬᠤ ᠳᠤ᠂ ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ ᠲᠠᠯᠠᠪᠤᠷ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠮᠵᠢᠯᠴᠠᠬᠤ | ᠨᠢᠭᠡᠴᠡ᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | ︵ᠶᠢᠰᠦ︶ ᠤᠰᠤᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠃ 1. ᠬᠤᠲᠠ ᠶᠢᠨ ᠤᠰᠤ | ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠨ ᠤ ᠬᠤᠳᠠ ᠶᠢᠨ ᠪᠣᠳᠠᠲᠤ | ᠪᠠᠶᠢᠳᠠᠯ ᠳᠤ ᠨᠡᠶᠢᠴᠡᠬᠦ ᠬᠤᠳᠠ ᠶᠢᠨ ᠤᠰᠤᠲᠤᠯ ᠢ ᠵᠠᠰᠠᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ | ᠬᠤᠳᠠ ᠶᠢᠨ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ | ᠲᠦᠷᠭᠡᠳᠬᠡᠨ᠂ ᠤᠳᠤ ᠪᠠᠶᠢᠭ᠎ᠠ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠬᠥᠭᠡᠷᠭᠡ ᠶᠢᠨ ᠥᠷᠳᠡᠭᠡ ᠶᠢ | ᠥᠭᠡᠷᠡᠴᠢᠯᠡᠵᠦ᠂ ᠬᠤᠳᠠ ᠶᠢᠨ ᠤᠰᠤ ᠲᠠᠲᠠᠷᠠᠭᠤᠯᠬᠤ ᠪᠡᠯᠡᠳᠬᠡᠮᠵᠢ ᠶᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ | ᠴᠢᠩᠭᠠᠳᠬᠠᠨ᠂ ᠤᠰᠤ ᠲᠠᠲᠠᠷᠠᠭᠤᠯᠬᠤ ᠪᠡᠯᠡᠳᠬᠡᠮᠵᠢ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ | ᠬᠢᠵᠦ᠂ ᠬᠤᠳᠠ ᠶᠢᠨ ᠤᠰᠤ ᠬᠤᠷᠠᠭᠰᠠᠨ ᠴᠢᠬ ᠢ ᠪᠠᠶᠢᠴᠠᠭᠠᠵᠤ ᠥᠭᠡᠷᠡᠴᠢᠯᠡᠬᠦ ᠠᠵᠢᠯ ᠢ ᠥᠷᠨᠢᠭᠦᠯᠵᠦ᠂ ᠬᠤᠳᠠ ᠶᠢᠨ | ᠲᠣᠭᠤᠷᠢᠭ ᠤᠨ ᠤᠰᠤ ᠲᠠᠲᠠᠷᠠᠭᠤᠯᠵᠤ ᠤᠰᠤᠲᠤᠯ ᠢᠰᠡᠷᠭᠡᠶᠢᠯᠡᠬᠦ ᠬᠠᠮᠢᠶᠠᠷᠤᠯᠲᠠ ᠶᠢᠨ ᠲᠥᠷᠢᠮ ᠢ ᠲᠡᠭᠦᠯᠳᠡᠷᠵᠢᠭᠦᠯᠦᠨ᠎ᠡ | ᠃ 2. ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ᠬᠤᠲᠠ ᠪᠠᠯᠭᠠᠰᠤ ᠶᠢᠨ ᠪᠣᠬᠢᠷ | ᠤᠰᠤᠨ ᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠬᠢᠷ ᠤᠰᠤ ᠶᠢ | ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠶᠢᠨ ᠪᠣᠬᠢᠷ | ᠦᠮᠡᠬᠡᠶ ᠤᠰᠤᠨ ᠴᠣᠭᠴᠠ ᠶᠢ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ᠎ᠡ᠃ 3. ᠬᠠᠶᠢᠮᠢᠶᠠᠨ ᠬᠤᠲᠠ ᠶᠢᠨ | ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠬᠠᠶᠢᠮᠢᠶᠠᠨ ᠬᠤᠲᠠ ᠶᠢᠨ ᠣᠨᠣᠯᠵᠢᠬᠤᠨ ᠢ | ᠢᠳᠡᠪᠬᠢᠲᠡᠶ ᠪᠠᠷ ᠦᠢᠯᠡᠳᠦᠯᠬᠡᠵᠢᠬᠦᠯᠵᠦ᠂ ᠬᠠᠶᠢᠮᠢᠶᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠲᠡᠭᠦᠯᠳᠡᠷᠵᠢᠭᠦᠯᠵᠦ᠂ ᠪᠠᠷᠢᠯᠭ᠎ᠠ᠂ ᠵᠢᠵᠢᠭ ᠲᠣᠭᠤᠷᠢᠭ᠂ ᠵᠠᠮ᠂ ᠠᠭᠤᠳᠠᠮ | ᠲᠠᠯᠠᠪᠠᠶ᠂ ᠵᠦᠯᠭᠡ ᠭᠠᠵᠠᠷ ᠵᠡᠷᠭᠡ ᠤᠰᠤ ᠨᠡᠪᠴᠢᠭᠦᠯᠦᠨ ᠤᠰᠤ ᠬᠠᠳᠠᠭᠠᠯᠠᠬᠤ ᠴᠢᠳᠠᠮᠵᠢ ᠶᠢ ᠳᠡᠭᠡᠭᠰᠢᠯᠡᠭᠦᠯᠦᠨ᠂ | ᠬᠤᠲᠠ ᠶᠢᠨ ᠠᠭᠤᠯᠠᠨ ᠴᠣᠭᠴᠠ᠂ ᠭᠤᠤᠯ ᠮᠥᠷᠡᠨ ᠨᠠᠭᠤᠷ ᠴᠥᠭᠦᠷᠥᠮ᠂ ᠴᠢᠭᠢᠭᠯᠢᠭ ᠭᠠᠵᠠᠷ ᠤᠨ ᠤᠰᠤᠨ | ᠰᠤᠷᠪᠤᠯᠵᠢ ᠶᠢ ᠬᠠᠳᠠᠭᠠᠯᠠᠬᠤ ᠶᠢ ᠬᠦᠢᠴᠡᠳ ᠠᠰᠢᠭᠯᠠᠵᠤ᠂ ᠬᠠᠶᠢᠮᠢᠶᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ︵ᠲᠦᠷᠦᠭᠦᠯᠡᠬᠦ ᠨᠢᠭᠡᠴᠡ᠄ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠪᠠᠯᠠ | ᠣᠷᠣᠭᠤᠯᠤᠯᠲᠠ ᠶᠢᠨ ᠺᠣᠮᠫᠠᠨᠢ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ | ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ︵ᠠᠷᠪᠠ︶ ᠬᠤᠲᠠ ᠶᠢᠨ ᠶᠠᠪᠤᠳᠠᠯ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ 1. ᠣᠯᠠᠨ | ᠨᠡᠶᠢᠲᠡ ᠶᠢᠨ ᠵᠠᠮ ᠬᠠᠷᠢᠯᠴᠠᠭ᠎ᠠ ᠶᠢ ᠶᠡᠬᠡᠪᠡᠷ ᠬᠥᠭᠵᠢᠭᠦᠯᠦᠨ᠎ᠡ᠃ ᠤᠯᠠᠨ ᠨᠡᠶᠢᠳᠡ ᠶᠢᠨ ᠵᠠᠮ ᠬᠠᠷᠢᠯᠴᠠᠭ᠎ᠠ ᠶᠢ | ᠡᠩ ᠲᠡᠷᠢᠭᠦᠨ ᠳᠤ ᠪᠠᠶᠢᠯᠭᠠᠬᠤ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠂ ᠬᠤᠳᠠ ᠶᠢᠨ ᠵᠠᠮ ᠬᠠᠷᠢᠯᠴᠠᠭᠠᠨ ᠤ | ᠲᠣᠣᠷ ᠤᠨ ᠪᠦᠳᠦᠬᠡᠨ ᠪᠠᠶᠢᠭᠤᠯᠤᠯᠲᠠ ᠲᠠᠢ ᠤᠶᠠᠯᠳᠤᠭᠤᠯᠤᠨ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ | ᠵᠠᠮ ᠱᠤᠭᠤᠮ ᠢ ᠤᠯᠠᠮ ᠨᠢᠭᠡ ᠠᠯᠬᠤᠮ ᠤᠷᠲᠤᠳᠬᠠᠬᠤ ᠪᠠ ᠰᠢᠯᠢᠳᠡᠭᠵᠢᠭᠦᠯᠵᠦ᠂ ᠤᠯᠠᠨ ᠨᠡᠶᠢᠳᠡ ᠶᠢᠨ ᠵᠠᠮ | ᠬᠠᠷᠢᠯᠴᠠᠭᠠᠨ ᠤ ᠡᠭᠡᠯᠵᠢ ᠤᠳᠠᠭ᠎ᠠ ᠶᠢ ᠠᠯᠬᠤᠮ ᠠᠯᠬᠤᠮ ᠢᠶᠠᠷ ᠨᠡᠮᠡᠭᠳᠡᠭᠦᠯᠦᠨ᠂ ᠤᠯᠠᠨ ᠨᠡᠶᠢᠳᠡ ᠶᠢᠨ ᠵᠠᠮ | ᠬᠠᠷᠢᠯᠴᠠᠭᠠᠨ ᠤ ᠶᠠᠪᠤᠵᠤ ᠰᠠᠭᠤᠬᠤ ᠬᠠᠷᠢᠴᠠᠯ ᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ︶᠃ 2. ᠠᠯᠭᠤᠷ ᠶᠠᠪᠤᠬᠤ ᠰᠢᠰᠲ᠋ᠧᠮ ᠢ ᠤᠯᠠᠮ ᠨᠢᠭᠡ ᠠᠯᠬᠤᠮ ᠰᠠᠭᠠᠳ ᠥᠬᠡᠶ | ᠨᠡᠪᠲᠡᠷᠡᠭᠦᠯᠦᠨ᠎ᠡ᠃ ᠬᠤᠳᠠ ᠶᠢᠨ ᠤᠳᠠᠭᠠᠨ ᠶᠠᠪᠤᠬᠤ ᠰᠢᠰᠲ᠋ᠧᠮ ᠢ ᠲᠥᠯᠥᠪᠵᠢᠭᠦᠯᠦᠨ ᠪᠠᠶᠢᠭᠤᠯᠵᠤ᠂ | ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠵᠦ᠂ ᠮᠠᠰᠢᠨᠲᠤ ᠲᠡᠷᠭᠡᠨ ᠤ ᠵᠠᠮ ᠢ ᠥᠷᠭᠡᠳᠬᠡᠬᠦ ᠶᠢᠨ | ᠲᠥᠯᠥᠭᠡ ᠤᠳᠠᠭᠠᠨ ᠶᠠᠪᠤᠬᠤ ᠵᠠᠮ ᠢ ᠰᠢᠬᠠᠨ ᠡᠵᠡᠯᠡᠬᠦ ᠦᠵᠡᠭᠳᠡᠯ ᠢ ᠡᠷᠡᠰ ᠬᠤᠷᠢᠭᠯᠠᠵᠤ᠂ ᠬᠠᠷᠰᠢ ᠰᠠᠭᠠᠳ ᠦᠭᠡᠢ | ᠲᠥᠬᠦᠭᠡᠷᠦᠮᠵᠢ ᠶᠢᠨ ᠵᠠᠯᠭᠠᠯᠳᠤᠬᠤ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠰᠢᠨ᠎ᠡ ᠪᠠᠷ ᠪᠠᠶᠢᠭᠤᠯᠬᠤ | ᠭᠤᠣᠯ ᠵᠠᠮ ᠳᠤ ᠮᠠᠰᠢᠨᠲᠤ ᠪᠤᠰᠤ ᠲᠡᠷᠭᠡᠨ ᠤ ᠵᠠᠮ᠂ ᠶᠠᠪᠠᠭᠠᠨ ᠬᠥᠮᠦᠨ ᠤ ᠶᠠᠪᠠᠭᠠᠨ ᠵᠠᠮ ᠪᠣᠯᠤᠨ ᠵᠡᠮᠳᠡᠭ | ᠬᠥᠮᠦᠰ ᠤᠨ ᠨᠡᠪᠲᠡᠷᠡᠬᠦ ᠵᠠᠮ ᠭᠠᠷᠭᠠᠵᠤ᠂ ᠤᠳᠤ ᠪᠠᠶᠢᠭ᠎ᠠ ᠵᠡᠭᠡᠯᠢ ᠭᠤᠳᠤᠮᠵᠢ ᠶᠢᠨ ᠶᠠᠪᠠᠭᠠᠨ ᠬᠥᠮᠦᠨ ᠤ ᠬᠥᠨᠳᠡᠯᠡᠨ | ᠵᠠᠮ ᠢ ᠪᠠᠶᠢᠴᠠᠭᠠᠵᠤ ᠰᠡᠯᠪᠢᠨ ᠵᠠᠰᠠᠵᠤ᠂ ᠴᠥᠮᠥᠷᠡᠭᠰᠡᠨ ᠵᠠᠮ ᠤᠨ ᠭᠠᠳᠠᠷᠭᠤ ᠶᠢ ᠰᠡᠯᠪᠢᠨ ᠵᠠᠰᠠᠵᠤ᠂ ᠡᠯ᠎ᠡ | ᠵᠦᠢᠯ ᠤᠨ ᠶᠠᠪᠠᠭᠠᠨ ᠬᠥᠮᠦᠨ ᠤ ᠬᠥᠨᠳᠡᠯᠡᠨ ᠵᠠᠮ ᠤᠨ ᠲᠣᠭᠤᠰᠬ᠎ᠠ ᠳᠡᠪᠢᠰᠴᠦ ᠰᠡᠯᠪᠢᠨ ᠵᠠᠰᠠᠵᠤ᠂ ᠤᠳᠠᠭᠠᠨ | ᠶᠠᠪᠤᠬᠤ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠬᠠᠮᠲᠤ ᠪᠠᠷ ᠡᠳ᠋ᠯᠡᠬᠦ ᠳᠤᠭᠤᠶ ᠲᠡᠷᠭᠡ ᠶᠢ | ᠵᠣᠭᠰᠣᠭᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠠᠯᠪᠢᠬᠤ ᠲᠤᠭ᠎ᠠ ᠬᠡᠮᠵᠢᠶ᠎ᠡ ᠪᠠ | ᠵᠣᠭᠰᠣᠭᠠᠬᠤ ᠴᠡᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠷ ᠬᠠᠮᠢᠶᠠᠷᠤᠨ ᠡᠵᠡᠮᠳᠡᠵᠦ᠂ ᠣᠯᠠᠨ ᠲᠦᠮᠡᠨ ᠤ | ᠶᠠᠪᠤᠵᠤ ᠰᠠᠭᠤᠬᠤ ᠡᠴᠦᠰ ᠤᠨ ᠨᠢᠭᠡ ᠺᠢᠯᠣᠮᠧᠲᠷ ᠤᠨ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃ ︵ | ᠲᠦᠷᠦᠭᠦᠯᠡᠬᠦ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ︶ 3᠂ ᠵᠠᠮ ᠬᠠᠷᠢᠯᠴᠠᠭᠠᠨ ᠤ ᠪᠡᠯᠡᠳᠬᠡᠮᠵᠢ ᠶᠢᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠬᠤᠳᠠ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠪᠠ | ᠤᠶᠤᠨᠴᠢᠯᠠᠭᠰᠠᠨ ᠵᠠᠮ ᠬᠠᠷᠢᠯᠴᠠᠭᠠᠨ ᠤ ᠵᠢᠯᠣᠭᠤᠳᠬᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ | ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ᠬᠤᠲᠠ ᠶᠢᠨ ᠪᠠᠶᠢᠷᠢᠰᠢᠭᠤᠯᠤᠯ᠂ ᠪᠠᠶᠢᠩᠭᠤ ᠰᠠᠭᠤᠭ᠎ᠠ ᠬᠥᠮᠦᠨ | ᠠᠮᠠ ᠶᠢᠨ ᠲᠠᠷᠬᠠᠯᠲᠠ᠂ ᠵᠠᠮ ᠬᠠᠷᠢᠯᠴᠠᠭᠠᠨ ᠤ ᠶᠠᠪᠤᠵᠤ ᠰᠠᠭᠤᠬᠤ ᠣᠨᠴᠠᠯᠢᠭ ᠵᠡᠷᠭᠡ ᠶᠢ ᠦᠨᠳᠦᠰᠦᠯᠡᠨ᠂ ᠵᠠᠮ | ᠬᠠᠷᠢᠯᠴᠠᠭᠠᠨ ᠤ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠪᠠᠶᠢᠷᠢᠯᠠᠭᠤᠯᠤᠨ᠎ᠠ᠃ ᠣᠶᠤᠨᠴᠢ ᠵᠠᠮ | ᠬᠠᠷᠢᠯᠴᠠᠭ᠎ᠠ ᠶᠢ ᠢᠳᠡᠪᠬᠢᠲᠡᠶ ᠠᠬᠢᠭᠤᠯᠵᠤ᠂ ᠬᠤᠲᠠ ᠶᠢᠨ ᠭᠤᠣᠯ ᠬᠤᠲᠠ ᠶᠢᠨ ᠲᠣᠭᠤᠷᠢᠭ ᠤᠨ ᠭᠤᠣᠯ ᠵᠠᠮ ᠤᠨ | ᠣᠷᠭᠢᠯ ᠢ ᠲᠣᠬᠢᠷᠠᠭᠤᠯᠬᠤ ᠬᠢᠨᠠᠯᠲᠠ ᠬᠠᠮᠢᠶᠠᠷᠤᠯᠲᠠ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠂ ᠣᠯᠠᠨ ᠹᠠᠰ ᠤᠨ | ᠳᠣᠬᠢᠶᠠᠨ ᠳ᠋ᠧᠩ ᠤᠨ ᠪᠠᠶᠢᠷᠢᠯᠠᠭᠤᠯᠤᠯᠲᠠ ᠶᠢ ᠠᠬᠢᠭᠤᠯᠵᠤ᠂ ᠳᠣᠬᠢᠶᠠᠨ ᠳ᠋ᠧᠩ ᠤᠨ ᠴᠠᠭ ᠲᠣᠬᠢᠷᠠᠭᠤᠯᠬᠤ ᠶᠢ | ᠰᠢᠯᠢᠳᠡᠭᠵᠢᠭᠦᠯᠦᠨ᠂ ᠴᠠᠭ ᠤᠨ ᠬᠡᠰᠡᠭ ᠪᠠ ᠵᠠᠮ ᠤᠨ ᠬᠡᠰᠡᠭ ᠬᠤᠪᠢᠶᠠᠵᠤ ᠣᠯᠠᠨ ᠵᠦᠢᠯ ᠤᠨ ᠴᠠᠭ ᠲᠣᠬᠢᠷᠠᠭᠤᠯᠬᠤ | ᠵᠠᠭᠪᠤᠷ ᠢ ᠪᠠᠶᠢᠭᠤᠯᠵᠤ᠂ ᠵᠠᠮ ᠬᠠᠷᠢᠯᠴᠠᠭᠠᠨ ᠤ ᠳᠣᠬᠢᠶᠠᠨ ᠤ ᠰᠢᠰᠲ᠋ᠧᠮ ᠢ ᠰᠦᠯᠵᠢᠶᠡᠵᠢᠭᠦᠯᠦᠨ ᠬᠤᠯᠪᠣᠭᠠᠯᠠᠨ | ᠡᠵᠡᠮᠳᠡᠬᠦ᠂ ᠨᠣᠭᠤᠭᠠᠨ ᠳᠣᠯᠭᠢᠶᠠᠨ ᠤ ᠪᠦᠰᠡ ᠶᠢ ᠡᠵᠡᠮᠳᠡᠬᠦ᠂ ᠥᠪᠡᠰᠦᠪᠡᠨ ᠳᠣᠭᠢᠷᠠᠭᠤᠯᠬᠤ᠂ ᠤᠷᠤᠰᠴᠠ ᠶᠢ | ᠪᠠᠶᠢᠴᠠᠭᠠᠨ ᠰᠢᠨᠵᠢᠵᠦ ᠵᠠᠳᠠᠯᠬᠤ ᠴᠢᠳᠠᠮᠵᠢ ᠶᠢ ᠲᠡᠭᠦᠯᠳᠡᠷᠵᠢᠭᠦᠯᠦᠨ᠂ ᠵᠠᠮ ᠤᠨ ᠠᠭᠤᠯᠵᠠᠷ ᠤᠨ ᠭᠠᠵᠠᠷ ᠰᠢᠷᠣᠶ ᠶᠢᠨ | ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠮ ᠤᠨ ᠠᠭᠤᠯᠵᠠᠷ ᠤᠨ ᠵᠠᠮ ᠬᠠᠷᠢᠯᠴᠠᠭᠠᠨ ᠤ | ᠲᠦᠭᠵᠢᠷᠡᠯ ᠤᠨ ᠦᠵᠡᠭᠳᠡᠯ ᠢ ᠨᠠᠮᠳᠠᠭᠤᠯᠤᠨ᠎ᠠ᠃ ᠡᠭᠦᠨ ᠤ ᠬᠠᠮᠲᠤ᠂ ᠬᠤᠲᠠ ᠶᠢᠨ ᠲᠣᠭᠤᠷᠢᠭ ᠤᠨ ᠲᠡᠷᠭᠡ | ᠵᠣᠭᠰᠣᠬᠤ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠵᠠᠮ ᠤᠨ ᠥᠭᠡᠷᠡᠴᠢᠯᠡᠯᠲᠡ᠂ ᠬᠠᠭᠤᠴᠢᠨ ᠵᠢᠵᠢᠭ | ᠲᠣᠭᠤᠷᠢᠭ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ ᠲᠡᠷᠭᠡ ᠵᠣᠭᠰᠣᠬᠤ ᠪᠠᠶᠢᠷᠢ ᠶᠢ ᠰᠢᠨᠵᠢᠯᠡᠬᠦ | ᠤᠬᠠᠭᠠᠨᠴᠢ ᠪᠠᠷ ᠵᠠᠭᠠᠭᠯᠠᠨ ᠵᠢᠷᠤᠵᠤ᠂ ᠲᠡᠷᠭᠡ ᠵᠣᠭᠰᠣᠬᠤ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠶ᠃ ︵ | ᠲᠦᠷᠦᠭᠦᠯᠡᠬᠦ ᠨᠢᠭᠡᠴᠡ᠄ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ︔ ᠬᠠᠮᠵᠢᠯᠴᠠᠬᠤ ᠨᠢᠭᠡᠴᠡ᠄ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ | ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ︶ | ︵ᠠᠷᠪᠠᠨ ᠨᠢᠭᠡ︶ ᠬᠤᠲᠠ ᠶᠢᠨ ᠦᠵᠡᠮᠵᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ | ᠃ 1. ᠬᠤᠲᠠ ᠶᠢᠨ ᠳᠦᠷᠰᠦ ᠪᠠᠶᠢᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠨᠢᠭᠡ ᠳᠤ᠂ ᠴᠠᠭᠠᠵᠠᠯᠠᠬᠤ᠂ | ᠬᠥᠲᠥᠯᠥᠨ ᠵᠢᠯᠣᠭᠤᠳᠬᠤ᠂ ᠵᠢᠷᠤᠮᠵᠢᠭᠤᠯᠬᠤ ᠭᠤᠷᠪᠠᠨ ᠵᠦᠢᠯ ᠤᠨ ᠠᠷᠭ᠎ᠠ ᠵᠠᠮ ᠢᠶᠠᠷ ᠳᠤᠷ᠎ᠠ ᠪᠠᠷ ᠢᠶᠠᠨ ᠳᠡᠯᠭᠡᠭᠡ | ᠮᠠᠶᠢᠮᠠᠶ ᠭᠠᠷᠭᠠᠬᠤ᠂ ᠳᠤᠷ᠎ᠠ ᠪᠠᠷ ᠢᠶᠠᠨ ᠵᠠᠮ ᠡᠵᠡᠯᠡᠬᠦ᠂ ᠳᠤᠷ᠎ᠠ ᠪᠠᠷ ᠢᠶᠠᠨ ᠵᠠᠷ ᠮᠡᠳᠡᠭᠡ ᠭᠠᠷᠭᠠᠬᠤ᠂ ᠳᠤᠷ᠎ᠠ ᠪᠠᠷ ᠢᠶᠠᠨ | ᠨᠠᠭᠠᠬᠤ᠂ ᠳᠤᠷ᠎ᠠ ᠪᠠᠷ ᠢᠶᠠᠨ ᠶᠠᠭᠤᠮ᠎ᠠ ᠬᠠᠶᠠᠬᠤ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠵᠡᠷᠭᠡ ︽ᠵᠢᠷᠭᠤᠭᠠᠨ | ᠳᠤᠷ᠎ᠠ ᠪᠠᠷ ᠢᠶᠠᠨ ᠬᠡᠷᠡᠭᠯᠡᠬᠦ︾ ᠶᠢ ᠵᠠᠰᠠᠬᠤ ᠠᠵᠢᠯ ᠢ ᠥᠷᠨᠢᠭᠦᠯᠵᠦ᠂ ᠴᠤᠭᠯᠠᠷᠠᠯ ᠤᠨ ᠴᠡᠭ ᠢ ᠰᠢᠨ᠎ᠡ ᠪᠠᠷ | ᠨᠡᠮᠡᠭᠳᠡᠭᠦᠯᠬᠦ ᠶᠢ ᠬᠤᠷᠢᠭᠯᠠᠬᠤ ᠬᠡᠷᠡᠭᠲᠡᠶ᠃ ᠲᠦᠷ ᠴᠠᠭ ᠤᠨ ᠬᠠᠮᠢᠶᠠᠷᠤᠨ ᠡᠵᠡᠮᠳᠡᠬᠦ ᠴᠡᠭ ᠪᠠ ᠵᠠᠯᠠᠵᠤ ᠵᠢᠯᠣᠭᠤᠳᠬᠤ | ᠴᠡᠭ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠲᠦᠷ ᠴᠠᠭ ᠤᠨ ᠳᠡᠯᠭᠡᠭᠡ ᠮᠠᠶᠢᠮᠠᠶ ᠶᠢᠨ ᠴᠡᠭ᠂ | ᠤᠯᠠᠷᠢᠯ ᠤᠨ ᠴᠢᠨᠠᠷᠲᠠᠶ ᠵᠠᠬ᠎ᠠ ᠳᠡᠯᠭᠡᠭᠦᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠪᠠᠷ ᠲᠣᠬᠢᠷᠠᠭᠤᠯᠵᠤ᠂ | ᠬᠤᠳᠠ ᠶᠢᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃ ᠬᠤᠲᠠ ᠶᠢᠨ ᠰᠠᠷᠠᠪᠴᠢ ᠶᠢ ᠵᠠᠰᠠᠬᠤ ᠶᠢ | ᠴᠢᠩᠭᠠᠳᠬᠠᠵᠤ᠂ ᠬᠢᠨᠠᠨ ᠵᠥᠪᠰᠢᠶᠡᠷᠡᠬᠦ ᠶᠢ ᠲᠣᠭᠲᠠᠭᠠᠯ ᠳᠤ ᠨᠡᠶᠢᠴᠡᠭᠦᠯᠬᠦ᠂ ᠪᠠᠶᠢᠷᠢᠯᠠᠭᠤᠯᠬᠤ ᠶᠢ ᠵᠢᠷᠤᠮᠵᠢᠭᠤᠯᠬᠤ ᠶᠢ | ᠪᠡᠶᠡᠯᠡᠭᠦᠯᠵᠦ᠂ ᠵᠠᠮ ᠡᠵᠡᠯᠡᠬᠦ ᠰᠠᠷᠠᠪᠴᠢ ᠶᠢ ᠶᠡᠷᠦᠩᠬᠡᠶᠢᠯᠡᠨ ᠵᠠᠰᠠᠬᠤ ᠶᠢ ᠲᠥᠪᠯᠡᠷᠡᠭᠦᠯᠦᠨ ᠥᠷᠨᠢᠭᠦᠯᠦᠨ᠎ᠡ᠃ | ᠬᠤᠲᠠ ᠶᠢᠨ ᠲᠣᠭᠤᠷᠢᠭ ᠤᠨ ᠵᠠᠮ ᠡᠵᠡᠯᠡᠨ ᠡᠵᠡᠩᠨᠡᠬᠦ᠂ ᠡᠭᠦᠳᠡ ᠳᠠᠪᠠᠵᠤ ᠳᠡᠯᠭᠡᠨ ᠲᠠᠯᠪᠢᠬᠤ ᠵᠡᠷᠭᠡ ᠦᠵᠡᠭᠳᠡᠯ ᠢ | ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠠᠶᠢᠩᠭᠤᠵᠢᠭᠤᠯᠤᠨ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ | ᠃ ︽ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠤᠨ | ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠵᠡᠭᠡᠯᠢ ᠳᠠᠭᠠᠤ ᠶᠢᠨ ᠡᠭᠦᠳᠡᠨ ᠳᠡᠯᠭᠡᠭᠦᠷ ᠤᠨ ︽ | ᠡᠭᠦᠳᠡᠨ ᠡᠮᠦᠨᠡᠬᠢ ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠲᠠᠰᠤᠷᠠᠯᠲᠠ ᠥᠬᠡᠶ ᠲᠣᠭᠤᠷᠢᠨ ᠪᠠᠶᠢᠴᠠᠭᠠᠵᠤ᠂ ᠬᠠᠷᠢᠶ᠎ᠠ ᠣᠷᠣᠨ ᠤ ᠡᠵᠡᠩᠨᠡᠯᠲᠡ ᠶᠢᠨ ᠡᠷᠦᠬᠡ ᠶᠢ | ᠰᠢᠮᠳᠠᠭᠤᠯᠵᠤ ᠪᠠᠶᠢᠭᠠᠳ ᠬᠠᠷᠢᠭᠤᠴᠠᠯᠭ᠎ᠠ ᠶᠢᠨ ᠣᠷᠣᠨ ᠤ ᠳᠣᠲᠣᠷᠠᠬᠢ ᠣᠷᠴᠢᠨ ᠲᠣᠭᠤᠷᠢᠨ ᠢ ᠴᠡᠪᠡᠷ ᠲᠡᠭᠰᠢ | ᠪᠠᠶᠢᠯᠭᠠᠨ᠎ᠠ᠃ ᠬᠤᠶᠠᠷ ᠲᠤ᠂ ᠵᠥᠭᠡᠯᠡᠨ ᠪᠡᠶᠡᠲᠦ ᠵᠠᠷ ᠮᠡᠳᠡᠭᠡ ᠶᠢ ᠪᠦᠬᠦ ᠲᠠᠯ᠎ᠠ ᠪᠠᠷ ᠴᠡᠪᠡᠷᠯᠡᠵᠦ᠂ ᠬᠤᠲᠠ ᠶᠢᠨ ︽ | ᠦᠬᠡᠷ ᠢᠯᠢᠳᠦ︾ ᠶᠢ ᠦᠨᠳᠦᠰᠦᠨ ᠠᠴᠠ ᠨᠢ ᠵᠠᠰᠠᠬᠤ ᠬᠡᠷᠡᠭᠲᠡᠶ᠃ ᠵᠡᠭᠡᠯᠢ ᠳᠠᠭᠠᠭᠰᠠᠨ ᠪᠠᠷᠢᠯᠭ᠎ᠠ ᠶᠢᠨ ᠠᠰᠠᠷ ᠤᠨ | ᠪᠡᠶ᠎ᠡ ᠶᠢᠨ ᠭᠠᠳᠠᠨ᠎ᠠ ᠪᠣᠰᠤᠭ᠎ᠠ ᠲᠠᠯ᠎ᠠ ᠶᠢ ᠴᠡᠭᠴᠡᠯᠡᠨ ᠵᠠᠰᠠᠬᠤ ᠪᠠ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ | ᠪᠠᠶᠢᠴᠠᠭᠠᠬᠤ ᠶᠢ ᠴᠢᠩᠭᠠᠳᠬᠠᠵᠤ᠂ ᠬᠠᠭᠤᠴᠢᠷᠬᠠᠰᠠᠨ ᠵᠢᠴᠢ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ | ᠵᠠᠷ ᠤᠨ ᠫᠠᠶᠢᠰᠠ ᠶᠢ ᠪᠦᠬᠦᠨ ᠢ ᠨᠤᠷᠠᠭᠠᠬᠤ ᠬᠡᠷᠡᠭᠲᠡᠶ᠃ ᠬᠡᠷ ᠤᠨ ᠭᠠᠳᠠᠨᠠᠬᠢ ᠵᠠᠷ ᠮᠡᠳᠡᠭᠡ ᠶᠢ ᠨᠢᠭᠡᠳᠦᠯᠲᠡᠶ ᠵᠢᠷᠤᠭᠯᠠᠨ | ᠲᠥᠯᠥᠪᠯᠡᠬᠦ ᠶᠢ ᠴᠢᠩᠭ᠎ᠠ ᠱᠠᠭᠠᠷᠳᠠᠵᠤ᠂ ᠮᠣᠩᠭᠤᠯ ᠬᠢᠲᠠᠳ ᠬᠡᠯᠡ ᠶᠢ ᠵᠡᠷᠭᠡᠪᠡᠷ ᠬᠡᠷᠡᠭᠯᠡᠬᠦ ᠶᠢ ᠵᠢᠷᠤᠮᠵᠢᠭᠤᠯᠤᠨ᠂ | ᠨᠠᠷᠢᠯᠢᠭ᠂ ᠰᠣᠳᠣᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠭᠠᠵᠠᠷ | ᠣᠷᠣᠨ ᠤ ᠣᠨᠴᠠᠯᠢᠭ᠂ ᠰᠣᠶᠣᠯ ᠤᠨ ᠠᠭᠤᠯᠤᠭᠳᠠᠬᠤᠨ ᠪᠠ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠵᠦ᠂ | ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠭᠤᠷᠪᠠ ᠳᠤ᠂ ᠬᠤᠲᠠ ᠶᠢᠨ ᠦᠵᠡᠮᠵᠢ ᠶᠢᠨ | ᠭᠡᠷᠡᠯᠲᠦᠭᠦᠯᠭᠡ ᠶᠢᠨ ᠪᠣᠷᠣ ᠲᠥᠯᠥᠪ ᠤᠨ ᠰᠢᠰᠲ᠋ᠧᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠲᠥᠯᠥᠪᠯᠡᠵᠦ᠂ | ᠰᠥᠨᠢ ᠶᠢᠨ ᠦᠵᠡᠮᠵᠢ ᠶᠢᠨ ᠭᠡᠷᠡᠯᠲᠦᠭᠦᠯᠭᠡ ᠶᠢᠨ ᠦᠨᠳᠦᠰᠦᠨ ᠰᠢᠨᠵᠢ ᠴᠢᠨᠠᠷ ᠲᠤ ᠪᠤᠴᠠᠬᠤ ᠶᠢ ᠠᠬᠢᠭᠤᠯᠬᠤ | ᠬᠡᠷᠡᠭᠲᠡᠶ᠃ ᠵᠡᠭᠡᠯᠢ ᠳᠡᠭᠡᠷᠡᠬᠢ ᠠᠰᠠᠷ ᠤᠨ ᠭᠡᠷᠡᠯᠲᠦᠭᠦᠯᠭᠡ ᠶᠢ ᠵᠢᠷᠤᠮᠵᠢᠭᠤᠯᠵᠤ᠂ ᠬᠢᠮᠳᠠ ᠲᠣᠬᠢᠯᠢᠭ᠂ ᠡᠨᠧᠷᠭᠢ | ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠶᠢ ᠳᠣᠪᠤᠶᠢᠯᠭᠠᠨ᠂ ᠬᠡᠲᠦ ᠭᠡᠷᠡᠯᠲᠦᠭᠦᠯᠭᠡ ᠶᠢ ᠲᠠᠰᠤ ᠵᠣᠭᠰᠣᠭᠠᠵᠤ᠂ | ᠬᠡᠷ ᠤᠨ ᠭᠠᠳᠠᠨᠠᠬᠢ ᠵᠠᠷ ᠮᠡᠳᠡᠭᠡ ᠶᠢᠨ ᠲᠣᠮᠣ ᠳᠡᠯᠭᠡᠴᠡ ᠶᠢ ᠴᠢᠩᠭ᠎ᠠ ᠬᠠᠮᠢᠶᠠᠷᠤᠨ᠂ ᠴᠡᠴᠡᠷᠯᠢᠭ ᠤᠨ ᠦᠵᠡᠮᠵᠢ ᠶᠢᠨ | ᠭᠡᠷᠡᠯᠲᠦᠭᠦᠯᠭᠡ ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠬᠤᠲᠠ ᠶᠢᠨ ᠰᠥᠨᠢ ᠶᠢᠨ ᠦᠵᠡᠮᠵᠢ ᠶᠢᠨ ᠳᠦᠷᠢ | ᠲᠥᠷᠬᠦ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠮᠵᠢᠯᠴᠠᠬᠤ | ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ︶᠃ 2. ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠨᠢᠭᠡ ᠳᠤ᠂ ᠣᠷᠴᠢᠨ ᠠᠬᠤᠶ ᠶᠢᠨ | ᠡᠷᠡᠭᠦᠯ ᠬᠠᠮᠠᠭᠠᠯᠠᠯ ᠤᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠬᠦ ᠠᠮᠢᠳᠤᠷᠠᠯ ᠤᠨ ᠬᠤᠭ ᠨᠣᠪᠰᠢ᠂ ᠬᠤᠭᠤᠯᠠᠨ | ᠭᠡᠷ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠠᠵᠢᠯ ᠢ ᠰᠠᠶᠢᠲᠤᠷ ᠬᠢᠨ᠎ᠡ᠃ ᠨᠡᠶᠢᠲᠡ ᠶᠢᠨ ᠵᠣᠷᠯᠣᠩ᠂ | ᠳᠠᠮᠵᠢᠭᠤᠯᠬᠤ ᠥᠷᠲᠡᠭᠡ᠂ ᠬᠤᠭ ᠨᠣᠪᠰᠢ ᠶᠢᠨ ᠰᠠᠪᠠ᠂ ᠵᠢᠮᠢᠰ ᠤᠨ ᠠᠷᠠᠰᠤᠨ ᠬᠠᠶᠢᠷᠴᠠᠭ ᠵᠡᠷᠭᠡ ᠣᠷᠴᠢᠨ | ᠲᠣᠭᠤᠷᠢᠨ ᠤ ᠠᠷᠢᠭᠤᠨ ᠴᠡᠪᠡᠷ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠪᠡᠯᠡᠳᠬᠡᠮᠵᠢ ᠶᠢᠨ | ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠴᠡᠪᠡᠷᠯᠡᠬᠦ | ᠠᠵᠢᠯᠯᠠᠭ᠎ᠠ ᠶᠢ ᠥᠷᠨᠢᠭᠦᠯᠵᠦ᠂ ᠭᠤᠤᠯ ᠪᠠ ᠳᠡᠳ᠋ ᠵᠠᠮ ᠱᠤᠭᠤᠮ᠂ ᠵᠡᠭᠡᠯᠢ ᠭᠤᠳᠤᠮᠵᠢ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠣᠷᠣᠨ ᠪᠦᠰᠡ ᠶᠢᠨ | ᠬᠤᠷᠠᠮᠳᠤᠭᠰᠠᠨ ᠬᠤᠭ ᠨᠣᠪᠰᠢ᠂ ᠡᠯᠳᠡᠪ ᠪᠣᠳᠠᠰ ᠢ ᠴᠡᠪᠡᠷᠯᠡᠨ ᠠᠷᠢᠯᠭᠠᠵᠤ᠂ ᠬᠤᠲᠠ ᠶᠢᠨ ᠣᠷᠴᠢᠨ ᠲᠣᠭᠤᠷᠢᠨ ᠤ | ᠠᠷᠢᠭᠤᠨ ᠴᠡᠪᠡᠷ ᠤᠨ ᠪᠠᠶᠢᠳᠠᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃ ︵ᠲᠦᠷᠦᠭᠦᠯᠡᠬᠦ ᠨᠢᠭᠡᠴᠡ᠄ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ︔ ᠬᠠᠮᠵᠢᠯᠴᠠᠬᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶᠃ ᠬᠤᠶᠠᠷ ᠲᠤ᠂ ᠪᠠᠷᠢᠯᠭ᠎ᠠ ᠶᠢᠨ | ᠭᠠᠵᠠᠷ ᠤᠨ ᠬᠤᠭ ᠲᠣᠭᠤᠰᠣ ᠶᠢ ᠵᠠᠰᠠᠬᠤ ᠠᠵᠢᠯ ᠢ ᠴᠢᠩᠭᠠᠳᠬᠠᠨ᠎ᠠ᠃ ᠪᠥᠲᠥᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠨᠡᠭᠦᠷᠡᠰᠦ ᠣᠪᠣᠭᠠᠯᠠᠭᠰᠠᠨ ᠪᠣᠳᠠᠰ ᠤᠨ ᠮᠠᠲ᠋ᠧᠷᠢᠶᠠᠯ ᠢ ᠬᠠᠳᠠᠭᠠᠯᠠᠬᠤ᠂ | ᠨᠤᠷᠠᠭᠠᠵᠤ ᠨᠡᠭᠦᠯᠭᠡᠬᠦ ᠲᠠᠯᠠᠪᠤᠷ ᠢ ᠢᠯᠡ ᠭᠠᠷᠭᠠᠬᠤ᠂ ᠬᠠᠶᠢᠷ ᠴᠢᠯᠠᠭᠤ ᠪᠠᠷᠢᠯᠭ᠎ᠠ ᠶᠢᠨ ᠮᠠᠲ᠋ᠧᠷᠢᠶᠠᠯ ᠢ ᠣᠪᠣᠭᠠᠯᠠᠨ | ᠲᠠᠯᠪᠢᠬᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ᠂ ᠲᠣᠭᠤᠰᠣ ᠳᠡᠭᠳᠡᠬᠦ ᠶᠢ ᠲᠤᠰᠬᠠᠶᠢᠯᠠᠨ | ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ᠪᠠᠷᠢᠯᠭ᠎ᠠ ᠶᠢᠨ ᠬᠤᠭ ᠨᠣᠪᠰᠢ᠂ ᠬᠤᠭ ᠲᠣᠭᠤᠰᠣ ᠶᠢ ᠴᠡᠪᠡᠷᠯᠡᠨ | ᠲᠡᠭᠡᠭᠡᠪᠦᠷᠢᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠭᠠᠵᠠᠷ ᠤᠨ ᠡᠷᠬᠢᠨ | ᠲᠣᠭᠤᠷᠢᠨ ᠢ 100% ᠪᠠᠷ ᠬᠦᠷᠢᠶᠡᠯᠡᠨ ᠬᠠᠰᠢᠵᠤ᠂ ᠡᠳ᠋ ᠮᠠᠲ᠋ᠧᠷᠢᠶᠠᠯ ᠣᠪᠣᠭᠠᠯᠠᠨ ᠲᠠᠯᠪᠢᠬᠤ ᠶᠢ 100% ᠪᠠᠷ | ᠪᠦᠷᠬᠦᠭᠦᠯᠵᠦ᠂ ᠣᠷᠣᠵᠤ ᠭᠠᠷᠬᠤ ᠲᠡᠷᠭᠡ ᠬᠥᠰᠬᠡ ᠶᠢ 100% ᠪᠠᠷ ᠤᠬᠢᠶᠠᠵᠤ᠂ ᠪᠠᠷᠢᠯᠭ᠎ᠠ ᠶᠢᠨ ᠲᠤᠬᠠᠶ ᠶᠢᠨ | ᠭᠠᠵᠠᠷ ᠢ 100% ᠪᠠᠷ ᠬᠠᠲᠠᠭᠤᠷᠠᠭᠤᠯᠵᠤ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠢ 100% ᠪᠠᠷ | ᠨᠣᠷᠭᠠᠬᠤ ᠠᠷᠭ᠎ᠠ ᠪᠠᠷ ᠠᠵᠢᠯᠯᠠᠭᠤᠯᠵᠤ᠂ ᠬᠤᠭ ᠲᠣᠭᠤᠰᠣ ᠶᠢᠨ ᠲᠡᠷᠭᠡ ᠬᠥᠰᠬᠡ ᠶᠢ 100% ᠪᠠᠷ ᠪᠢᠲᠡᠭᠦᠮᠵᠢᠯᠡᠨ | ᠲᠡᠭᠡᠭᠡᠪᠦᠷᠢᠯᠡᠨ᠎ᠡ᠃ ︵ᠲᠦᠷᠦᠭᠦᠯᠡᠬᠦ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠦᠢᠯᠡᠴᠢᠯᠡᠭᠡᠨ ᠤ ᠲᠥᠪ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ | ᠵᠠᠮ ᠬᠠᠷᠢᠯᠴᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶᠃ ᠭᠤᠷᠪᠠ ᠳᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠮᠠᠰᠢᠨ ᠮᠧᠬᠠᠨᠢᠭ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ᠬᠤᠳᠠ ᠶᠢᠨ ᠵᠠᠮ ᠢ ᠴᠡᠪᠡᠷᠯᠡᠬᠦ᠂ ᠮᠧᠬᠠᠨᠢᠭᠵᠢᠭᠤᠯᠤᠨ ᠴᠡᠪᠡᠷᠯᠡᠬᠦ ᠠᠵᠢᠯ ᠤᠨ ᠪᠠᠷᠢᠮᠵᠢᠶ᠎ᠠ ᠶᠢᠨ ᠲᠦᠷᠢᠮ ᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠬᠥᠮᠦᠨ ᠤ ᠬᠦᠴᠦ ᠪᠣᠯᠤᠨ ᠮᠧᠬᠠᠨᠢᠭᠵᠢᠭᠤᠯᠤᠨ ᠠᠵᠢᠯᠯᠠᠬᠤ ᠶᠢ | ᠵᠣᠬᠢᠴᠠᠭᠤᠯᠤᠨ ᠬᠠᠮᠵᠢᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠡᠪᠡᠷᠯᠡᠬᠦ ᠪᠠ ᠤᠰᠤ ᠰᠦᠷᠴᠢᠬᠦ ᠤᠳᠠᠭ᠎ᠠ ᠶᠢ | ᠨᠡᠮᠡᠭᠳᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠠᠰᠢᠨ ᠮᠧᠬᠠᠨᠢᠭ ᠤᠨ ᠴᠢᠳᠠᠮᠵᠢ ᠪᠠ ᠵᠠᠮ | ᠬᠠᠷᠢᠯᠴᠠᠭᠠᠨ ᠤ ᠮᠠᠰᠢᠨ ᠮᠧᠬᠠᠨᠢᠭ ᠤᠨ ᠴᠡᠪᠡᠷᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ 2021 ᠣᠨ ᠤ ᠡᠴᠦᠰ ᠲᠤ᠂ | ᠵᠠᠮ ᠬᠠᠷᠢᠯᠴᠠᠭᠠᠨ ᠤ ᠮᠠᠰᠢᠨᠴᠢᠯᠠᠯᠲᠠ ᠶᠢᠨ ᠨᠣᠷᠮ᠎ᠠ ᠶᠢ 65% ᠠᠴᠠ ᠳᠣᠤᠷ᠎ᠠ ᠪᠠᠶᠢᠯᠭᠠᠬᠤ ᠥᠬᠡᠶ ᠪᠠᠶᠢᠵᠤ᠂ ᠵᠠᠮ | ᠬᠠᠷᠢᠯᠴᠠᠭᠠᠨ ᠤ ᠴᠡᠪᠡᠷ ᠴᠡᠮᠴᠡᠭᠡᠷ ᠪᠠᠶᠢᠬᠤ ᠨᠣᠷᠮ᠎ᠠ ᠶᠢ 90% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ︽ | ᠴᠡᠪᠡᠷ ᠴᠡᠮᠴᠡᠭᠡᠷ᠂ ᠡᠮᠬᠢ ᠵᠢᠷᠤᠮ ᠲᠠᠢ᠂ ᠠᠮᠤᠷ ᠲᠦᠪᠰᠢᠨ︾ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃ ︵ | ᠲᠦᠷᠦᠭᠦᠯᠡᠬᠦ ᠨᠢᠭᠡᠴᠡ᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ︔ ᠬᠠᠮᠵᠢᠯᠴᠠᠬᠤ ᠨᠢᠭᠡᠴᠡ᠄ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶᠃ 3. | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠨᠠᠷᠢᠯᠢᠭ᠂ ᠢᠷᠠᠭᠤ᠂ ᠴᠡᠪᠡᠷ | ︾ ᠪᠣᠬᠢᠷᠲᠤᠯ ᠥᠬᠡᠶ ᠬᠤᠲᠠ ᠶᠢ ᠪᠥᠲᠥᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠬᠤᠲᠠ ᠶᠢᠨ | ᠴᠡᠴᠡᠷᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠲᠥᠯᠥᠪᠵᠢᠭᠦᠯᠭᠡ ᠶᠢᠨ ᠵᠢᠷᠤᠭ | ᠲᠥᠯᠥᠪᠯᠡᠭᠡ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ᠂ ᠪᠠᠷᠢᠯᠭ᠎ᠠ ᠳᠠᠭᠤᠰᠴᠤ ᠰᠢᠯᠭᠠᠨ ᠠᠪᠬᠤ ᠠᠴᠠ ᠡᠳᠦᠷ | ᠲᠤᠲᠤᠮ ᠤᠨ ᠠᠷᠠᠴᠢᠯᠠᠨ ᠬᠠᠮᠠᠭᠠᠯᠠᠬᠤ ᠵᠡᠷᠭᠡ ᠣᠯᠠᠨ ᠭᠤᠭᠴᠤᠭ᠎ᠠ ᠳᠤ ᠬᠦᠷᠲᠡᠯ᠎ᠡ ᠨᠣᠭᠤᠭᠠᠷᠠᠭᠤᠯᠤᠯᠲᠠ ᠶᠢᠨ ᠣᠷᠣᠨ | ᠪᠦᠰᠡ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠲᠠ ᠶᠢᠨ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠰᠣᠳᠣᠨ ᠢᠨᠵᠧᠨᠧᠷᠢᠩ ᠢ ᠴᠢᠷᠮᠠᠶᠢᠨ ᠪᠠᠶᠢᠭᠤᠯᠤᠨ᠎ᠠ᠃ ᠬᠤᠲᠠ ᠶᠢᠨ | ᠨᠣᠭᠤᠭᠠᠷᠠᠭᠤᠯᠤᠯᠲᠠ ᠶᠢᠨ ᠣᠷᠣᠨ ᠵᠠᠶ ᠶᠢ ᠥᠷᠭᠡᠳᠬᠡᠵᠦ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠢᠨᠵᠧᠨᠧᠷᠢᠩ ᠢ | ᠪᠥᠬᠦ ᠲᠠᠯ᠎ᠠ ᠪᠠᠷ ᠬᠡᠷᠡᠭᠵᠢᠭᠦᠯᠦᠨ᠂ ᠬᠤᠲᠠ ᠶᠢᠨ ᠥᠨᠴᠥᠭ ᠪᠤᠯᠤᠩ᠂ ᠬᠠᠶᠠᠬᠳᠠᠮᠠᠯ ᠭᠠᠵᠠᠷ ᠲᠤ | ᠨᠣᠭᠤᠭᠠᠷᠠᠭᠤᠯᠤᠯᠲᠠ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ ᠨᠣᠭᠤᠭᠠᠷᠠᠭᠤᠯᠤᠯᠲᠠ ᠬᠢᠭᠡᠳ ᠬᠦᠷᠢᠶ᠎ᠡ | ᠬᠠᠰᠢᠶ᠎ᠠ ᠶᠢᠨ ᠨᠣᠭᠤᠭᠠᠷᠠᠭᠤᠯᠤᠯᠲᠠ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠪᠡᠶᠡᠯᠡᠬᠦᠯᠦᠨ᠂ ︽ᠭᠤᠷᠪᠠᠨ | ᠵᠠᠭᠤᠨ ᠮᠧᠲᠷ ᠤᠨ ᠨᠣᠭᠤᠭᠠᠷᠠᠭᠤᠯᠤᠯᠲᠠ ᠶᠢ ᠣᠯᠵᠤ ᠦᠵᠡᠬᠦ᠂ ᠲᠠᠪᠤᠨ ᠵᠠᠭᠤᠨ ᠮᠧᠲᠷ ᠤᠨ ᠴᠡᠴᠡᠷᠯᠢᠭ ᠢ ᠣᠯᠵᠤ | ᠦᠵᠡᠬᠦ︾ ᠨᠣᠭᠤᠭᠠᠨ ᠭᠠᠵᠠᠷ ᠤᠨ ᠠᠮᠢ ᠠᠬᠤᠶ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ ︵ᠲᠦᠷᠦᠭᠦᠯᠡᠬᠦ | ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ︶ | ︵ᠠᠷᠪᠠᠨ ᠬᠤᠶᠠᠷ︶ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠤᠨ᠎ᠠ᠃ ᠤᠶᠤᠨᠲᠤ ᠬᠤᠲᠠ ᠶᠢᠨ ᠬᠠᠮᠢᠶᠠᠷᠤᠯᠲᠠ ᠶᠢᠨ ᠨᠢᠭᠡᠳᠦᠭᠡᠷ ᠬᠤᠭᠤᠴᠠᠭᠠᠨ ᠤ | ᠢᠨᠵᠧᠨᠧᠷᠢᠩ ᠢ ᠲᠥᠯᠥᠪᠯᠡᠭᠡ ᠶᠣᠰᠣᠭᠠᠷ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠬᠦ ᠶᠢ ᠦᠨᠡᠨᠬᠦ | ᠪᠠᠲᠤᠯᠠᠵᠤ᠂ ᠵᠢᠯ ᠤᠨ ᠳᠣᠲᠣᠷ᠎ᠠ ᠵᠢᠯᠣᠭᠤᠳᠬᠤ ᠲᠥᠪ ᠤᠨ ᠵᠠᠰᠠᠵᠤ ᠴᠢᠮᠡᠭᠯᠡᠬᠦ᠂ ᠮᠠᠰᠢᠨ ᠤ ᠬᠡᠷ ᠤᠨ ᠢᠵᠢ | ᠪᠥᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠵᠥᠭᠡᠯᠡᠨ ᠲᠣᠨᠤᠭ ᠤᠨ ᠠᠵᠢᠯᠯᠠᠭᠠᠨ ᠤ ᠣᠷᠴᠢᠨ | ᠲᠣᠭᠤᠷᠢᠨ ᠤ ᠲᠤᠷᠰᠢᠨ ᠬᠡᠷᠡᠭᠯᠡᠬᠦ ᠪᠠᠩᠬᠢ ᠪᠠ ᠬᠤᠲᠠ ᠶᠢᠨ ᠲᠣᠭᠤᠷᠢᠭ ᠤᠨ ᠬᠠᠷᠠᠭᠠᠨ ᠳᠠᠪᠲᠠᠮᠵᠢ ᠪᠠᠷ ᠬᠢᠨᠠᠨ | ᠡᠵᠡᠮᠳᠡᠬᠦ ᠵᠢᠴᠢ ᠢᠵᠢ ᠪᠥᠷᠢᠳᠦᠭᠦᠯᠬᠦ ᠢᠨᠵᠧᠨᠧᠷᠢᠩ ᠪᠠ ᠵᠢᠯ ᠤᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠴᠤ | ᠰᠢᠯᠭᠠᠨ ᠠᠪᠬᠤ ᠶᠢ ᠪᠡᠶᠡᠯᠡᠭᠦᠯᠵᠦ᠂ ᠵᠢᠱᠢᠭᠰᠡᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠳᠤ ᠬᠦᠷᠦᠬᠦᠯᠦᠨ᠂ | ᠲᠠᠪᠴᠠᠩ ᠳᠤ ᠲᠦᠰᠢᠭᠯᠡᠨ ᠬᠤᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ | ᠬᠡᠷᠡᠭᠲᠡᠶ᠃ ᠡᠭᠦᠨ ᠤ ᠬᠠᠮᠲᠤ᠂ ᠤᠰᠤ᠂ ᠴᠠᠬᠢᠯᠭᠠᠨ᠂ ᠬᠡᠶ᠂ ᠳᠤᠯᠠᠭᠠᠯᠠᠭ᠎ᠠ ᠵᠡᠷᠭᠡ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠠᠭᠤᠷᠢ ᠮᠡᠳᠡᠭᠡ ᠵᠠᠩᠭᠢ ᠶᠢᠨ | ᠲᠤᠭ᠎ᠠ ᠪᠠᠷᠢᠮᠲᠠ ᠶᠢᠨ ᠬᠥᠮᠥᠷᠭᠡ ᠶᠢ ᠲᠡᠭᠦᠯᠳᠡᠷᠵᠢᠭᠦᠯᠦᠨ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠮᠡᠳᠡᠭᠡ ᠵᠠᠩᠭᠢ ᠪᠠ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ᠂ ᠲᠣᠭᠠᠴᠢᠯᠠᠭᠰᠠᠨ ᠬᠡᠷᠡᠭᠯᠡᠭᠡ ᠶᠢ | ᠠᠬᠢᠭᠤᠯᠤᠨ᠂ ᠠᠵᠢᠯ ᠲᠥᠷᠥᠯ ᠤᠨ ᠠᠮᠤᠷ ᠲᠦᠪᠰᠢᠨ ᠤ ᠠᠵᠢᠯᠯᠠᠭᠠᠨ ᠤ ᠦᠢᠯᠡᠴᠢᠯᠡᠭᠡᠨ ᠤ ᠤᠶᠤᠨᠴᠢᠯᠠᠭᠰᠠᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ᠬᠤᠲᠠ ᠶᠢᠨ | ᠮᠡᠳᠡᠭᠡ ᠵᠠᠩᠭᠢ ᠶᠢᠨ ᠵᠠᠭᠪᠤᠷ ︵CIM︶ ᠤᠨ ᠰᠠᠭᠤᠷᠢ ᠲᠠᠪᠴᠠᠩ ᠤᠨ ᠪᠠᠶᠢᠭᠤᠯᠤᠯᠲᠠ ᠶᠢ ᠬᠠᠶᠢᠨ ᠰᠦᠪᠡᠭᠴᠢᠯᠡᠨ᠎ᠡ | ᠃ 2021 ᠣᠨ ᠤ ᠰᠡᠭᠦᠯᠴᠢ ᠪᠣᠯᠬᠤ ᠳᠤ᠂ ᠢᠯᠴᠢ ᠬᠠᠩᠭᠠᠬᠤ᠂ ᠰᠢᠲᠠᠮᠠᠬᠠᠶ ᠬᠡᠶ ᠶᠢᠨ ᠬᠢᠨᠠᠯᠲᠠ | ᠬᠠᠮᠢᠶᠠᠷᠤᠯᠲᠠ ᠶᠢᠨ ᠲᠠᠪᠴᠠᠩ ᠢ ᠠᠩᠬ᠎ᠠ ᠠᠯᠬᠤᠮ ᠪᠠᠶᠢᠭᠤᠯᠤᠨ᠎ᠠ᠃ ︵ᠲᠦᠷᠦᠭᠦᠯᠡᠬᠦ ᠨᠢᠭᠡᠴᠡ᠄ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︔ ᠬᠠᠮᠵᠢᠯᠴᠠᠬᠤ | ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ︶ | ︵ᠠᠷᠪᠠᠨ ᠭᠤᠷᠪᠠ︶ ᠬᠤᠲᠠ ᠶᠢᠨ ᠠᠮᠤᠷ ᠲᠦᠪᠰᠢᠨ ᠤ ᠤᠶᠠᠨ ᠬᠠᠲᠠᠨ ᠴᠢᠨᠠᠷ ᠢ ᠳᠡᠭᠡᠭᠰᠢᠯᠡᠭᠦᠯᠦᠨ᠎ᠡ᠃ | ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠ ᠭᠠᠮᠰᠢᠭ ᠢ ᠶᠡᠷᠦᠩᠬᠡᠶᠢᠯᠡᠨ | ᠰᠡᠷᠭᠡᠶᠢᠯᠡᠬᠦ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠨ ᠪᠠᠴᠢᠮ ᠪᠠᠶᠢᠳᠠᠯ ᠢ | ᠠᠷᠭᠠᠴᠠᠭᠠᠬᠤ ᠡᠯ᠎ᠡ ᠲᠦᠷᠦᠯ ᠤᠨ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠩᠬᠠᠳᠤᠭᠠᠷ ᠤᠳᠠᠭᠠᠨ ᠤ ᠪᠦᠬᠦ | ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠰᠠᠶᠢᠲᠤᠷ ᠬᠢᠨ᠎ᠡ᠃ ᠦᠶᠡᠷ ᠤᠰᠤᠲᠤᠯ᠂ ᠭᠠᠯ ᠤᠨ ᠠᠶᠤᠯ ᠵᠡᠷᠭᠡ ᠭᠠᠮᠰᠢᠭ ᠬᠢᠯᠪᠠᠷᠬᠠᠨ ᠡᠭᠦᠰᠳᠡᠭ ᠣᠷᠣᠨ | ᠤ ᠬᠤᠲᠠ ᠪᠠᠯᠭᠠᠰᠤ ᠶᠢᠨ ᠭᠡᠷ ᠪᠠᠶᠢᠰᠢᠩ ᠤᠨ ᠪᠠᠷᠢᠯᠭ᠎ᠠ ᠪᠣᠯᠤᠨ ᠬᠤᠳᠠ ᠶᠢᠨ ᠶᠠᠪᠤᠳᠠᠯ ᠤᠨ ᠪᠡᠯᠡᠳᠬᠡᠮᠵᠢ ᠶᠢᠨ | ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠥᠷᠨᠢᠭᠦᠯᠬᠦ ᠶᠢᠨ ᠬᠠᠮᠲᠤ ᠰᠡᠯᠪᠢᠨ ᠵᠠᠰᠠᠬᠤ᠂ ᠰᠣᠯᠢᠬᠤ ᠪᠠ | ᠪᠠᠬᠢᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠥᠭᠡᠷᠭᠡ ᠶᠢᠨ | ᠥᠷᠲᠡᠭᠡ᠂ ᠲᠡᠮᠦᠷ ᠵᠠᠮ ᠤᠨ ᠬᠥᠭᠦᠷᠭᠡ ᠵᠡᠷᠭᠡ ᠭᠠᠵᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠢᠨᠠᠨ ᠡᠵᠡᠮᠳᠡᠬᠦ ᠲᠥᠬᠦᠭᠡᠷᠦᠮᠵᠢ ᠤᠬᠰᠠᠷᠠᠨ᠂ ᠬᠥᠭᠡᠷᠭᠡ ᠶᠢᠨ ᠥᠷᠲᠡᠭᠡ ᠶᠢᠨ ᠡᠷᠬᠢᠨ | ᠲᠣᠭᠤᠷᠢᠨ ᠤ ᠣᠷᠴᠢᠨ ᠲᠣᠭᠤᠷᠢᠨ ᠢ ᠴᠠᠭ ᠲᠤᠬᠠᠶ ᠳᠤᠨᠢ ᠬᠢᠨᠠᠨ ᠡᠵᠡᠮᠳᠡᠵᠦ᠂ ᠪᠢᠯᠬᠠᠨ ᠤᠷᠤᠰᠬᠤ ᠠᠰᠠᠭᠤᠳᠠᠯ | ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠪᠠᠶᠢᠩᠭᠤᠵᠢᠭᠤᠯᠤᠭᠰᠠᠨ ᠲᠣᠭᠤᠷᠢᠨ ᠪᠠᠶᠢᠴᠠᠭᠠᠵᠤ ᠬᠠᠮᠠᠭᠠᠯᠠᠬᠤ ᠪᠠ ᠪᠠᠴᠢᠮ | ᠪᠠᠶᠢᠳᠠᠯ ᠢ ᠠᠷᠭᠠᠴᠠᠭᠠᠵᠦ ᠠᠶᠤᠯ ᠠᠴᠠ ᠠᠪᠤᠷᠠᠬᠤ ᠲᠣᠭᠲᠠᠴᠠ ᠶᠢ ᠪᠠᠶᠢᠭᠤᠯᠤᠨ᠂ ᠠᠶᠤᠯ ᠠᠴᠠ ᠠᠪᠤᠷᠠᠬᠤ | ᠠᠵᠢᠯᠳᠠᠨ ᠤ ᠲᠤᠬᠠᠶᠢᠯᠠᠭᠰᠠᠨ ᠠᠵᠢᠯ ᠪᠠ ᠠᠶᠤᠯᠭᠦᠶ ᠶᠢᠨ ᠪᠣᠯᠪᠠᠰᠤᠷᠠᠭᠤᠯᠤᠯ ᠢ ᠨᠡᠮᠡᠭᠳᠡᠭᠦᠯᠵᠦ᠂ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ | ᠲᠦᠷᠦᠭᠦᠯᠡᠬᠦ ᠨᠢᠭᠡᠴᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ | ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠠᠵᠢᠯ | ᠲᠥᠷᠥᠯ ᠤᠨ ᠭᠤᠤᠯᠴᠢᠯᠠᠨ ᠬᠠᠮᠢᠶᠠᠷᠬᠤ ᠨᠢᠭᠡᠴᠡ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ | ᠹᠧᠩᠵᠧᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠬᠤᠲᠠ ᠶᠢᠨ | ᠬᠠᠮᠢᠶᠠᠷᠤᠯᠲᠠ ᠶᠢᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠤᠲᠠ ᠶᠢᠨ | ᠬᠠᠮᠢᠶᠠᠷᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ | ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠢᠯᠡᠷᠡᠭᠰᠡᠨ ᠬᠦᠴᠢᠷ ᠠᠰᠠᠭᠤᠳᠠᠯ᠂ ᠰᠡᠵᠢᠭ ᠲᠠᠢ ᠠᠰᠠᠭᠤᠳᠠᠯ ᠢ ᠴᠠᠭ | ᠲᠤᠬᠠᠶ ᠳᠤᠨᠢ ᠰᠤᠳᠤᠯᠤᠨ ᠰᠢᠢᠳᠪᠦᠷᠢᠯᠡᠨ᠎ᠡ᠃ ᠡᠯ᠎ᠡ ᠪᠦᠷᠢᠯᠳᠦᠬᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠲᠥᠷᠥᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠡᠭᠦᠷᠭᠡ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠢᠶᠠᠨ ᠯᠠᠪᠳᠠᠭᠤᠨ ᠪᠠᠲᠤᠲᠠᠶ ᠦᠷᠨᠢᠬᠦᠯᠦᠨ᠂ ︽ᠱᠠᠲᠤ ᠱᠠᠲᠤ ᠪᠠᠷ | ᠠᠳᠬᠤᠬᠤ ᠬᠥᠮᠦᠨ ᠲᠠᠢ᠂ ᠶᠠᠪᠤᠳᠠᠯ ᠪᠣᠯᠭᠠᠨ ᠳᠤ ᠬᠠᠮᠢᠶᠠᠷᠬᠤ ᠬᠥᠮᠦᠨ ᠲᠠᠢ᠂ ᠠᠵᠢᠯ ᠳᠠᠭᠠᠨ ᠪᠠᠷᠢᠮᠵᠢᠶ᠎ᠠ ᠲᠠᠢ᠂ | ᠴᠠᠭ ᠬᠢᠵᠠᠭᠠᠷᠯᠠᠪᠠᠯ ᠵᠠᠪᠠᠯ ᠪᠠᠷᠢᠮᠵᠢᠶ᠎ᠠ ᠳᠤ ᠬᠥᠷᠬᠦ︾ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠪᠣᠳᠠᠲᠤ ᠦᠷ᠎ᠡ ᠪᠦᠲᠦᠮᠵᠢ | ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ | ᠤᠯᠠᠨ ᠠᠷᠭ᠎ᠠ ᠵᠠᠮ ᠢᠶᠠᠷ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠤᠭᠯᠠᠭᠤᠯᠵᠤ᠂ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠦᠷᠭᠡᠳᠬᠡᠨ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡ | ᠬᠤᠳᠠᠯᠳᠤᠨ ᠠᠪᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠨᠡᠩ ᠤᠯᠠᠨ ᠠᠵᠤ ᠠᠬᠤᠶᠢᠯᠠᠯ ᠪᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠳᠠ ᠶᠢᠨ ᠬᠠᠮᠠᠭᠠᠯᠠᠯᠲᠠ ᠬᠠᠮᠢᠶᠠᠷᠤᠯᠲᠠ ᠳᠤ ᠣᠷᠣᠯᠴᠠᠬᠤ ᠶᠢ | ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠡᠯ᠎ᠡ | ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠨ᠎ᠠ᠃ ᠡᠭᠦᠨ ᠤ ᠬᠠᠮᠲᠤ᠂ | ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ᠂ ᠰᠣᠬᠤᠷ ᠪᠠᠯᠠᠶ ᠪᠠᠷ ᠪᠠᠯᠠ ᠣᠷᠣᠭᠤᠯᠬᠤ ᠠᠴᠠ ᠵᠠᠶᠢᠯᠠᠰᠬᠢᠵᠦ᠂ | ᠵᠠᠰᠠᠭ ᠤᠨ ᠣᠷᠳᠣᠨ ᠠᠴᠠ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠬᠠᠭᠤᠴᠢᠨ | ᠵᠢᠵᠢᠭ ᠲᠣᠭᠤᠷᠢᠭ ᠤᠨ ᠥᠭᠡᠷᠡᠴᠢᠯᠡᠯᠲᠡ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ | ᠵᠣᠷᠯᠣᠩ ᠤᠨ ᠬᠤᠪᠢᠰᠬᠠᠯ᠂ ᠬᠤᠭ ᠨᠣᠪᠰᠢ ᠪᠣᠬᠢᠷ ᠤᠰᠤ ᠶᠢ ᠵᠠᠰᠠᠬᠤ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ | ᠪᠠ ᠪᠠᠯᠠ ᠮᠥᠩᠭᠦ ᠶᠢᠨ ᠬᠠᠷᠠᠭᠠᠯᠵᠠᠯ ᠦᠵᠡᠭᠦᠯᠬᠦ ᠬᠡᠷᠡᠭᠲᠡᠶ᠃ | ︵ᠭᠤᠷᠪᠠ︶ ᠪᠠᠶᠢᠴᠠᠭᠠᠵᠤ ᠰᠢᠯᠭᠠᠨ ᠦᠨᠡᠯᠡᠬᠦ ᠡᠷᠴᠢᠮ ᠢ ᠴᠢᠩᠭᠠᠷᠠᠭᠤᠯᠤᠨ᠎ᠠ᠃ | ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠠᠶᠢᠭᠤᠯᠵᠤ᠂ ᠬᠤᠶᠠᠷ ᠠᠯᠪᠠᠨ ᠬᠡᠷ ᠤᠨ ᠰᠢᠮᠳᠠᠭᠤᠯᠤᠨ | ᠪᠠᠶᠢᠴᠠᠭᠠᠬᠤ ᠲᠠᠰᠤᠭ ᠨᠢ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠡᠷᠡᠭᠵᠢᠭᠦᠯᠦᠭᠰᠡᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠵᠤ ᠰᠢᠯᠭᠠᠨ ᠦᠨᠡᠯᠡᠵᠦ᠂ ᠨᠡᠷᠡᠰ ᠤᠨ ᠵᠢᠭᠰᠠᠭᠠᠯᠲᠠ ᠶᠢ ᠨᠡᠪᠲᠡᠷᠡᠭᠦᠯᠦᠨ᠎ᠡ᠃ | ᠤᠳᠤᠷᠢᠳᠤᠯᠭ᠎ᠠ ᠴᠢᠬᠤᠯᠠᠴᠢᠯᠠᠭᠰᠠᠨ᠂ ᠠᠵᠢᠯᠯᠠᠭ᠎ᠠ ᠨᠢ ᠬᠦᠴᠦᠲᠡᠢ᠂ ᠦᠷ᠎ᠡ ᠪᠦᠲᠦᠮᠵᠢ ᠨᠢ ᠢᠯᠡᠷᠬᠡᠢ ᠪᠠᠶᠢᠬᠤ ᠶᠢ ᠨᠢ | ᠵᠠᠷᠯᠠᠨ ᠰᠠᠶᠢᠰᠢᠶᠠᠵᠤ᠂ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠂ ᠠᠷᠭ᠎ᠠ ᠬᠡᠮᠵᠢᠶ᠎ᠡ ᠨᠢ ᠬᠦᠴᠦᠨ ᠦᠭᠡᠢ᠂ | ᠠᠬᠢᠴᠠ ᠨᠢ ᠤᠳᠠᠭᠠᠨ ᠪᠠᠶᠢᠬᠤ ᠶᠢ ᠨᠢ ᠵᠠᠷᠯᠠᠨ ᠰᠢᠭᠦᠮᠵᠢᠯᠡᠵᠦ᠂ ᠪᠣᠯᠵᠣᠨ ᠶᠠᠷᠢᠯᠴᠠᠬᠤ ᠪᠠ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠢ᠃ | | | ᠤᠷᠴᠢᠭᠤᠯᠤᠬᠴᠢ᠄ ᠼᠦᠢ ᠶᠢᠩ | | |