︽ᠹᠧᠩᠵᠧᠨ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠬᠡᠷᠡᠭᠵᠢᠭᠦᠯᠬᠦ ᠲᠥᠰᠦᠯ ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/9
ᠬᠤᠯᠪᠣᠭᠳᠠᠯ ᠪᠦᠬᠦᠢ ᠨᠢᠭᠡᠴᠡ ᠨᠦᠭᠦᠳ᠄    ᠡᠳᠦᠭᠡ ︽ᠹᠧᠩᠵᠧᠨ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃    ᠡᠭᠦᠨ ᠤ ᠲᠤᠯᠠ ᠮᠡᠳᠡᠭᠳᠡᠪᠡ                        2021 ᠣᠨ ᠤ 11 ᠰᠠᠷ᠎ᠠ ᠶᠢᠨ 11 ᠤ ᠡᠳᠦᠷ    ᠹᠧᠩᠵᠧᠨ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠬᠡᠷᠡᠭᠵᠢᠭᠦᠯᠬᠦ ᠲᠥᠰᠦᠯ    ᠰᠢ ᠶᠢᠨ ᠫᠢᠩ ᠶᠡᠷᠦᠩᠬᠡᠶ ᠱᠦᠵᠢ ᠶᠢᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠤᠬᠠᠶ ᠰᠢᠷᠢᠰ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠠᠰᠠᠬᠤ ᠶᠢ ᠲᠦᠷᠭᠡᠳᠬᠡᠨ ᠠᠬᠢᠭᠤᠯᠵᠤ ᠂ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠶᠢ ᠠᠬᠢᠭᠤᠯᠤᠨ᠂ ᠬᠤᠳᠠ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠶᠢᠨ ᠲᠤᠰᠠᠳᠠ᠂ ᠮᠠᠨ ᠤ ᠬᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠬᠡᠷᠡᠭᠵᠢᠭᠦᠯᠬᠦ ᠲᠥᠰᠦᠯ ᠢ ᠤᠨᠴᠠᠭᠠᠶᠢᠯᠠᠨ ᠲᠣᠭᠲᠠᠭᠠᠪᠠ᠃    ᠨᠢᠭᠡ᠂ ᠶᠡᠷᠦᠩᠬᠡᠶ ᠱᠠᠭᠠᠷᠳᠠᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠤᠯᠭᠠᠨ᠂ ᠬᠤᠳᠠ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠲᠠᠰᠤᠷᠠᠯᠳᠡ ᠦᠭᠡᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠢᠭᠤᠨ ᠴᠡᠪᠡᠷ ᠬᠤᠲᠠ ᠶᠢ ᠪᠦᠲᠦᠭᠡᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠲᠦᠷᠦᠯ ᠬᠤᠪᠢᠶᠠᠨ ᠲᠠᠯᠪᠢᠬᠤ᠂ ᠲᠦᠷᠦᠯ ᠬᠤᠪᠢᠶᠠᠨ ᠴᠤᠭᠯᠠᠭᠤᠯᠬᠤ᠂ ᠲᠦᠷᠦᠯ ᠬᠤᠪᠢᠶᠠᠨ ᠲᠡᠭᠡᠭᠡᠪᠦᠷᠢᠯᠡᠬᠦ᠂ ᠲᠦᠷᠦᠯ ᠬᠤᠪᠢᠶᠠᠨ ᠰᠢᠢᠳᠪᠦᠷᠢᠯᠡᠬᠦ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠪᠠᠷ ᠰᠠᠭᠤᠷᠢ ᠪᠣᠯᠭᠠᠭᠰᠠᠨ᠂ ᠵᠠᠰᠠᠭ ᠤᠨ ᠣᠷᠳᠣᠨ ᠠᠴᠠ ᠲᠦᠯᠬᠢᠨ ᠠᠬᠢᠭᠤᠯᠤᠭᠰᠠᠨ᠂ ᠪᠦᠬᠦ ᠠᠷᠠᠳ ᠢᠶᠠᠷ ᠢᠶᠠᠨ ᠣᠷᠣᠯᠴᠠᠭᠰᠠᠨ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠭᠰᠡᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠭᠰᠠᠨ ᠬᠤᠭ ᠨᠣᠪᠰᠢ ᠶᠢ ᠲᠦᠷᠦᠯ ᠬᠤᠪᠢᠶᠠᠬᠤ ᠲᠦᠷᠢᠮ ᠢ ᠬᠦᠴᠦᠯᠡᠨ ᠪᠤᠢ ᠪᠣᠯᠭᠠᠵᠤ᠂ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠪᠦᠬᠦ ᠬᠤᠳᠠ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠤᠨ᠎ᠠ᠃    ᠬᠤᠶᠠᠷ᠂ ᠠᠵᠢᠯ ᠤᠨ ᠬᠠᠷᠠᠯᠲᠠ    ᠠᠮᠢᠳᠤᠷᠠᠯ ᠤᠨ ᠬᠤᠭ ᠨᠣᠪᠰᠢ ᠶᠢ ᠠᠯᠪᠠᠳᠠᠯᠭ᠎ᠠ ᠪᠠᠷ ᠲᠥᠷᠥᠯ ᠬᠤᠪᠢᠶᠠᠬᠤ ᠶᠢ ᠲᠦᠷᠭᠡᠳᠬᠡᠨ ᠬᠡᠷᠡᠭᠵᠢᠭᠦᠯᠵᠦ᠂ ᠰᠢᠨ᠎ᠡ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠠᠮᠢᠳᠤᠷᠠᠯ ᠤᠨ ᠬᠤᠭ ᠨᠣᠪᠰᠢ ᠶᠢ ᠠᠯᠪᠠᠳᠠᠯᠭ᠎ᠠ ᠪᠠᠷ ᠲᠥᠷᠥᠯ ᠬᠤᠪᠢᠶᠠᠨ᠎ᠠ᠃ 2021 ᠣᠨ ᠤ ᠡᠴᠦᠰ ᠪᠣᠯᠬᠤ ᠳᠤ᠂ ᠮᠠᠨ ᠤ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠬᠠᠮᠢᠶᠠᠷᠤᠯᠲᠠ ᠪᠠ ᠠᠵᠢᠯᠯᠠᠭᠠᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠵᠠᠭᠪᠤᠷ ᠢ ᠦᠨᠳᠦᠰᠦᠨ ᠳᠡᠭᠡᠨ ᠪᠣᠶ ᠪᠣᠯᠭᠠᠵᠤ᠂ ᠠᠮᠢᠳᠤᠷᠠᠯ ᠤᠨ ᠬᠤᠭ ᠨᠣᠪᠰᠢ ᠶᠢ ᠠᠯᠪᠠᠳᠠᠯᠭ᠎ᠠ ᠪᠠᠷ ᠲᠥᠷᠥᠯ ᠬᠤᠪᠢᠶᠠᠭᠰᠠᠨ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠴᠤ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃      ᠭᠤᠷᠪᠠ᠂ ᠬᠡᠪᠴᠢᠶ᠎ᠡ ᠪᠠᠷᠢᠮᠵᠢᠶ᠎ᠠ      ︵ᠨᠢᠭᠡ︶ ᠭᠤᠤᠯ ᠴᠣᠭᠴᠠ ᠶᠢᠨ ᠬᠦᠷᠢᠶ᠎ᠡ ᠬᠡᠪᠴᠢᠶ᠎ᠡ᠃ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠰᠢᠨ᠎ᠡ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠡᠪᠴᠢᠶᠡᠨ ᠳᠤ ᠤᠷᠢᠳᠠᠪᠠᠷ ᠠᠮᠢᠳᠤᠷᠠᠯ ᠤᠨ ᠬᠤᠭ ᠨᠣᠪᠰᠢ ᠶᠢ ᠠᠯᠪᠠᠳᠠᠯᠭ᠎ᠠ ᠪᠠᠷ ᠲᠥᠷᠥᠯ ᠬᠤᠪᠢᠶᠠᠬᠤ ᠶᠢ ᠬᠡᠷᠡᠭᠵᠢᠭᠦᠯᠵᠦ᠂ ᠨᠥᠬᠦᠴᠡᠯ ᠲᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠶᠠᠷ ᠯᠠᠪᠯᠠᠯᠲᠠ ᠪᠣᠯᠭᠠᠨ᠂ ᠵᠢᠵᠢᠭ ᠲᠣᠭᠤᠷᠢᠭ ᠢᠶᠠᠷ ᠨᠢᠬᠡᠴᠡ ᠪᠤᠯᠭᠠᠬᠰᠠᠨ ᠠᠮᠢᠳᠤᠷᠠᠯ ᠤᠨ ᠬᠤᠭ ᠨᠣᠪᠰᠢ ᠶᠢ ᠠᠯᠪᠠᠳᠠᠯᠭ᠎ᠠ ᠪᠠᠷ ᠲᠥᠷᠥᠯ ᠬᠤᠪᠢᠶᠠᠬᠤ ᠶᠢ ᠵᠠᠯᠭᠠᠯᠳᠤᠭᠤᠯᠤᠨ ᠬᠡᠰᠡᠭ ᠬᠡᠰᠡᠭ ᠢᠶᠠᠷ ᠳᠥᠯᠭᠢᠨ ᠠᠬᠢᠭᠤᠯᠵᠤ᠂ ᠵᠠᠰᠠᠭ ᠤᠨ ᠣᠷᠳᠣᠨ᠂ ᠨᠡᠶᠢᠭᠡᠮ ᠲᠣᠭᠤᠷᠢᠭ᠂ ᠠᠵᠤ ᠠᠬᠤᠶᠢᠯᠠᠯ ᠪᠠ ᠰᠠᠭᠤᠭᠠᠯᠢ ᠠᠷᠠᠳ ᠤᠨ ︽ᠳᠥᠷᠪᠡ ᠶᠢ ᠨᠢᠭᠡ ᠴᠤᠭᠴᠠᠵᠢᠭᠤᠯᠬᠤ︾ ᠲᠣᠭᠲᠠᠴᠠ ᠶᠢ ᠪᠠᠶᠢᠭᠤᠯᠤᠨ᠎ᠠ᠃      ︵ᠬᠤᠶᠠᠷ︶ ᠲᠥᠷᠥᠯ ᠬᠤᠪᠢᠶᠠᠬᠤ ᠪᠠᠷᠢᠮᠵᠢᠶ᠎ᠠ᠃ ᠣᠷᠣᠨ ᠰᠠᠭᠤᠴᠠ ᠶᠢᠨ ᠲᠣᠭᠤᠷᠢᠭ ᠲᠤ᠂ ᠣᠷᠣᠨ ᠰᠠᠭᠤᠴᠠ ᠶᠢᠨ ᠲᠣᠭᠤᠷᠢᠭ᠂ ᠪᠠᠶᠢᠰᠢᠩ ᠬᠡᠷ ᠤᠨ ᠲᠣᠭᠤᠷᠢᠭ ᠵᠡᠷᠭᠡ ᠠᠮᠢᠳᠤᠷᠠᠯ ᠤᠨ ᠣᠷᠣᠨ ᠰᠠᠭᠤᠴᠠ ᠶᠢᠨ ᠲᠣᠭᠤᠷᠢᠭ ᠢ ᠪᠠᠭᠲᠠᠭᠠᠨ᠎ᠠ᠂ ᠡᠩ ᠤᠨ ᠪᠠᠶᠢᠳᠠᠯ ᠳᠤ ᠬᠤᠷᠢᠶᠠᠨ ᠠᠪᠴᠤ ᠪᠣᠯᠬᠤ ᠪᠣᠳᠠᠰ᠂ ᠲᠣᠭᠤᠭᠠᠨ ᠬᠡᠷ ᠤᠨ ᠬᠤᠭ ᠨᠣᠪᠰᠢ᠂ ᠬᠥᠨᠥᠭᠡᠯᠲᠡᠶ ᠬᠤᠭ ᠨᠣᠪᠰᠢ᠂ ᠪᠤᠰᠤᠳ ᠬᠤᠭ ᠨᠣᠪᠰᠢ ᠭᠡᠵᠦ ᠳᠥᠷᠪᠡᠨ ᠲᠥᠷᠥᠯ ᠳᠤ ᠬᠤᠪᠢᠶᠠᠨ᠎ᠠ ︔ ᠨᠢᠬᠡᠴᠡ ᠣᠷᠣᠨ ᠪᠦᠰᠡ ᠳᠤ᠂ ᠵᠠᠰᠠᠭ ᠤᠨ ᠣᠷᠳᠣᠨ ᠤ ᠪᠠᠶᠢᠭᠤᠯᠭ᠎ᠠ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠂ ᠲᠣᠮᠣ ᠠᠰᠠᠷ ᠵᠡᠷᠭᠡ ᠠᠯᠪᠠᠯᠠᠬᠤ ᠭᠠᠵᠠᠷ ᠢ ᠪᠠᠭᠲᠠᠭᠠᠨ᠎ᠠ᠂ ᠲᠥᠪᠯᠡᠷᠡᠭᠦᠯᠦᠨ ᠬᠤᠭᠤᠯᠠ ᠬᠠᠩᠭᠠᠬᠤ ᠶᠢ ᠨᠢ ᠡᠩ ᠤᠨ ᠪᠠᠶᠢᠳᠠᠯ ᠳᠤ ᠬᠤᠷᠢᠶᠠᠨ ᠠᠪᠴᠤ ᠪᠣᠯᠬᠤ ᠬᠤᠭ ᠨᠣᠪᠰᠢ᠂ ᠲᠣᠭᠤᠭᠠᠨ ᠬᠡᠷ ᠤᠨ ᠬᠤᠭ ᠨᠣᠪᠰᠢ᠂ ᠬᠥᠨᠥᠭᠡᠯᠲᠡᠶ ᠬᠤᠭ ᠨᠣᠪᠰᠢ᠂ ᠪᠤᠰᠤᠳ ᠬᠤᠭ ᠨᠣᠪᠰᠢ ᠭᠡᠵᠦ ᠳᠥᠷᠪᠡᠨ ᠲᠥᠷᠥᠯ ᠳᠤ ᠬᠤᠪᠢᠶᠠᠨ᠎ᠠ︔ ᠲᠥᠪᠯᠡᠷᠡᠭᠦᠯᠦᠨ ᠬᠤᠭᠤᠯᠠ ᠬᠠᠩᠭᠠᠬᠤ ᠦᠭᠡᠢ ᠶᠢ ᠨᠢ ᠶᠡᠷᠦ ᠳᠡᠭᠡᠨ ᠬᠤᠷᠢᠶᠠᠨ ᠠᠪᠴᠤ ᠪᠣᠯᠬᠤ ᠬᠤᠭ ᠨᠣᠪᠰᠢ᠂ ᠬᠥᠨᠥᠭᠡᠯ ᠲᠠᠢ ᠬᠤᠭ ᠨᠣᠪᠰᠢ᠂ ᠪᠤᠰᠤᠳ ᠬᠤᠭ ᠨᠣᠪᠰᠢ ᠭᠡᠵᠦ ᠭᠤᠷᠪᠠᠨ ᠲᠦᠷᠦᠯ ᠳᠤ ᠬᠤᠪᠢᠶᠠᠨ᠎ᠠ︔ ᠣᠯᠠᠨ ᠨᠡᠶᠢᠲᠡ ᠶᠢᠨ ᠲᠣᠭᠤᠷᠢᠭ ᠲᠤ ᠲᠡᠷᠭᠡᠨ ᠥᠷᠲᠡᠭᠡ᠂ ᠴᠡᠴᠡᠷᠯᠢᠭ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠬᠤᠳᠠᠯᠳᠤᠭᠠᠨ ᠤ ᠲᠠᠯᠠᠪᠤᠷ ᠵᠡᠷᠭᠡ ᠣᠯᠠᠨ ᠨᠡᠶᠢᠲᠡ ᠶᠢᠨ ᠲᠠᠯᠠᠪᠤᠷ ᠪᠠᠭᠲᠠᠨ᠎ᠠ᠂ ᠡᠩ ᠤᠨ ᠪᠠᠶᠢᠳᠠᠯ ᠳᠤ ᠬᠤᠷᠢᠶᠠᠨ ᠠᠪᠴᠤ ᠪᠣᠯᠬᠤ ᠬᠤᠭ ᠨᠣᠪᠰᠢ᠂ ᠪᠤᠰᠤᠳ ᠬᠤᠭ ᠨᠣᠪᠰᠢ ᠭᠡᠵᠦ ᠬᠤᠶᠠᠷ ᠲᠥᠷᠥᠯ ᠳᠤ ᠬᠤᠪᠢᠶᠠᠨ᠎ᠠ᠃ ᠨᠥᠬᠦᠴᠡᠯ ᠲᠠᠢ ᠭᠠᠵᠠᠷ ᠣᠷᠣᠨ ᠳᠤ ᠪᠣᠯ ᠡᠨᠡᠬᠦ ᠰᠠᠭᠤᠷᠢᠨ ᠳᠡᠭᠡᠷ᠎ᠡ ᠨᠠᠷᠢᠨ ᠬᠤᠪᠢᠶᠠᠵᠤ ᠪᠣᠯᠤᠨ᠎ᠠ᠃      ᠮᠠᠨ ᠤ ᠬᠤᠲᠠ ᠶᠢᠨ ᠡᠳᠦᠷ ᠲᠤᠲᠤᠮ ᠤᠨ ᠪᠣᠢ ᠪᠣᠯᠤᠭᠰᠠᠨ ᠠᠮᠢᠳᠤᠷᠠᠯ ᠤᠨ ᠬᠤᠭ ᠨᠣᠪᠰᠢ ᠶᠢᠨ ᠲᠥᠷᠥᠯ ᠵᠦᠢᠯ ᠵᠢᠴᠢ ᠬᠠᠶᠠᠬᠤ᠂ ᠬᠤᠷᠢᠶᠠᠨ ᠲᠡᠭᠡᠭᠡᠪᠦᠷᠢᠯᠡᠬᠦ᠂ ᠰᠢᠢᠳᠪᠦᠷᠢᠯᠡᠬᠦ ᠵᠡᠷᠭᠡ ᠲᠠᠯ᠎ᠠ ᠶᠢᠨ ᠱᠠᠭᠠᠷᠳᠠᠯᠭ᠎ᠠ ᠶᠣᠰᠣᠭᠠᠷ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠴᠤ ᠪᠣᠯᠬᠤ ᠪᠣᠳᠠᠰ᠂ ᠬᠤᠭᠤᠯᠠᠨ ᠭᠡᠷ ᠤᠨ ᠬᠤᠭ ᠨᠣᠪᠰᠢ᠂ ᠬᠥᠨᠥᠭᠡᠯ ᠲᠠᠢ ᠬᠤᠭ ᠨᠣᠪᠰᠢ᠂ ᠪᠤᠰᠤᠳ ᠬᠤᠭ ᠨᠣᠪᠰᠢ ᠭᠡᠵᠦ ᠳᠥᠷᠪᠡᠨ ᠶᠡᠭᠡ ᠲᠥᠷᠥᠯ ᠳᠤ ᠬᠤᠪᠢᠶᠠᠨ᠎ᠠ᠃ ᠡᠯ᠎ᠡ ᠲᠥᠷᠥᠯ ᠤᠨ ᠬᠤᠭ ᠨᠣᠪᠰᠢ ᠶᠢᠨ ᠲᠥᠷᠥᠯ ᠵᠦᠢᠯ ᠨᠢ ᠳᠣᠤᠷᠠᠬᠢ ᠮᠡᠳᠤ᠄      ᠡᠭᠡᠭᠦᠯᠦᠨ ᠬᠤᠷᠢᠶᠠᠵᠤ ᠪᠣᠯᠬᠤ ᠪᠣᠳᠠᠰ᠄ ᠬᠠᠶᠠᠭᠳᠠᠮᠠᠯ ᠴᠠᠭᠠᠰᠤ ︵ᠰᠣᠨᠢᠨ᠂ ᠤᠬᠠᠭᠤᠯᠬᠤ ᠬᠠᠭᠤᠳᠠᠰᠤ᠂ ᠰᠡᠳᠬᠦᠯ᠂ ᠬᠠᠭᠤᠴᠢᠨ ᠨᠣᠮ᠂ ᠴᠠᠭᠠᠰᠤᠨ ᠬᠠᠶᠢᠷᠴᠠᠭ ᠵᠡᠷᠭᠡ︶᠂ ᠬᠠᠶᠠᠭᠳᠠᠮᠠᠯ ᠰᠦᠯᠢᠶᠣᠣ ︵ᠰᠦᠯᠢᠶᠣᠣ ᠤᠭᠤᠲᠠ ᠠᠴᠠ ᠪᠤᠰᠤᠳ ᠰᠦᠯᠢᠶᠣᠣ ᠪᠦᠲᠦᠭᠡᠭᠳᠡᠬᠦᠨ᠂ ᠰᠦᠯᠢᠶᠣᠣ ᠯᠣᠩᠬᠤ᠂ ᠬᠠᠲᠠᠭᠤ ᠰᠦᠯᠢᠶᠣᠣ ᠵᠡᠷᠭᠡ︶᠂ ᠬᠠᠶᠠᠭᠳᠠᠮᠠᠯ ᠲᠡᠮᠦᠷᠯᠢᠭ ︵ᠠᠮᠠᠷᠬᠠᠨ ᠲᠡᠯᠡᠷᠡᠮᠡᠬᠡᠢ ᠯᠠᠵᠠ᠂ ᠲᠡᠮᠦᠷ᠂ ᠵᠡᠰ᠂ ᠬᠥᠩᠭᠡᠨ ᠴᠠᠭᠠᠨ ᠵᠡᠷᠭᠡ ᠦᠢᠯᠡᠳᠬᠦᠨ︶ ᠂ ᠬᠠᠶᠠᠭᠳᠠᠮᠠᠯ ᠪᠣᠭᠤᠳᠠᠯ ᠤᠨ ᠡᠳ᠋ ︵ᠪᠣᠭᠤᠳᠠᠯ ᠤᠨ ᠤᠭᠤᠲᠠ᠂ ᠨᠡᠬᠡᠮᠡᠯ ᠤᠨ ᠤᠭᠤᠲᠠ᠂ ᠭᠤᠮ ᠪᠦᠰᠡ᠂ ᠬᠥᠭᠡᠰᠦᠷᠬᠡᠭ ᠰᠦᠯᠢᠶᠣᠣ ᠵᠡᠷᠭᠡ︶᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ ︵ᠲᠧᠯᠸᠢᠰ᠂ ᠭᠠᠷ ᠤᠲᠠᠰᠤ᠂ ᠺᠣᠮᠫᠢᠦ᠋ᠲ᠋ᠧᠷ ᠵᠡᠷᠭᠡ︶᠂ ᠬᠠᠶᠠᠭᠳᠠᠮᠠᠯ ᠰᠢᠯ ︵ᠰᠢᠯ ᠯᠣᠩᠬᠤ ᠰᠠᠪᠠ᠂ ᠬᠠᠪᠲᠠᠭᠠᠶ ᠰᠢᠯ ᠵᠢᠴᠢ ᠪᠤᠰᠤᠳ ᠰᠢᠯ ᠦᠢᠯᠡᠳᠬᠦᠨ︶᠂ ᠬᠠᠶᠠᠭᠳᠠᠮᠠᠯ ᠬᠠᠭᠤᠴᠢᠨ ᠨᠡᠬᠡᠮᠡᠯ ᠡᠳ᠋ ︵ᠨᠡᠬᠡᠮᠡᠯ ᠬᠤᠪᠴᠠᠰᠤ ᠪᠠ ᠨᠡᠬᠡᠮᠡᠯ ᠡᠳ᠋᠂ ᠬᠠᠶᠠᠭᠳᠠᠮᠠᠯ ᠬᠤᠪᠴᠠᠰᠤ᠂ ᠰᠢᠷᠡᠭᠡᠨ ᠪᠥᠰ᠂ ᠨᠢᠭᠤᠷ ᠤᠬᠢᠶᠠᠬᠤ ᠠᠯᠴᠢᠭᠤᠷ᠂ ᠪᠢᠴᠢᠭ ᠤᠨ ᠪᠣᠭᠴᠣ ᠵᠡᠷᠭᠡ︶᠂ ᠬᠠᠶᠠᠭᠳᠠᠮᠠᠯ ᠴᠠᠭᠠᠰᠤᠨ ᠰᠦᠯᠢᠶᠣᠣ ᠬᠥᠩᠭᠡᠨ ᠴᠠᠭᠠᠨ ᠤ ᠨᠡᠶᠢᠯᠡᠮᠡᠯ ᠪᠣᠭᠤᠳᠠᠯ ᠤᠨ ᠡᠳ᠋ ︵ᠦᠨᠢᠶᠡᠨ ᠰᠦ᠋ ᠤᠮᠳᠠᠭᠠᠨ ᠂ ᠭᠤᠶᠣᠯᠠᠯ ᠤᠨ ᠡᠳ᠋᠂ ᠡᠳᠦᠷ ᠲᠤᠲᠤᠮ ᠤᠨ ᠬᠡᠷᠡᠭᠯᠡᠭᠡᠨ ᠤ ᠡᠳ᠋︶ ᠵᠡᠷᠭᠡ᠃ ᠬᠤᠭᠤᠯᠠᠨ ᠬᠡᠷ ᠤᠨ ᠬᠤᠭ ᠨᠣᠪᠰᠢ᠄ ᠬᠠᠮᠢᠶ᠎ᠠ ᠪᠥᠬᠦᠶ ᠨᠢᠭᠡᠴᠡ ᠶᠢᠨ ᠬᠤᠭᠤᠯᠠᠨ ᠬᠡᠷ᠂ ᠵᠣᠴᠢᠳ ᠤᠨ ᠪᠠᠭᠤᠳᠠᠯ᠂ ᠬᠤᠭᠤᠯᠠᠨ ᠬᠡᠷ ᠵᠡᠷᠭᠡ ᠠᠴᠠ ᠪᠣᠶ ᠪᠣᠯᠤᠭᠰᠠᠨ ᠬᠤᠭᠤᠯᠠᠨ ᠬᠡᠷ ᠤᠨ ᠬᠤᠭ ᠨᠣᠪᠰᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠲᠠᠷᠢᠶᠠᠯᠠᠩ ᠤᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠠᠴᠠ ᠪᠣᠶ ᠪᠣᠯᠤᠭᠰᠠᠨ ᠢᠳᠡᠰᠢᠨ ᠨᠣᠭᠤᠭ᠎ᠠ ᠭᠤᠸᠠ ᠵᠢᠮᠢᠰ ᠤᠨ ᠬᠤᠭ ᠨᠣᠪᠰᠢ᠂ ᠢᠯᠵᠢᠷᠡᠭᠰᠡᠨ ᠮᠢᠬ᠎ᠠ᠂ ᠮᠢᠬ᠎ᠠ ᠶᠢᠨ ᠬᠡᠮᠬᠡᠷᠬᠡᠶ ᠶᠠᠰᠤ᠂ ᠥᠨᠳᠡᠭᠡᠨ ᠬᠠᠯᠢᠰᠤ᠂ ᠮᠠᠯ ᠵᠢᠭᠦᠷᠲᠡᠨ ᠤ ᠪᠦᠲᠦᠭᠡᠭᠳᠡᠬᠦᠨ ᠤ ᠳᠣᠲᠣᠷ ᠡᠷᠬᠡᠲᠡᠨ ᠵᠡᠷᠭᠡ᠃ ᠬᠥᠨᠥᠭᠡᠯ ᠲᠠᠢ ᠬᠤᠭ ᠨᠣᠪᠰᠢ᠄ ᠬᠠᠶᠠᠭᠳᠠᠯ ᠳ᠋ᠢᠶᠠᠨ ᡂᠢ ︵ᠨᠢᠺᠤᠯ ᠤᠰᠤᠲᠥ᠋ᠷᠥᠭᠴᠢ᠂ ᠨᠢᠺᠤᠯ ᠾᠷᠣᠮ ᠳ᠋ᠢᠶᠠᠨ ᡂᠢ᠂ ᠴᠡᠨᠡᠭᠯᠡᠬᠦ ᠳ᠋ᠢᠶᠠᠨ ᡂᠢ᠂ ᠲᠣᠪᠴᠢ ᠳ᠋ᠢᠶᠠᠨ ᡂᠢ᠂ ᠬᠡᠯᠬᠢᠶ᠎ᠡ ᠳ᠋ᠢᠶᠠᠨ ᡂᠢ ᠵᠡᠷᠭᠡ ᠪᠠᠭᠲᠠᠨ᠎ᠠ︶᠂ ᠬᠠᠶᠠᠭᠳᠠᠯ ᠴᠡᠭᠡᠨ ᠭᠡᠷᠡᠯ ᠤᠨ ᠳ᠋ᠧᠩ ᠤᠨ ᠬᠤᠭᠤᠯᠠᠶ ︵ᠨᠡᠷᠡᠨ ᠳ᠋ᠧᠩ᠂ ᠡᠨᠧᠷᠭᠢ ᠠᠷᠪᠢᠯᠠᠬᠤ ᠳ᠋ᠧᠩ ᠵᠡᠷᠭᠡ ᠪᠠᠭᠲᠠᠨ᠎ᠠ︶᠂ ᠬᠠᠶᠠᠭᠳᠠᠯ ᠮᠥᠩᠭᠦᠨ ᠤᠰᠤ ᠠᠭᠤᠯᠤᠭᠰᠠᠨ ᠬᠠᠭᠤᠴᠢᠨ ᠬᠡᠷᠡᠭᠰᠡᠯ ︵ᠬᠠᠶᠠᠭᠳᠠᠯ ᠴᠢᠭᠢᠭᠲᠦᠴᠡ ᠶᠢᠨ ᠬᠡᠮᠵᠢᠭᠦᠷ᠂ ᠴᠢᠰᠤᠨ ᠳᠠᠷᠤᠯᠲᠠ ᠶᠢᠨ ᠬᠡᠮᠵᠢᠭᠦᠷ ᠵᠡᠷᠭᠡ︶᠂ ᠬᠠᠶᠠᠭᠳᠠᠯ ᠡᠮ ᠤᠨ ᠵᠦᠢᠯ ᠵᠢᠴᠢ ᠲᠡᠭᠦᠨ ᠤ ᠪᠠᠭᠯᠠᠭ᠎ᠠ ᠶᠢᠨ ᠡᠳ᠋᠂ ᠬᠠᠶᠠᠭᠳᠠᠯ ᠰᠢᠷ ᠪᠤᠳᠤᠭ ᠠᠭᠤᠰᠬᠠᠭᠴᠢ ᠵᠢᠴᠢ ᠪᠠᠭᠯᠠᠭ᠎ᠠ ᠶᠢᠨ ᠡᠳ᠋᠂ ᠬᠠᠶᠠᠭᠳᠠᠯ ᠬᠤᠷᠣᠬᠠᠶ ᠠᠯᠠᠬᠤ ᠡᠳ᠋᠂ ᠠᠷᠢᠭᠤᠳᠬᠠᠭᠴᠢ ᠡᠳ᠋ ᠵᠢᠴᠢ ᠪᠠᠭᠯᠠᠭ᠎ᠠ ᠶᠢᠨ ᠡᠳ᠋᠂ ᠬᠠᠶᠠᠭᠳᠠᠯ ᠹᠢᠯᠢᠮ ᠵᠢᠴᠢ ᠬᠠᠶᠠᠭᠳᠠᠯ ᠭᠡᠷᠡᠯ ᠵᠢᠷᠤᠭ ᠤᠨ ᠴᠠᠭᠠᠰᠤ ᠵᠡᠷᠭᠡ᠃ ᠪᠤᠰᠤᠳ ᠬᠤᠭ ᠨᠣᠪᠰᠢ᠄ ᠳᠡᠭᠡᠷ᠎ᠡ ᠳᠤᠷᠠᠳᠤᠭᠰᠠᠨ ᠬᠤᠭ ᠨᠣᠪᠰᠢ ᠶᠢᠨ ᠲᠥᠷᠥᠯ ᠠᠩᠭᠢᠯᠠᠯ ᠳᠤ ᠪᠠᠭᠲᠠᠬᠤ ᠥᠬᠡᠶ ᠪᠤᠰᠤᠳ ᠰᠢᠲᠠᠭᠠᠵᠤ ᠪᠣᠯᠬᠤ ᠠᠮᠢᠳᠤᠷᠠᠯ ᠤᠨ ᠬᠤᠭ ᠨᠣᠪᠰᠢ᠃      ᠳᠥᠷᠪᠡ᠂ ᠠᠵᠢᠯ ᠤᠨ ᠡᠭᠦᠷᠭᠡ      ︵ᠨᠢᠭᠡ︶ ᠪᠠᠷᠢᠮᠵᠢᠶ᠎ᠠ ᠶᠢᠨ ᠵᠢᠷᠤᠮᠵᠢᠯ ᠢ ᠲᠡᠭᠦᠯᠳᠡᠷᠵᠢᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠬᠤ ᠡᠯ᠎ᠡ ᠵᠦᠢᠯ ᠤᠨ ᠲᠦᠷᠢᠮ ᠲᠣᠭᠲᠠᠭᠠᠯ ᠢ ᠲᠦᠷᠭᠡᠳᠬᠡᠨ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠱᠠᠭᠠᠷᠳᠠᠯᠭ᠎ᠠ ᠶᠢ ᠲᠣᠳᠣᠷᠬᠠᠶᠢᠯᠠᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠵᠢᠯᠣᠭᠤᠳᠬᠤ ᠭᠠᠷᠴᠠᠭ ᠢ ᠨᠡᠶᠢᠲᠡᠯᠡᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠵᠢᠴᠢ ᠥᠷᠲᠡᠭᠡ ᠴᠢᠬ ᠤᠨ ᠪᠠᠶᠢᠭᠤᠯᠤᠯᠲᠠ ᠶᠢᠨ ᠬᠠᠮᠢᠶ᠎ᠠ ᠪᠥᠬᠦᠶ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠦᠨ᠂ ᠬᠥᠲᠥᠯᠦᠨ ᠵᠢᠯᠣᠭᠤᠳᠬᠤ ᠲᠥᠷᠥ ᠶᠢᠨ ᠪᠣᠳᠣᠯᠭ᠎ᠠ ᠪᠠ  ᠰᠦᠢᠳᠭᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠵᠣᠬᠢᠴᠠᠩᠭᠤᠶ ᠪᠡᠯᠡᠳᠬᠡᠮᠵᠢ ᠶᠢ ᠳᠣᠭᠢᠷᠠᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ ᠂ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠵᠡᠷᠭᠡ ᠳᠤ ᠬᠡᠷᠡᠭᠰᠡᠬᠦ ᠵᠠᠷᠤᠳᠠᠯ ᠢ ᠪᠠᠲᠤᠯᠠᠨ᠎ᠠ᠃ ᠪᠣᠬᠢᠷᠲᠤᠭᠤᠯᠤᠭᠴᠢ ᠰᠦᠢᠳᠭᠡᠯ ᠲᠤᠰᠢᠶᠠᠬᠤ ᠵᠠᠷᠴᠢᠮ ᠶᠣᠰᠣᠭᠠᠷ᠂ ᠬᠤᠭ ᠨᠣᠪᠰᠢ ᠶᠢ ᠰᠢᠢᠳᠪᠦᠷᠢᠡᠯᠬᠦ ᠳᠤ ᠰᠦᠢᠳᠭᠡᠯ ᠬᠤᠷᠢᠶᠠᠬᠤ ᠲᠦᠷᠢᠮ ᠢ ᠲᠡᠭᠦᠯᠳᠡᠷᠵᠢᠭᠦᠯᠵᠦ᠂ ᠬᠤᠭ ᠨᠣᠪᠰᠢ ᠶᠢᠨ ︽ᠬᠡᠮᠵᠢᠯᠲᠡ ᠶᠢᠨ ᠰᠦᠢᠳᠭᠡᠯ ᠬᠤᠷᠢᠶᠠᠬᠤ︾ ︵ᠬᠠᠷᠢᠭᠤᠴᠠᠯᠭᠠᠲᠤ ᠨᠢᠭᠡᠴᠡ᠄ ᠡᠳ᠋ ᠤᠨ ᠵᠠᠰᠠᠭ ᠤᠨ ᠲᠣᠪᠴᠢᠶ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠶᠢ ᠰᠦᠪᠡᠭᠴᠢᠯᠡᠨ ᠥᠷᠨᠢᠭᠦᠯᠦᠨ᠎ᠡ᠃      ︵ᠬᠤᠶᠠᠷ︶ ᠬᠤᠭ ᠨᠣᠪᠰᠢ ᠶᠢ ᠲᠥᠷᠥᠯ ᠬᠤᠪᠢᠶᠠᠨ ᠬᠠᠳᠠᠭᠠᠯᠠᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠣᠳᠠᠲᠠᠶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠭᠤᠯᠠᠨ ᠬᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠳᠤᠮᠳᠠ᠂ ᠵᠢᠵᠢᠭ ᠬᠡᠯᠪᠡᠷᠢ ᠶᠢᠨ ᠲᠤᠰᠬᠠᠶ ᠲᠡᠷᠭᠡ ᠵᠢᠴᠢ ᠬᠥᠨᠥᠭᠡᠯᠲᠡᠶ ᠬᠤᠭ ᠨᠣᠪᠰᠢ ᠶᠢ ᠬᠤᠷᠢᠶᠠᠨ ᠴᠤᠭᠯᠠᠭᠤᠯᠬᠤ ᠲᠤᠰᠬᠠᠶ ᠲᠡᠷᠭᠡ ᠵᠡᠷᠭᠡ ᠲᠡᠷᠭᠡ ᠬᠥᠰᠬᠡ ᠶᠢ ᠳᠣᠭᠢᠷᠠᠭᠤᠯᠵᠤ᠂ ᠲᠣᠭᠤᠭᠠᠨ ᠬᠡᠷ ᠤᠨ ᠬᠤᠭ ᠨᠣᠪᠰᠢ ᠶᠢ ᠰᠢᠭᠤᠳ ᠲᠡᠭᠡᠭᠡᠪᠦᠷᠢᠯᠡᠬᠦ ᠶᠢ ᠬᠡᠷᠡᠭᠵᠢᠭᠦᠯᠦᠨ᠂ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠵᠤ ᠲᠡᠭᠡᠭᠡᠪᠦᠷᠢᠯᠡᠬᠦ ᠶᠢᠨ ᠬᠡᠪ ᠢᠶᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠪᠣᠯᠤᠨ ᠬᠤᠭᠤᠯᠠᠨ ᠭᠡᠷ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠦᠢᠯᠡᠳᠪᠦᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠦᠪᠡᠭᠴᠢᠯᠡᠨ ᠠᠬᠢᠭᠤᠯᠵᠤ᠂ ᠲᠣᠭᠤᠭᠠᠨ ᠭᠡᠷ ᠤᠨ ᠬᠤᠭ ᠨᠣᠪᠰᠢ ᠶᠢ ᠤᠢᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠤᠨᠢ ᠪᠠᠭᠠᠰᠬᠠᠨ ᠰᠢᠢᠳᠪᠦᠷᠢᠯᠡᠬᠦ ᠶᠢ ᠰᠦᠪᠡᠭᠴᠢᠯᠡᠵᠦ᠂ ᠪᠦᠬᠦ ᠬᠤᠳᠠ ᠶᠢᠨ ᠲᠣᠭᠤᠭᠠᠨ ᠭᠡᠷ ᠤᠨ ᠬᠤᠭ ᠨᠣᠪᠰᠢ ᠶᠢ ᠤᠷᠢᠳᠴᠢᠯᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠨᠡᠶᠢᠭᠡᠮ ᠲᠣᠭᠤᠷᠢᠭ ᠢᠶᠠᠷ ᠨᠢᠬᠡᠴᠡ ᠪᠣᠯᠭᠠᠨ ᠬᠥᠨᠥᠭᠡᠯᠲᠡᠶ ᠬᠤᠭ ᠨᠣᠪᠰᠢ ᠶᠢᠨ ᠲᠦᠷ ᠬᠠᠳᠠᠭᠠᠯᠠᠬᠤ ᠴᠢᠬ ᠢ ᠳᠣᠭᠢᠷᠠᠭᠤᠯᠵᠤ᠂ ᠥᠩᠭᠡ ᠪᠤᠳᠤᠭ᠂ ᠢᠯᠭᠠᠬᠤ ᠲᠡᠮᠳᠡᠭ ᠨᠢ ᠵᠢᠷᠤᠮᠵᠢᠯ ᠳᠤ ᠨᠡᠶᠢᠴᠡᠭᠰᠡᠨ᠂ ᠬᠡᠷᠡᠭᠯᠡᠬᠦ ᠬᠡᠪ ᠪᠠᠷᠢᠮᠵᠢᠶ᠎ᠠ ᠳᠤ ᠳᠣᠭᠢᠷᠠᠬᠤ ᠬᠥᠨᠥᠭᠡᠯᠲᠡᠶ ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠳᠣᠭᠢᠷᠠᠭᠤᠯᠤᠨ᠂ ᠬᠥᠨᠥᠭᠡᠯᠲᠡᠶ ᠬᠤᠭ ᠨᠣᠪᠰᠢ ᠶᠢᠨ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠵᠤ᠂ ᠬᠥᠨᠥᠭᠡᠯᠲᠡᠶ ᠬᠤᠭ ᠨᠣᠪᠰᠢ ᠶᠢᠨ ᠢᠷᠡᠯᠲᠡ᠂ ᠲᠥᠷᠥᠯ ᠵᠦᠢᠯ᠂ ᠲᠤᠭ᠎ᠠ ᠬᠡᠮᠵᠢᠶ᠎ᠡ᠂ ᠣᠴᠢᠬᠤ ᠴᠢᠭᠯᠡᠯ ᠵᠡᠷᠭᠡ ᠶᠢ ᠲᠡᠮᠳᠡᠭᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠠᠴᠠ ᠨᠢᠭᠡᠳᠦᠯᠲᠡᠶ ᠰᠢᠢᠳᠪᠦᠷᠢᠯᠡᠨ᠂ ᠬᠢᠷᠢ ᠬᠡᠮ ᠲᠠᠢ ᠰᠢᠢᠳᠪᠦᠷᠢᠯᠡᠬᠦ ᠺᠣᠮᠫᠠᠨᠢ ᠯᠤᠭ᠎ᠠ ᠰᠢᠢᠳᠪᠦᠷᠢᠯᠡᠬᠦ ᠵᠥᠪᠯᠡᠯᠴᠡᠭᠡᠷ ᠲᠣᠭᠲᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶      ︵ᠭᠤᠷᠪᠠ︶ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠣᠯᠠᠨ ᠨᠡᠶᠢᠲᠡ ᠶᠢᠨ ᠲᠠᠯᠠᠪᠤᠷ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠤᠨ᠎ᠠ᠃ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ᠂ ᠤᠯᠠᠨ ᠨᠡᠶᠢᠲᠡ ᠶᠢᠨ ᠲᠠᠯᠠᠪᠤᠷ ᠤᠨ ᠬᠤᠭ ᠨᠣᠪᠰᠢ ᠶᠢ ᠲᠦᠷᠦᠯ ᠬᠤᠪᠢᠶᠠᠨ ᠵᠢᠱᠢᠶ᠎ᠡ ᠦᠵᠡᠭᠦᠯᠬᠦ ᠴᠡᠭ ᠢ ᠡᠩ ᠲᠡᠷᠢᠭᠦᠨ ᠳᠤ ᠡᠭᠦᠳᠦᠨ ᠪᠠᠶᠢᠭᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠡᠭᠦᠨ ᠤ ᠬᠠᠮᠲᠤ᠂ ᠬᠠᠮᠢᠶ᠎ᠠ ᠪᠥᠬᠦᠶ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ ᠬᠤᠷᠢᠶᠠᠨ ᠴᠤᠭᠯᠠᠭᠤᠯᠬᠤ ᠶᠢ ᠵᠢᠷᠤᠮᠵᠢᠭᠤᠯᠵᠤ᠂ ᠠᠶᠠᠨᠴᠢᠳ ᠤᠨ ᠪᠠᠭᠤᠳᠠᠯ᠂ ᠢᠳᠡᠭᠡᠨ ᠤᠮᠳᠠᠭᠠᠨ ᠤ ᠠᠵᠢᠯ ᠲᠥᠷᠥᠯ ᠤᠨ ᠨᠢᠭᠡ ᠯᠡ ᠤᠳᠠᠭ᠎ᠠ ᠶᠢᠨ ᠴᠢᠨᠠᠷᠲᠠᠶ ᠬᠡᠷᠡᠭᠯᠡᠭᠡᠨ ᠤ ᠵᠦᠢᠯ ᠢ ᠬᠢᠵᠠᠭᠠᠷᠯᠠᠬᠤ ᠪᠤᠶᠤ ᠬᠡᠷᠡᠭᠯᠡᠬᠦ ᠶᠢ ᠪᠠᠭᠠᠰᠬᠠᠬᠤ ᠶᠢ ᠳᠥᠯᠭᠢᠨ ᠠᠬᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠬᠡᠷᠡᠭᠯᠡᠭᠡ ᠶᠢ ᠰᠠᠨᠠᠭᠠᠴᠢᠯᠠᠨ᠂ ᠪᠣᠳᠠᠲᠠᠶ ᠪᠠᠶᠢᠳᠠᠯ ᠢ ᠦᠨᠳᠦᠰᠦᠯᠡᠨ ᠲᠤᠬᠠᠶ ᠶᠢᠨ ᠭᠠᠵᠠᠷ ᠲᠤᠨᠢ ᠳᠣᠭᠢᠷᠠᠭᠤᠯᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠥᠷᠨᠢᠭᠦᠯᠦᠨ᠎ᠡ᠃ ᠴᠡᠴᠡᠷᠯᠢᠭ᠂ ᠠᠭᠤᠳᠠᠮ ᠲᠠᠯᠠᠪᠠᠶ᠂ ᠦᠵᠡᠮᠵᠢ ᠶᠢᠨ ᠣᠷᠣᠨ᠂ ᠬᠤᠳᠠᠯᠳᠤᠭᠠᠨ ᠤ ᠲᠠᠯᠠᠪᠤᠷ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ ᠵᠡᠷᠭᠡ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠬᠤᠭ ᠨᠣᠪᠰᠢ ᠶᠢ ᠲᠥᠷᠥᠯ ᠬᠤᠪᠢᠶᠠᠬᠤ ᠶᠢ ᠥᠷᠨᠢᠭᠦᠯᠵᠦ᠂ ᠣᠯᠠᠨ ᠨᠡᠶᠢᠲᠡ ᠶᠢᠨ ᠲᠠᠯᠠᠪᠤᠷ ᠤᠨ ᠣᠨᠴᠠᠯᠢᠭ ᠲᠠᠢ ᠤᠶᠠᠯᠳᠤᠭᠤᠯᠤᠨ᠂ ᠲᠥᠷᠥᠯ ᠬᠤᠪᠢᠶᠠᠨ ᠵᠢᠭᠠᠨ ᠵᠢᠯᠣᠭᠤᠳᠬᠤ ᠶᠢ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠬᠤᠭᠤᠴᠠᠭ᠎ᠠ ᠪᠠ ᠬᠥᠮᠦᠨ ᠠᠮᠠ ᠶᠢᠨ ᠴᠤᠪᠤᠷᠠᠯ ᠤᠨ ᠣᠷᠭᠢᠯ ᠤᠨ ᠦᠶ᠎ᠡ ᠳᠤ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠶᠢ ᠬᠥᠲᠥᠯᠦᠨ ᠵᠢᠯᠣᠭᠤᠳᠬᠤ ᠠᠵᠢᠯ ᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ︶      ︵ᠳᠥᠷᠪᠡ︶ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠵᠢᠵᠢᠭ ᠲᠣᠭᠤᠷᠢᠭ ᠢ ᠡᠭᠦᠳᠦᠨ ᠪᠠᠶᠢᠭᠤᠯᠤᠨ᠎ᠠ᠃ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠵᠠᠷᠴᠢᠮ ᠢ ᠦᠨᠳᠦᠰᠦᠯᠡᠨ ᠬᠡᠰᠡᠭ ᠵᠢᠵᠢᠭ ᠲᠣᠭᠤᠷᠢᠭ ᠢ ᠰᠣᠩᠭᠤᠨ ᠲᠤᠷᠰᠢᠯᠲᠠ ᠬᠢᠵᠦ᠂ ᠲᠤᠷᠰᠢᠯᠲᠠ ᠶᠢᠨ ᠵᠢᠵᠢᠭ ᠲᠣᠭᠤᠷᠢᠭ ᠤᠨ ᠬᠠᠷᠢᠶ᠎ᠠ ᠨᠡᠶᠢᠭᠡᠮ ᠲᠣᠭᠤᠷᠢᠭ᠂ ᠠᠵᠢᠯ ᠦᠢᠯᠡᠰ ᠤᠨ ᠵᠥᠪᠯᠡᠯ ᠪᠠ ᠠᠳᠠᠯ ᠠᠬᠤᠶ ᠶᠢᠨ ᠺᠣᠮᠫᠠᠨᠢ ᠶᠢᠨ ᠬᠠᠮᠢᠶᠠᠷᠤᠯᠲᠠ ᠶᠢᠨ  ᠦᠢᠯᠡᠳᠦᠯ ᠢ ᠭᠦᠶ᠋ᠴᠡᠳ ᠪᠠᠳᠠᠷᠠᠭᠤᠯᠤᠨ᠂ ᠥᠷᠭᠡᠨ ᠣᠯᠠᠨ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ︔ ᠡᠭᠦᠨ ᠤ ᠬᠠᠮᠲᠤ᠂ ᠬᠦᠳᠦᠯᠦᠨ ᠳᠠᠭᠠᠭᠤᠯᠤᠭᠴᠢ ᠪᠠ ᠬᠢᠨᠠᠯᠲᠠ ᠲᠠᠯᠪᠢᠭᠴᠢ ᠲᠤᠬᠢᠷᠠᠭᠤᠯᠵᠤ᠂ ᠨᠠᠮ ᠤᠨ ᠭᠡᠰᠢᠭᠦᠨ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ ᠶᠢ ᠳᠠᠶᠢᠴᠢᠯᠠᠨ ᠳᠠᠭᠠᠭᠤᠯᠵᠤ᠂ ᠨᠡᠶᠢᠭᠡᠮ ᠲᠣᠭᠤᠷᠢᠭ ᠤᠨ ᠬᠤᠭ ᠨᠣᠪᠰᠢ ᠶᠢ ᠲᠦᠷᠦᠯ ᠬᠤᠪᠢᠶᠠᠨ ᠡᠬᠢ ᠡᠭᠦᠰᠦᠯ ᠠᠴᠠ ᠨᠢ ᠣᠨᠣᠪᠴᠢᠲᠠᠢ ᠬᠠᠶᠠᠬᠤ ᠶᠢ ᠠᠬᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠰᠠᠭᠤᠭᠠᠯᠢ ᠠᠷᠠᠳ ᠤᠨ ᠲᠣᠭᠤᠷᠢᠭ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠶᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠡ᠄ ᠣᠷᠴᠢᠨ ᠲᠣᠭᠤᠷᠢᠨ ᠤ ᠠᠷᠢᠭᠤᠨ ᠴᠡᠪᠡᠷ ᠤᠨ ᠺᠣᠮᠫᠠᠨᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶      ︵ᠲᠠᠪᠤ︶ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠲᠧᠯᠸᠢᠰ᠂ ᠰᠦᠯᠵᠢᠶ᠎ᠡ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠤᠨ ᠤᠬᠠᠭᠤᠯᠵᠤ ᠬᠥᠲᠥᠯᠦᠨ ᠵᠢᠯᠣᠭᠤᠳᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠭᠤᠤᠯ ᠪᠣᠯᠬᠤ ᠵᠠᠭᠤᠴᠢᠯᠠᠭᠤᠷ ᠲᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠬᠠᠭᠤᠯᠤᠨ ᠮᠡᠳᠡᠭᠡᠯᠡᠬᠦ ᠬᠠᠭᠤᠳᠠᠰᠤ ᠪᠠ ᠲᠠᠪᠳᠠᠮᠵᠢ ᠶᠢ ᠨᠡᠮᠡᠭᠳᠡᠭᠦᠯᠦᠨ᠎ᠡ᠃ ᠨᠡᠶᠢᠲᠡ ᠶᠢᠨ ᠳ᠋ᠤᠭᠠᠷ᠂ ᠬᠤᠪᠢ ᠶᠢᠨ ᠵᠠᠭᠤᠴᠢᠯᠠᠭᠤᠷ ᠵᠡᠷᠭᠡ ᠰᠢᠨ᠎ᠡ ᠪᠠᠷ ᠪᠣᠶ ᠪᠣᠯᠤᠭᠰᠠᠨ ᠵᠠᠭᠤᠴᠢᠯᠠᠭᠤᠷ ᠤᠨ ᠲᠠᠪᠴᠠᠩ ᠳᠤ ᠲᠦᠰᠢᠭᠯᠡᠨ᠂ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢ ᠴᠢᠩᠭᠠᠳᠬᠠᠨ᠎ᠠ᠃ ︽ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠤᠬᠠᠭᠤᠯᠬᠤ ᠭᠠᠷᠠᠭ ︾ ᠤᠨ ᠠᠵᠢᠯᠯᠠᠭ᠎ᠠ ᠶᠢ ᠤᠯᠠᠷᠢᠯ ᠪᠦᠷᠢ ᠳᠤ ᠨᠢᠭᠡ ᠤᠳᠠᠭ᠎ᠠ ᠥᠷᠨᠢᠭᠦᠯᠵᠦ᠂ ᠣᠯᠠᠨ ᠨᠡᠶᠢᠲᠡ ᠶᠢᠨ ᠲᠠᠯᠠᠪᠤᠷ ᠲᠤ ᠤᠬᠠᠭᠤᠯᠭ᠎ᠠ ᠶᠢᠨ ᠠᠵᠢᠯᠯᠠᠭ᠎ᠠ ᠶᠢ ᠨᠢᠭᠡᠳᠦᠯᠲᠡᠶ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠡᠵᠡᠮᠰᠢᠭᠦᠯᠵᠦ᠂ ᠬᠤᠭ ᠨᠣᠪᠰᠢ ᠶᠢ ᠲᠥᠷᠥᠯ ᠬᠤᠪᠢᠶᠠᠬᠤ ᠳᠤ ᠢᠳᠡᠪᠬᠢᠲᠡᠶ ᠣᠷᠣᠯᠴᠠᠭᠤᠯᠤᠨ᠎ᠠ᠃ ᠡᠭᠦᠨ ᠤ ᠬᠠᠮᠲᠤ᠂ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ ᠠᠭᠤᠯᠭ᠎ᠠ ᠶᠢ ᠪᠥᠬᠦ ᠬᠤᠲᠠ ᠶᠢᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠳᠤ ᠣᠷᠣᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠵᠢᠭᠠᠨ ᠰᠤᠷᠭᠠᠯᠲᠠ ᠶᠢᠨ ᠰᠢᠰᠲ᠋ᠧᠮ ᠳᠤ ᠣᠷᠣᠭᠤᠯᠤᠭᠰᠠᠨ ᠰᠤᠷᠭᠠᠭᠤᠯᠢ ᠶᠢ ᠨᠡᠶᠢᠳᠡᠮ ᠪᠦᠷᠬᠦᠬᠦᠯᠦᠨ᠂ ᠬᠤᠭ ᠨᠣᠪᠰᠢ ᠶᠢ ᠲᠥᠷᠥᠯ ᠬᠤᠪᠢᠶᠠᠨ ᠣᠶᠢᠯᠠᠭᠠᠬᠤ ᠨᠣᠷᠮ᠎ᠠ ᠪᠠ ᠣᠷᠣᠯᠴᠠᠬᠤ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ ᠤᠨ ᠲᠥᠪ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶       ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠹᠧᠩᠵᠧᠨ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠳᠥᠯᠭᠢᠨ ᠠᠬᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠲᠣᠰ ᠬᠠᠷᠢᠶ᠎ᠠ ᠣᠷᠣᠨ ᠤ ᠪᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠥᠰᠦᠯ ᠢ ᠲᠦᠷᠭᠡᠳᠬᠡᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠪᠦᠰᠡ ᠶᠢᠨ ᠳᠣᠲᠣᠷᠠᠬᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ᠂ ᠰᠢᠢᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠠᠬᠢᠭᠤᠯᠬᠤ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠬᠡᠷᠡᠭᠲᠡᠶ᠃      ︵ᠬᠤᠶᠠᠷ︶ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠠᠮᠢᠳᠤᠷᠠᠯ ᠤᠨ ᠬᠤᠭ ᠨᠣᠪᠰᠢ ᠶᠢ ᠬᠠᠶᠠᠬᠤ ᠬᠠᠮᠢᠶᠠᠷᠤᠯᠲᠠ ᠶᠢᠨ ᠬᠠᠷᠢᠭᠤᠴᠠᠯᠭᠠᠲᠠᠨ ᠤ ᠲᠦᠷᠢᠮ ᠢ ᠬᠡᠷᠡᠭᠵᠢᠭᠦᠯᠵᠦ᠂ ᠡᠯ᠎ᠡ ᠲᠥᠷᠥᠯ ᠬᠡᠯᠪᠡᠷᠢ ᠶᠢᠨ ᠣᠷᠣᠨ ᠪᠦᠰᠡ ᠶᠢᠨ ᠬᠠᠮᠢᠶᠠᠷᠤᠯᠲᠠ ᠶᠢᠨ ᠬᠠᠷᠢᠭᠤᠴᠠᠯᠭᠠᠲᠠᠨ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠮᠢᠶ᠎ᠠ ᠪᠥᠬᠦᠶ ᠰᠢᠯᠭᠠᠨ ᠦᠨᠡᠯᠡᠬᠦ ᠶᠢ ᠤᠷᠮᠠᠰᠢᠭᠤᠯᠬᠤ ᠠᠷᠭ᠎ᠠ ᠶᠢ ᠲᠣᠭᠲᠠᠭᠠᠵᠤ᠂ ᠨᠡᠶᠢᠭᠡᠮ ᠤᠨ ᠬᠥᠷᠥᠩᠭᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠰᠠᠭᠤᠭᠠᠯᠢ ᠠᠷᠠᠳ ᠤᠨ ︽ᠪᠣᠬᠢᠷᠲᠤᠯ ᠥᠬᠡᠶ ᠲᠠᠩᠰᠠᠨ ᠡᠷᠦᠬᠡ︾᠂ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠩᠰᠠ ᠡᠪᠬᠡᠮᠡᠯ︾ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠭ ᠨᠣᠪᠰᠢ ᠶᠢ ᠲᠥᠷᠥᠯ ᠬᠤᠪᠢᠶᠠᠨ ᠵᠥᠪ ᠲᠠᠯᠪᠢᠭᠰᠠᠨ ᠰᠠᠭᠤᠭᠠᠯᠢ ᠠᠷᠠᠳ ᠲᠤ ᠰᠣᠯᠢᠵᠤ ᠪᠣᠯᠬᠤ ᠬᠤᠷᠠᠮᠳᠤᠯ ᠬᠤᠪᠢ ᠶᠢᠨ ᠱᠠᠩᠨᠠᠯ ᠣᠯᠭᠤᠨ᠎ᠠ᠃ ︽ᠨᠡᠶᠢᠭᠡᠮ ᠤᠨ ᠠᠵᠢᠯᠲᠠᠨ + ᠰᠠᠶᠢᠨ ᠳᠤᠷ᠎ᠠ ᠶᠢᠨ ᠠᠵᠢᠯᠯᠠᠭᠴᠢ︾ ᠵᠡᠷᠭᠡ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠭ ᠨᠣᠪᠰᠢ ᠶᠢ ᠲᠥᠷᠥᠯ ᠬᠤᠪᠢᠶᠠᠬᠤ  ᠦᠢᠯᠡᠴᠢᠯᠡᠭᠡ ᠥᠷᠨᠢᠭᠦᠯᠬᠦ ᠶᠢ ᠠᠬᠢᠭᠤᠯᠤᠨ᠎ᠠ᠃ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠰᠦᠪᠡᠭᠴᠢᠯᠡᠨ᠎ᠡ᠃      ︵ᠭᠤᠷᠪᠠ︶ ᠪᠠᠶᠢᠴᠠᠭᠠᠵᠤ ᠰᠢᠯᠭᠠᠨ ᠦᠨᠡᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠣᠨ ᠤ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠤᠯᠠᠷᠢᠯ ᠢᠶᠠᠷ ᠮᠡᠳᠡᠭᠡᠯᠡᠬᠦ᠂ ᠣᠨ ᠢᠶᠠᠷ ᠰᠢᠯᠭᠠᠨ ᠬᠢᠨᠠᠬᠤ ᠲᠦᠷᠢᠮ ᠢ ᠪᠠᠶᠢᠭᠤᠯᠵᠤ᠂ ᠣᠨ ᠤ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠦᠭᠡᠳᠦᠶ ᠪᠣᠯ ᠨᠡᠪᠲᠡᠷᠡᠭᠦᠯᠦᠨ ᠰᠢᠭᠦᠮᠵᠢᠯᠡᠵᠦ᠂ ᠠᠵᠢᠯ ᠤᠨ ᠡᠷᠴᠢᠮ ᠢᠶᠠᠷ ᠴᠢᠩᠭ᠎ᠠ᠂ ᠦᠷ᠎ᠡ ᠪᠦᠲᠦᠮᠵᠢ ᠪᠠᠷ ᠢᠯᠡᠷᠬᠡᠶ ᠨᠢᠭᠡᠴᠡ ᠪᠠ ᠬᠤᠪᠢ ᠬᠥᠮᠦᠨ ᠢ ᠨᠡᠪᠲᠡᠷᠡᠭᠦᠯᠦᠨ ᠰᠠᠶᠢᠰᠢᠶᠠᠬᠤ ᠬᠡᠷᠡᠭᠲᠡᠶ᠃ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠵᠢᠯᠣᠭᠤᠳᠤᠨ ᠵᠣᠬᠢᠴᠠᠭᠤᠯᠬᠤ ᠡᠷᠴᠢᠮ ᠪᠠ ᠰᠢᠮᠳᠠᠭᠤᠯᠤᠨ ᠪᠠᠶᠢᠴᠠᠭᠠᠬᠤ ᠪᠠᠨ ᠴᠢᠩᠭᠠᠷᠠᠭᠤᠯᠵᠦ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠵᠠᠰᠠᠬᠤ ᠠᠵᠢᠯ ᠢ ᠡᠯ᠎ᠡ ᠲᠥᠷᠥᠯ ᠤᠨ ᠡᠭᠦᠳᠦᠨ ᠪᠠᠶᠢᠭᠤᠯᠬᠤ ᠠᠵᠢᠯᠯᠠᠭ᠎ᠠ ᠶᠢᠨ ᠬᠢᠨᠠᠨ ᠰᠢᠯᠭᠠᠵᠤ ᠦᠨᠡᠯᠡᠬᠦ ᠰᠢᠰᠲ᠋ᠧᠮᠵᠢ ᠳᠤ ᠣᠷᠣᠭᠤᠯᠬᠤ ᠬᠡᠷᠡᠭᠲᠡᠶ᠃                       ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3