| 2 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠮᠠᠨ ᠤ | ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠯᠦᠩ ᠷᠦᠨ ᠲᠤᠮᠳᠠ ᠤᠰᠤ ᠶᠢ ᠡᠭᠡᠭᠦᠯᠦᠨ ᠬᠡᠷᠡᠭᠯᠡᠬᠦ | ᠺᠣᠮᠫᠠᠨᠢ᠂ ᠵᠢᠶ ᠲᠢᠶᠧ ᠤᠰᠤ ᠭᠠᠳᠠᠭᠰᠢᠯᠠᠭᠤᠯᠬᠤ ᠠᠮᠠᠰᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ | ᠳᠠᠷᠤᠭ᠎ᠠ ᠯᠢ ᠱᠤ᠋ ᠸᠧᠶ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠤᠯᠪᠠ᠃ | ᠬᠦᠷᠦᠭᠰᠡᠨ ᠭᠠᠵᠠᠷ ᠪᠣᠯᠭᠠᠨ ᠳᠤ᠂ ᠸᠠᠩ ᠵᠧᠨ ᠬᠠᠢ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠪᠣᠯᠤᠨ | ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ | ᠦᠵᠡᠵᠦ᠂ ᠪᠣᠬᠢᠷ ᠤᠰᠤ ᠰᠢᠢᠳᠪᠦᠷᠢᠯᠡᠬᠦ ᠶᠠᠪᠤᠴᠠ᠂ ᠡᠵᠡᠩᠨᠡᠯᠲᠡ ᠬᠠᠮᠢᠶᠠᠷᠤᠯᠲᠠ ᠶᠢᠨ ᠪᠠᠷᠢᠮᠵᠢᠶ᠎ᠠ ᠳᠤ ᠬᠦᠷᠭᠡᠵᠦ | ᠭᠠᠳᠠᠭᠰᠢᠯᠠᠭᠤᠯᠬᠤ ᠵᠡᠷᠭᠡ ᠪᠠᠶᠢᠳᠠᠯ ᠢ ᠨᠢᠬᠳᠠ ᠤᠶᠢᠯᠠᠭᠠᠪᠠ᠃ | | ᠸᠠᠩ ᠵᠧᠨ ᠬᠠᠶ ᠵᠢᠭᠠᠵᠤ ᠭᠠᠷᠭᠠᠭᠰᠠᠨ ᠨᠢ᠂ ᠪᠣᠬᠢᠷ ᠤᠰᠤ ᠶᠢ ᠰᠢᠢᠳᠪᠦᠷᠢᠯᠡᠬᠦ ᠪᠠ ᠡᠭᠡᠭᠦᠯᠦᠨ ᠬᠤᠷᠢᠶᠠᠵᠤ | ᠠᠰᠢᠭᠯᠠᠬᠤ ᠵᠢᠴᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠨᠢ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠪᠣᠯᠤᠨ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠭ᠎ᠠ ᠪᠣᠯᠬᠤᠷ᠂ | ᠵᠠᠪᠠᠯ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠠᠵᠢᠯ ᠤᠨ ᠴᠢᠬᠤᠯᠠ | ᠴᠢᠨᠠᠷ ᠢ ᠬᠦᠢᠴᠡᠳ ᠲᠠᠨᠢᠬᠤ ᠬᠡᠷᠡᠭᠲᠡᠶ᠃ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠪᠠ ᠲᠤᠬᠠᠶ ᠶᠢᠨ | ᠲᠠᠯᠠᠪᠠᠶ ᠶᠢᠨ ᠪᠠᠶᠢᠴᠠᠭᠠᠯᠲᠠ ᠶᠢ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠮᠥᠷᠳᠡᠨ | ᠳᠠᠭᠠᠵᠤ᠂ ᠪᠣᠬᠢᠷ ᠤᠰᠤ ᠶᠢ ᠰᠢᠢᠳᠪᠦᠷᠢᠯᠡᠬᠦ ᠡᠯ᠎ᠡ ᠵᠠᠩᠭᠢᠯᠠᠭ᠎ᠠ ᠶᠢᠨ ᠭᠤᠭᠴᠤᠭ᠎ᠠ᠂ ᠵᠠᠩᠭᠢᠯᠠᠭ᠎ᠠ ᠶᠢᠨ ᠬᠡᠰᠡᠭ ᠢ | ᠴᠢᠩᠭ᠎ᠠ ᠠᠳᠬᠤᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠣᠬᠢᠷ ᠤᠰᠤ ᠶᠢ | ᠭᠠᠳᠠᠭᠰᠢᠯᠠᠭᠤᠯᠬᠤ ᠪᠠ ᠪᠣᠬᠢᠷ ᠤᠰᠤ ᠶᠢ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ | ᠡᠵᠡᠮᠰᠢᠬᠦ ᠬᠡᠷᠡᠭᠲᠡᠶ᠃ | | ᠸᠠᠩ ᠵᠧᠨ ᠬᠠᠶ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠢᠶᠠᠷᠤᠯᠲᠠ ᠪᠠᠨ | ᠴᠢᠩᠭᠠᠳᠬᠠᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠳᠣᠲᠣᠭᠠᠳᠤ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠦᠷᠢᠮ᠂ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ︔ ᠦᠵᠡᠯ ᠰᠠᠨᠠᠭ᠎ᠠ ᠲᠠᠨᠢᠯᠲᠠ ᠪᠠᠨ ᠦᠨᠡᠨ | ᠬᠦ ᠳᠡᠭᠡᠭᠰᠢᠯᠡᠭᠦᠯᠵᠦ᠂ ᠨᠡᠪᠲᠡᠷᠡᠯᠴᠡᠭᠡ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠪᠣᠬᠢᠷ ᠤᠰᠤ ᠶᠢ | ᠰᠢᠢᠳᠪᠦᠷᠢᠯᠡᠬᠦ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠰᠤᠨ ᠤ ᠡᠬᠢ | ᠪᠠᠶᠠᠯᠢᠭ ᠢ ᠴᠢᠨᠠᠷ ᠰᠠᠶᠢᠲᠠᠶ ᠬᠠᠮᠢᠶᠠᠷᠴᠤ ᠰᠠᠶᠢᠲᠤᠷ ᠬᠡᠷᠡᠭᠯᠡᠵᠦ᠂ ᠪᠥᠬᠦ ᠬᠤᠲᠠ ᠶᠢᠨ ᠠᠮᠢ ᠠᠬᠤᠶ ᠣᠷᠴᠢᠨ | ᠲᠣᠭᠤᠷᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠶ᠃ | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠬᠴᠢ᠄ ᠼᠦᠢ ᠶᠢᠩ |