ᠸᠠᠩ ᠵᠧᠨ ᠬᠠᠶ ᠵᠡᠷᠭᠡ ᠬᠤᠲᠠ ᠶᠢᠨ ᠤᠳᠤᠷᠢᠳᠤᠯᠭ᠎ᠠ ᠨᠠᠷ ᠴᠠᠭᠠᠨ ᠰᠠᠷ᠎ᠠ ᠶᠢᠨ ᠬᠤᠭᠤᠴᠠᠭᠠᠨ ᠳᠤ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭ᠎ᠠ ᠠᠵᠢᠯᠳᠠᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2021/2/11
   2 ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ ᠵᠡᠷᠭᠡ ᠬᠤᠳᠠ ᠶᠢᠨ ᠤᠳᠤᠷᠢᠳᠤᠯᠭ᠎ᠠ ᠨᠠᠷ ᠴᠠᠭᠠᠨ ᠰᠠᠷ᠎ᠠ ᠶᠢᠨ ᠬᠤᠭᠤᠴᠠᠭᠠᠨ ᠳᠤ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠤᠯᠠᠨ ᠤ ᠰᠢᠷᠭᠠᠭᠤ ᠠᠵᠢᠯ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠴᠠᠭᠠᠨ ᠰᠠᠷ᠎ᠠ ᠶᠢᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃
   ᠸᠠᠩ ᠵᠧᠨ ᠬᠠᠶ ᠨᠠᠷ ᠤᠷᠢᠳ ᠬᠤᠵᠢᠳ ᠬᠤᠲᠠ ᠶᠢᠨ ᠨᠠᠮ ᠤᠨ ᠬᠤᠷᠢᠶᠠᠨ ᠤ ᠨᠢᠭᠤᠴᠠ ᠮᠠᠲ᠋ᠧᠷᠢᠶᠠᠯ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶᠠᠨ ᠤ ᠶᠡᠷᠦᠩᠬᠡᠶ ᠵᠢᠵᠢᠭᠦᠷ ᠤᠨ ᠲᠠᠰᠤᠭ᠂ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷ ᠤᠨ ᠲᠠᠰᠤᠭ᠂ ᠨᠠᠮ ᠵᠠᠰᠠᠭ ᠤᠨ ᠲᠣᠮᠣ ᠠᠰᠠᠷ ᠤᠨ ᠠᠮᠤᠷ ᠢ ᠬᠠᠮᠠᠭᠠᠯᠠᠬᠤ ᠲᠠᠰᠤᠭ᠂ ᠰᠢᠨ  ᠹᠧᠩ ᠢᠯᠴᠢ ᠴᠠᠬᠢᠯᠭᠠᠨ ᠤ ᠦᠢᠯᠡᠳᠪᠦᠷᠢ᠂ ᠲᠦᠭᠡᠭᠡᠯ ᠤᠰᠤᠨ ᠤ ᠬᠥᠭᠡᠷᠭᠡ ᠶᠢᠨ ᠲᠠᠰᠤᠭ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠵᠡᠷᠭᠡ ᠨᠢᠭᠡᠴᠡ ᠶᠢᠨ ᠠᠵᠢᠯᠲᠠᠨ ᠢ ᠪᠣᠯᠭᠤᠭᠠᠨ ᠲᠣᠬᠤᠨᠢᠭᠤᠯᠪᠠ᠃ ᠬᠦᠷᠦᠭᠰᠡᠨ ᠭᠠᠵᠠᠷ ᠪᠣᠯᠭᠠᠨ ᠳᠤ᠂ ᠸᠠᠩ ᠵᠧᠨ ᠬᠠᠢ ᠤᠯᠠᠨ ᠲᠠᠢ ᠳᠣᠲᠣᠨᠣ ᠪᠠᠷ ᠶᠠᠷᠢᠯᠴᠠᠵᠤ᠂ ᠠᠵᠢᠯ ᠤᠨ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠡᠯ᠎ᠡ ᠰᠠᠯᠠᠭ᠎ᠠ ᠮᠥᠴᠢᠷ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠬᠦ ᠠᠵᠢᠯ ᠤᠨ ᠪᠠᠶᠢᠷᠢ ᠶᠢᠨ ᠪᠠᠶᠢᠳᠠᠯ ᠢ ᠨᠠᠷᠢᠨ ᠣᠶᠢᠯᠠᠭᠠᠪᠠ᠃
   ᠸᠠᠩ ᠵᠧᠨ ᠬᠠᠶ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠥᠬᠦᠳ ᠲᠤ᠂ ᠪᠠᠶᠠᠷ ᠤᠨ ᠡᠳᠦᠷ ᠤᠨ ᠬᠤᠭᠤᠴᠠᠭᠠᠨ ᠳᠤ ᠬᠤᠪᠢ ᠬᠥᠮᠦᠨ ᠤ ᠬᠠᠮᠠᠭᠠᠯᠠᠯᠲᠠ ᠶᠢ ᠠᠩᠬᠠᠷᠴᠤ᠂ ᠠᠵᠢᠯᠯᠠᠵᠤ ᠠᠮᠠᠷᠠᠬᠤ ᠴᠠᠭ ᠢᠶᠠᠨ ᠵᠦᠶ ᠵᠣᠬᠢᠰᠲᠠᠶ ᠲᠣᠬᠢᠷᠠᠭᠤᠯᠵᠤ᠂ ᠪᠥᠬᠦ ᠰᠡᠳᠬᠢᠯ ᠢᠶᠠᠷ ᠢᠶᠠᠨ ᠬᠠᠷᠢᠭᠤᠴᠠᠯᠭ᠎ᠠ ᠪᠠᠨ ᠬᠦᠢᠴᠡᠳᠭᠡᠨ᠂ ᠡᠭᠡᠯᠵᠢ ᠪᠦᠷᠢ ᠶᠢᠨ ᠠᠵᠢᠯ ᠤᠨ ᠪᠠᠶᠢᠷᠢ ᠳᠠᠭᠠᠨ ᠰᠠᠶᠢᠲᠤᠷ ᠵᠣᠭᠰᠣᠵᠤ᠂ ᠢᠳᠡᠪᠬᠢᠲᠡᠶ ᠠᠵᠢᠯᠯᠠᠬᠤ ᠣᠪᠣᠷ᠂ ᠣᠷᠭᠢᠯᠤᠮ᠎ᠠ ᠬᠠᠯᠠᠭᠤᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠨ ᠰᠠᠬᠢᠬᠤ ᠠᠵᠢᠯ ᠳᠤ ᠤᠷᠤᠯᠴᠠᠨ᠂ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠬᠡᠪ ᠤᠨ ᠡᠷᠭᠢᠯᠲᠡ ᠶᠢ ᠦᠨᠡᠨ ᠬᠦ ᠪᠠᠲᠤᠯᠠᠵᠤ᠂ ᠠᠷᠠᠳ ᠣᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠪᠥᠬᠦ ᠬᠦᠴᠦ ᠪᠠᠷ ᠢᠶᠠᠨ ᠪᠠᠳᠤᠯᠠᠨ᠂ ᠣᠯᠠᠨ ᠲᠦᠮᠡᠨ ᠢ ᠪᠠᠶᠠᠷ ᠬᠥᠷ ᠲᠠᠢ ᠥᠯᠵᠡᠶ ᠪᠡᠯᠭᠡ ᠲᠠᠢ ᠴᠠᠭᠠᠨ ᠰᠠᠷ᠎ᠠ ᠶᠢ  ᠦᠩᠭᠡᠷᠡᠭᠦᠯᠦᠭᠡᠷᠡᠢ ᠭᠡᠵᠦ ᠵᠠᠬᠢᠪᠠ᠃                    ᠨᠠᠶᠢᠷᠠᠭᠤᠯᠤᠭᠴᠢ᠄ ᠵᠢᠶᠠ ᠷᠠᠨ ᠲᠦᠩ                    ᠤᠷᠴᠢᠭᠤᠯᠤᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3