ᠸᠠᠩ ᠵᠢᠶ ᠴᠧᠩ ᠨᠠᠷ ᠴᠠᠭᠠᠨ ᠰᠠᠷ᠎ᠠ ᠠᠴᠠ ᠡᠮᠦᠨᠡᠬᠢ ᠲᠤᠬᠤᠨᠢᠭᠤᠯᠤᠯᠳᠠ ᠬᠢᠪᠡ
ᠨᠡᠶᠢᠲᠡᠯᠡᠭᠰᠡᠨ ᠴᠠᠭ᠄
2021/2/11
  2 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠵᠢᠶ ᠴᠧᠩ ᠪᠣᠯᠤᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠯᠠᠶ ᠱᠤᠸᠠᠨ ᠨᠠᠷ ᠬᠡᠰᠡᠭ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠠᠵᠢᠯᠴᠢᠨ᠂ ᠬᠦᠴᠢᠷᠳᠡᠯᠲᠡᠶ ᠣᠯᠠᠨ ᠲᠦᠮᠡᠨ ᠵᠢᠴᠢ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃
   ᠠᠬᠠᠮᠠᠳ ᠺᠠᠳ᠋ᠷ ᠵᠦ ᠱᠧᠩ ᠯᠢ ᠶᠢᠨ ᠭᠡᠷ ᠲᠤ᠂ ᠸᠠᠩ ᠵᠢᠢ ᠴᠧᠩ ᠨᠡᠷ ᠪᠡᠶ᠎ᠡ ᠮᠠᠬᠠᠪᠣᠳ ᠪᠣᠯᠤᠨ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠨ ᠠᠰᠠᠭᠤᠵᠤ᠂ ᠹᠧᠩᠵᠧᠨ ᠤ ᠢᠷᠡᠭᠡᠳᠦᠢ ᠶᠢᠨ ᠬᠥᠭᠵᠢᠯᠲᠡ ᠶᠢᠨ ᠲᠤᠬᠠᠢ ᠴᠢᠯᠦᠬᠡᠳᠡᠢ ᠶᠠᠷᠢᠯᠴᠠᠵᠠᠭᠠᠪᠠ᠃
    ᠠᠬᠠᠮᠠᠳ ᠨᠠᠮ ᠤᠨ ᠭᠡᠰᠢᠭᠦᠨ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠳᠠᠨ ᠠᠵᠢᠯᠴᠢᠨ ᠪᠣᠯᠤᠨ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠬᠤ ᠳᠠᠭᠠᠨ᠂ ᠸᠠᠩ ᠵᠢᠢ ᠴᠧᠩ ᠤᠯᠠᠨ ᠤ ᠠᠮᠢᠳᠤᠷᠠᠯ ᠤᠨ ᠢᠲᠡᠭᠡᠯ ᠵᠣᠷᠢᠭ ᠢᠶᠠᠨ ᠪᠠᠳᠤᠳᠬᠠᠨ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠡᠷᠴᠢ ᠵᠣᠷᠢᠭ ᠢᠶᠠᠨ ᠪᠠᠳᠤᠯᠠᠬᠤ ᠶᠢ ᠬᠦᠰᠡᠵᠦ᠂ ᠨᠠᠮ ᠪᠣᠯᠤᠨ ᠵᠠᠰᠠᠭ ᠤᠨ ᠣᠷᠳᠣᠨ ᠤ ᠬᠠᠪᠰᠤᠷᠤᠯᠭ᠎ᠠ ᠳᠡᠮᠵᠢᠯᠭᠡ ᠳᠣᠣᠷ᠎ᠠ᠂ ᠠᠮᠢᠳᠤᠷᠠᠯ ᠯᠠᠪ ᠡᠳᠦᠷ ᠠᠴᠠ ᠡᠳᠦᠷ ᠰᠠᠶᠢᠵᠢᠷᠠᠬᠤ ᠶᠤᠮ ᠭᠡᠪᠡ᠃
   ᠰᠠᠬᠢᠨ ᠬᠠᠷᠠᠬᠤ ᠭᠠᠵᠠᠷ ᠤᠨ ᠹᠧᠩᠵᠧᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠬᠤ ᠳᠠᠭᠠᠨ᠂ ᠸᠠᠩ ᠵᠢᠢ ᠴᠧᠩ ᠤᠯᠠᠨ ᠵᠢᠯ ᠤᠨ ᠲᠤᠷᠰᠢ᠂ ᠹᠧᠩᠵᠧᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠪᠦᠬᠦ ᠳᠠᠷᠤᠭ᠎ᠠ ᠪᠠᠶᠢᠯᠳᠤᠭᠴᠢᠳ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠣᠷᠣᠨ ᠨᠤᠲᠤᠭ ᠤᠨ ᠠᠮᠤᠷ ᠲᠣᠭᠲᠠᠭᠤᠨ ᠢ ᠬᠠᠮᠠᠭᠠᠯᠠᠬᠤ ᠳᠤ ᠬᠤᠪᠢ ᠨᠡᠮᠡᠷᠢ ᠪᠠᠨ ᠦᠵᠡᠭᠦᠯᠦᠭᠰᠡᠭᠡᠷ ᠢᠷᠡᠪᠡ ᠭᠡᠰᠡᠨ ᠪᠠ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠲᠤ ᠳᠣᠲᠣᠨᠣ ᠮᠡᠨᠳᠦᠴᠢᠯᠡᠯ᠂ ᠴᠠᠭᠠᠨ ᠰᠠᠷ᠎ᠠ ᠶᠢᠨ ᠪᠠᠶᠠᠷᠳᠤ ᠡᠳᠦᠷ  ᠤᠨ ᠵᠥᠩᠨᠡᠯ ᠳᠡᠪᠰᠢᠭᠦᠯᠪᠡ᠃             ᠨᠠᠶᠢᠷᠠᠭᠤᠯᠤᠭᠴᠢ᠄ ᠵᠢᠶᠠ ᠷᠠᠨ ᠲᠦᠩ             ᠤᠷᠴᠢᠭᠤᠯᠤᠬᠴᠢ᠄  ᠼᠦᠢ  ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3