| 2 ᠰᠠᠷ᠎ᠠ ᠶᠢᠨ 3 ᠤ ᠡᠳᠦᠷ᠂ ᠬᠤᠳᠠ ᠶᠢᠨ ᠬᠤᠷᠢᠶᠠᠨ ᠤ ᠲᠡᠳ᠋ ᠱᠦᠵᠢ᠂ ᠵᠠᠰᠠᠭ ᠤᠨ ᠤᠷᠳᠤᠨ ᠤ ᠬᠤᠳᠠ ᠶᠢᠨ | ᠳᠠᠷᠤᠭ᠎ᠠ ᠸᠠᠩ ᡁᠢ ᠶᠦᠩ ᠬᠡᠰᠡᠭ ᠬᠤᠳᠠᠯᠳᠤᠭᠠᠨ ᠤ ᠬᠡᠲᠦ ᠳᠡᠯᠭᠡᠭᠦᠷ᠂ ᠺᠣᠮᠫᠠᠨᠢ ᠠᠵᠤ ᠠᠬᠤᠶᠢᠯᠠᠯ ᠳᠤ ᠭᠦᠨᠵᠡᠭᠡᠶᠢᠷᠡᠵᠦ᠂ | ᠢᠳᠡᠭᠡᠨ ᠤ ᠠᠮᠤᠷ ᠲᠦᠪᠰᠢᠨ᠂ ᠡᠳ᠋ ᠪᠣᠳᠠᠰ ᠤᠨ ᠪᠠᠲᠤᠯᠠᠭ᠎ᠠ᠂ ᠠᠶᠤᠯ ᠥᠬᠡᠶ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠵᠦ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠣᠣ ᡁᠢ | ᠵᠢᠶᠧ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠪᠠᠷ᠎ᠠ ᠪᠤᠯᠪᠠ᠃ | | ᠸᠠᠩ ᡁᠢ ᠶᠦᠩ ᠨᠠᠷ ᠵᠢᠶᠠ ᠯᠢ ᠠᠮᠢᠳᠤᠷᠠᠯ ᠤᠨ ᠠᠭᠤᠳᠠᠮ ᠲᠠᠯᠠᠪᠠᠢ᠂ ᠬᠤᠸᠠ ᠯᠢᠨ ᠬᠡᠳᠦ ᠳᠡᠯᠭᠡᠭᠦᠷ᠂ ᠬᠠᠢ ᠫᠧᠩ | ᠢᠳᠡᠭᠡᠨ ᠪᠣᠯᠪᠠᠰᠤᠷᠠᠭᠤᠯᠬᠤ ᠦᠢᠯᠡᠳᠪᠦᠷᠢ᠂ ᠶᠠᠨᠵᠢᠩ ᠫᠢᠸᠤ᠋ ︵ᠹᠧᠩᠵᠧᠨ︶ ᠶᠢᠨ ᠬᠢᠵᠠᠭᠠᠷᠲᠤ ᠺᠣᠮᠫᠠᠨᠢ᠂ ᠬᠤᠸᠠ ᠰᠢᠨ | ᠯᠢᠦᠢ ᠶᠤᠸᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠡᠯ᠎ᠡ | ᠨᠢᠬᠡᠴᠡ ᠶᠢᠨ ᠬᠠᠷᠢᠭᠤᠴᠠᠯᠭᠠᠲᠠᠨ ᠤ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠵᠢᠴᠢ ᠢᠳᠡᠭᠡᠨ ᠤ ᠠᠮᠤᠷ | ᠲᠦᠪᠰᠢᠨ᠂ ᠡᠳ᠋ ᠪᠣᠳᠠᠰ ᠤᠨ ᠪᠠᠲᠤᠯᠠᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠪᠠᠶᠢᠴᠠᠭᠠᠨ ᠰᠣᠨᠣᠰᠴᠤ᠂ ᠬᠤᠯᠪᠣᠭᠳᠠᠯ ᠪᠦᠬᠦᠢ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠵᠢᠴᠢ ᠴᠠᠭᠠᠨ | ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠨᠠᠷᠢᠨ ᠠᠰᠠᠭᠤᠵᠤ᠂ ᠡᠯ᠎ᠡ ᠨᠢᠬᠡᠴᠡ ᠶᠢᠨ | ᠴᠠᠭᠠᠨ ᠰᠠᠷ᠎ᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃ | | ᠸᠠᠩ ᡁᠢ ᠶᠦᠩ ᠱᠠᠭᠠᠷᠳᠠᠬᠰᠠᠨ ᠨᠢ᠂ ᠠᠶᠤᠯᠭᠦᠶ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠣᠯ ᠡᠯ᠎ᠡ ᠠᠵᠤ ᠠᠬᠤᠶᠢᠯᠠᠯ ᠤᠨ ᠬᠥᠭᠵᠢᠯᠲᠡ ᠶᠢᠨ ᠤᠷᠢᠲᠠᠯ ᠪᠠ ᠰᠠᠭᠤᠷᠢ ᠮᠥᠨ᠂ ᠡᠯ᠎ᠡ ᠬᠠᠮᠢᠶ᠎ᠠ ᠪᠥᠬᠦᠶ | ᠨᠢᠬᠡᠴᠡ ᠪᠣᠯᠤᠨ ᠦᠢᠯᠡᠳᠪᠦᠷᠢᠯᠡᠯ ᠤᠨ ᠠᠵᠤ ᠠᠬᠤᠶᠢᠯᠠᠯ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ | ᠢᠮᠠᠭᠲᠠ ᠠᠮᠤᠷ ᠲᠦᠪᠰᠢᠨ ᠤ ᠡᠨᠡ ᠬᠦ ᠬᠥᠪᠴᠢ ᠶᠢ ᠴᠢᠩᠭᠠᠯᠠᠨ᠂ ᠡᠯ᠎ᠡ ᠭᠤᠭᠴᠤᠭ᠎ᠠ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ | ᠦᠢᠯᠡᠳᠪᠦᠷᠢᠯᠡᠯ ᠤᠨ ᠠᠮᠤᠷ ᠲᠦᠪᠰᠢᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠶ᠃ | | ᠲᠤᠬᠠᠶ ᠶᠢᠨ ᠭᠠᠵᠠᠷ ᠲᠤᠨᠢ ᠪᠠᠶᠢᠴᠠᠭᠠᠬᠤ ᠶᠠᠪᠤᠴᠠ ᠳᠤ᠂ ᠸᠠᠩ ᡁᠢ ᠶᠦᠩ ᠡᠯ᠎ᠡ ᠬᠡᠲᠦ ᠳᠡᠯᠭᠡᠭᠦᠷ ᠲᠤ ᠡᠵᠡᠩᠨᠡᠭᠴᠢ | ᠪᠣᠯᠤᠨ ᠪᠠᠷᠠᠭ᠎ᠠ ᠬᠤᠳᠠᠯᠳᠤᠨ ᠠᠪᠤᠭᠴᠢ ᠠᠴᠠ ᠬᠤᠯᠪᠤᠬᠳᠠᠯ ᠪᠦᠬᠦᠢ ᠪᠠᠶᠢᠳᠠᠯ ᠢ ᠠᠰᠠᠭᠤᠨ ᠯᠠᠪᠯᠠᠵᠤ᠂ ᠪᠣᠳᠠᠲᠤ ᠪᠠᠶᠢᠳᠠᠯ ᠢ | ᠨᠢᠬᠳᠠ ᠣᠶᠢᠯᠠᠭᠠᠪᠠ᠃ ᠸᠠᠩ ᡁᠢ ᠶᠦᠩ᠂ ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠡᠯ᠎ᠡ ᠬᠤᠳᠠᠯᠳᠤᠭᠠᠴᠢᠨ ᠡᠷᠦᠬᠡ ᠥᠪᠡᠷ ᠢ ᠪᠠᠨ ᠬᠠᠮᠢᠶᠠᠷᠬᠤ ᠤᠬᠠᠮᠰᠠᠷ ᠢᠶᠠᠨ | ᠲᠡᠭᠡᠭᠰᠢᠯᠡᠬᠦᠯᠦᠨ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠪᠠᠲᠤᠯᠠᠬᠤ ᠶᠢᠨ | ᠵᠡᠷᠭᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠪᠠᠬᠢᠵᠢᠬᠦᠯᠦᠨ᠂ ᠠᠷᠠᠳ ᠤᠯᠠᠨ ᠤ ᠠᠮᠤᠷ ᠠᠮᠤᠭᠤᠯᠠᠩ ᠪᠠᠶᠠᠷ | ᠪᠠᠶᠠᠰᠬᠤᠯᠠᠩ ᠲᠠᠢ ᠰᠢᠨᠡᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠬᠴᠢ᠄ ᠼᠦᠢ ᠶᠢᠩ |