ᠸᠠᠩ ᠵᠧᠨ ᠬᠠᠶ ᠨᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/2/11
   2 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠴᠤ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠣᠣ ᡁᠢ ᠵᠢᠶᠧ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠯᠲᠠ ᠬᠢᠪᠠ᠃    ᠸᠠᠩ ᠵᠧᠨ ᠬᠠᠶ ᠨᠠᠷ ᠤᠷᠢᠳ ᠬᠤᠵᠢᠳ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ 208 ᠤᠯᠤᠰ ᠤᠨ ᠵᠠᠮ ᠤᠨ ᠬᠤᠷᠢᠭ᠎ᠠ ᠠᠭᠤᠯᠵᠠᠷ᠂ ᠰᠢᠤᠸᠠᠢ ᠭᠠᠩ ᠱᠠᠨ ᠤ ᠬᠤᠷᠢᠭ᠎ᠠ ᠠᠭᠤᠯᠵᠠᠷ᠂ ᠬᠤᠳᠠ ᠶᠢᠨ ᠡᠮᠦᠨ᠎ᠡ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠲᠠ ᠶᠢᠨ ᠡᠮᠨᠡᠯᠭᠡ ᠶᠢᠨ ᠬᠤᠷᠢᠶ᠎ᠠ᠂ ᠬᠤᠸᠠ ᠳ᠋ᠠ ᠺᠢᠨᠣ᠋ ᠲᠧᠯᠸᠢᠰ ᠤᠨ ᠬᠤᠲᠠ ᠵᠢᠴᠢ ᠨᠣᠷᠲᠠᠢ ᠡᠮᠨᠡᠯᠭᠡ ᠶᠢᠨ ᠬᠤᠷᠢᠶ᠎ᠠ ᠳᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠠᠶᠢᠴᠠᠭᠠᠨ ᠵᠢᠯᠣᠭᠤᠳᠪᠠ᠃
   ᠬᠤᠸᠠ ᠳ᠋ᠠ ᠺᠢᠨᠣ᠋ ᠲᠧᠯᠸᠢᠰ ᠤᠨ ᠬᠤᠳᠠ ᠳᠤ᠂ ᠸᠠᠩ ᠵᠧᠨ ᠬᠠᠢ ᠺᠢᠨᠣ᠋ ᠶᠢᠨ ᠣᠷᠳᠣᠨ ᠤ ᠬᠠᠷᠢᠭᠤᠴᠠᠯᠭᠠᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠤᠨᠤᠰᠤᠬᠰᠠᠨ ᠤ ᠲᠠᠷᠠᠭ᠎ᠠ ᠵᠢᠭᠠᠵᠤ ᠭᠠᠷᠭᠠᠭᠰᠠᠨ ᠨᠢ᠂ ᠴᠠᠭᠠᠨ ᠰᠠᠷ᠎ᠠ ᠶᠢᠨ ᠬᠤᠭᠤᠴᠠᠭᠠᠨ ᠳᠤ ᠪᠣᠯ ᠺᠢᠨᠣ᠋ ᠶᠢᠨ ᠣᠷᠳᠣᠨ ᠤ ᠬᠥᠭᠵᠢᠶᠡᠨᠲᠡᠶ ᠴᠠᠭ ᠪᠠᠶᠢᠵᠤ᠂ ᠬᠥᠮᠦᠨ ᠬᠠᠷ᠎ᠠ ᠬᠤᠷᠠᠨ ᠴᠤᠭᠯᠠᠷᠠᠳᠠᠭ ᠪᠣᠯᠬᠤᠷ ᠵᠠᠪᠠᠯ ᠦᠵᠡᠭᠴᠢᠳ ᠤᠨ ᠠᠮᠤᠷ ᠲᠦᠪᠰᠢᠨ ᠤ ᠬᠠᠮᠠᠭᠠᠯᠠᠯᠲᠠ ᠵᠢᠴᠢ ᠳᠡᠩᠰᠡᠯᠡᠯᠲᠡ ᠶᠢᠨ ᠠᠵᠢᠯ ᠢ ᠰᠠᠶᠢᠲᠤᠷ ᠬᠢᠵᠦ᠂ ᠠᠵᠢᠯᠲᠠᠳ ᠵᠢᠴᠢ ᠦᠵᠡᠭᠴᠢᠳ ᠡᠷᠬᠡᠪᠰᠢ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃
  ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠬᠤᠲᠠ ᠶᠢᠨ ᠡᠮᠨᠡᠯᠭᠡ ᠶᠢᠨ ᠬᠤᠷᠢᠶ᠎ᠠ᠂ ᠬᠤᠳᠠ ᠶᠢᠨ ᠡᠮᠦᠨ᠎ᠡ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠨᠣᠷᠲᠠᠶ ᠡᠮᠨᠡᠯᠭᠡ ᠶᠢᠨ ᠬᠤᠷᠢᠶ᠎ᠠ ᠳᠤ᠂ ᠸᠠᠩ ᠵᠧᠨ ᠬᠠᠶ ᠨᠠᠷ ᠰᠠᠨᠠᠭᠠᠴᠢᠯᠠᠭ᠎ᠠ ᠠᠴᠠ ᠪᠠᠨ ᠠᠶᠠᠯᠠᠯ ᠤᠨ ᠺᠣᠳ᠋ ᠢ ᠰᠢᠷᠪᠢᠵᠦ᠂ ᠪᠡᠶ᠎ᠡ ᠶᠢᠨ ᠬᠠᠯᠠᠭᠤᠨ ᠤ ᠪᠠᠶᠢᠴᠠᠭᠠᠯᠲᠠ ᠬᠡᠮᠵᠢᠯᠲᠡ ᠶᠢ ᠬᠦᠯᠢᠶᠡᠭᠰᠡᠨ ᠪᠥᠭᠡᠳ ᠡᠯ᠎ᠡ ᠨᠢᠬᠡᠴᠡ ᠶᠢᠨ ᠬᠠᠷᠢᠭᠤᠴᠠᠯᠭᠠᠲᠠᠨ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠨᠠᠷᠢᠨ ᠠᠰᠠᠭᠤᠪᠠ᠃ ᠸᠠᠩ ᠵᠧᠨ ᠬᠠᠶ ᠴᠢᠬᠤᠯᠠᠴᠢᠯᠠᠬᠰᠠᠨ ᠨᠢ᠂ ᠡᠮᠨᠡᠯᠭᠡ ᠶᠢᠨ ᠬᠤᠷᠢᠶ᠎ᠠ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠵᠢᠭᠰᠠᠭᠠᠯ ᠤᠨ ᠭᠠᠵᠠᠷ ᠮᠥᠨ᠂ ᠡᠮᠴᠢ ᠰᠤᠪᠢᠯᠠᠭᠴᠢᠳ ᠥᠪᠡᠷ ᠢ ᠪᠠᠨ ᠬᠠᠮᠠᠭᠠᠯᠠᠬᠤ ᠠᠵᠢᠯ ᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃
   208 ᠤᠯᠤᠰ ᠤᠨ ᠵᠠᠮ ᠤᠨ ᠬᠠᠷᠠᠭᠤᠯ ᠤᠨ ᠭᠠᠵᠠᠷ ᠵᠢᠴᠢ ᠰᠢᠤᠸᠠᠢ ᠭᠠᠩ ᠱᠠᠨ ᠤ ᠬᠠᠷᠠᠭᠤᠯ ᠤᠨ ᠭᠠᠵᠠᠷ ᠲᠤ ᠂ ᠸᠠᠩ ᠵᠧᠨ ᠬᠠᠶ ᠵᠢᠵᠢᠭᠦᠷ ᠤᠨ ᠬᠦᠰᠦᠨᠦᠭᠲᠦ᠂ ᠲᠡᠷᠭᠡ ᠬᠥᠰᠬᠡ ᠶᠢᠨ ᠠᠵᠢᠯᠲᠠᠨ ᠤ ᠳᠡᠩᠰᠡᠯᠡᠯᠲᠡ ᠶᠢᠨ ᠬᠦᠰᠦᠨᠦᠭᠲᠦ ᠵᠢᠴᠢ ᠠᠵᠢᠯ ᠤᠨ ᠶᠠᠪᠤᠴᠠ ᠵᠡᠷᠭᠡ ᠶᠢ ᠨᠠᠷᠢᠨ ᠬᠢᠨᠠᠮᠠᠭᠠᠶ ᠪᠠᠶᠢᠴᠠᠭᠠᠨ ᠦᠵᠡᠭᠰᠡᠨ ᠪᠥᠭᠡᠳ ᠲᠤᠬᠠᠶ ᠶᠢᠨ ᠲᠠᠯᠠᠪᠠᠶ ᠳᠤ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠪᠠ᠃ ᠸᠠᠩ ᠵᠧᠨ ᠬᠠᠶ ᠵᠢᠭᠠᠵᠤ ᠭᠠᠷᠭᠠᠭᠰᠠᠨ ᠨᠢ᠂ ᠡᠯ᠎ᠡ ᠬᠤᠷᠢᠭ᠎ᠠ ᠠᠭᠤᠯᠵᠠᠷ ᠲᠤ ᠵᠢᠵᠢᠭᠦᠷᠯᠡᠬᠦ ᠲᠣᠬᠢᠷᠠᠭᠤᠯᠤᠯᠲᠠ ᠶᠢ ᠨᠠᠷᠢᠯᠢᠭ ᠪᠣᠳᠠᠲᠠᠶ ᠬᠢᠵᠦ᠂ ᠠᠵᠢᠯ ᠤᠨ ᠴᠤᠪᠤᠷᠠᠯ ᠢ ᠪᠠᠶᠢᠭᠤᠯᠤᠨ ᠪᠦᠷᠢᠨᠰᠢᠭᠦᠯᠵᠦ᠂ ᠲᠡᠷᠭᠡ ᠬᠥᠰᠬᠡ ᠬᠥᠮᠦᠰ ᠤᠨ ᠣᠷᠣᠵᠤ ᠭᠠᠷᠬᠤ ᠳᠡᠩᠰᠡᠯᠡᠯᠲᠡ ᠶᠢ ᠰᠠᠶᠢᠲᠤᠷ ᠬᠢᠵᠦ᠂ ᠠᠭᠤᠯᠭ᠎ᠠ ᠶᠢ ᠨᠠᠷᠢᠨ ᠣᠨᠣᠪᠴᠢᠲᠠᠶ ᠪᠠᠶᠢᠯᠭᠠᠬᠤ ᠬᠡᠷᠡᠭᠲᠡᠶ᠃ ᠸᠠᠩ ᠵᠧᠨ ᠬᠠᠶ ᠱᠠᠭᠠᠷᠳᠠᠭᠰᠠᠨ ᠨᠢ᠂ ᠡᠭᠡᠯᠵᠢ ᠳᠠᠭᠠᠭᠤᠯᠤᠭᠴᠢ ᠤᠳᠤᠷᠢᠳᠤᠯᠭ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠥᠴᠦᠬᠡᠨ ᠴᠦ ᠴᠠᠯᠠᠭᠠᠶᠢᠷᠠᠵᠤ ᠪᠣᠯᠬᠤ ᠥᠬᠡᠶ᠂ ᠠᠵᠢᠯᠲᠠᠳ 24 ᠴᠠᠭ ᠢᠶᠠᠷ ᠡᠭᠡᠯᠵᠢᠯᠡᠨ ᠠᠵᠢᠯ ᠤᠨ ᠪᠠᠶᠢᠷᠢ ᠳᠤ ᠭᠠᠷᠬᠤ ᠶᠢ ᠨᠢᠭᠡᠳᠦᠯᠲᠡᠶ ᠬᠡᠷᠡᠭᠵᠢᠭᠦᠯᠵᠦ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠪᠣᠭᠤᠮᠲᠠ ᠶᠢ ᠰᠠᠶᠢᠲᠤᠷ ᠰᠠᠬᠢᠬᠤ ᠬᠡᠷᠡᠭᠲᠡᠶ᠃                  ᠨᠠᠶᠢᠷᠠᠭᠤᠯᠤᠭᠴᠢ᠄ ᠵᠢᠶᠠ ᠷᠠᠨ ᠲᠦᠩ                  ᠤᠷᠴᠢᠭᠤᠯᠤᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3