| ᠮᠠᠨ ᠤ ᠬᠤᠲᠠ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠪᠠ ᠠᠵᠤ ᠠᠬᠤᠢ ᠨᠡᠶᠢᠬᠡᠮ ᠤᠨ ᠬᠥᠭᠵᠢᠯᠲᠡ ᠶᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ | ᠪᠠᠲᠤᠯᠠᠬᠤ︾ ᠠᠵᠢᠯ ᠢ ᠰᠤᠯᠠᠷᠠᠭᠤᠯᠤᠯ ᠥᠬᠡᠶ ᠴᠢᠩᠭ᠎ᠠ ᠠᠳᠬᠤᠪᠠ᠃ ᠴᠠᠭᠠᠨ ᠰᠠᠷ᠎ᠠ ᠶᠢᠨ ᠬᠤᠭᠤᠴᠠᠭᠠᠨ ᠳᠤ᠂ | ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠹᠯᠤᠷᠳᠤ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠮᠦᠨ ᠯᠠ ᠶᠠᠭᠠᠷᠠᠯᠲᠠᠶ ᠪᠠᠶᠢᠵᠤ᠂ ᠭᠠᠳᠠᠨ᠎ᠠ | ᠣᠷᠣᠨ ᠳᠤ ᠪᠠᠶᠢᠭ᠎ᠠ ᠬᠡᠷ ᠪᠦᠯᠢ ᠶᠢᠨ ᠠᠵᠢᠯᠲᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠷᠢᠶᠠᠯᠠᠭ᠎ᠠ ᠶᠢ | ᠴᠤᠤᠷᠢᠶᠠᠲᠤᠨ ᠳᠠᠭᠠᠵᠤ᠂ ᠦᠢᠯᠡᠳᠪᠦᠷᠢᠯᠡᠯ ᠤᠨ ᠲᠠᠰᠤᠭ ᠲᠤ ᠪᠠᠨ ᠰᠢᠨᠡᠯᠡᠨ᠂ ᠦᠢᠯᠡᠳᠪᠦᠷᠢᠯᠡᠯ ᠤᠨ ᠨᠢᠭᠡᠳᠦᠭᠡᠷ | ᠹᠷᠣᠨᠲ ᠢ ᠪᠠᠲᠤ ᠰᠠᠬᠢᠵᠤ᠂ ᠥᠪᠡᠷ ᠢ ᠪᠠᠨ ᠤᠮᠠᠷᠲᠠᠨ ᠠᠵᠢᠯᠯᠠᠭᠰᠠᠨ ᠨᠢ ᠴᠠᠭᠠᠨ ᠰᠠᠷ᠎ᠠ ᠶᠢᠨ ᠨᠢᠭᠡᠨ ᠤᠨᠴᠠᠭᠠᠢ | ᠦᠵᠡᠮᠵᠢ ᠪᠤᠯᠪᠠ᠃ | ᠵᠢᠶ ᠲᠢᠶᠧ ᠲᠡᠮᠦᠷ ᠤᠨ ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠮᠠᠨ ᠤ ᠬᠤᠲᠠ ᠶᠢᠨ | ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠹᠯᠤᠷᠳᠦ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠨᠢᠭᠡᠨ | ᠲᠣᠮᠣ ᠬᠡᠯᠪᠡᠷᠢ ᠶᠢᠨ ᠲᠡᠮᠦᠷ ᠤᠨ ᠬᠠᠶᠢᠯᠤᠰᠢ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ᠎ᠠ᠂ ᠣᠲᠣ 2300 | ᠭᠠᠷᠤᠶ ᠠᠵᠢᠯᠲᠠᠨ ᠪᠣᠶ᠃ ᠴᠠᠭᠠᠨ ᠰᠠᠷ᠎ᠠ ᠶᠢᠨ ᠬᠤᠭᠤᠴᠠᠭᠠᠨ ᠳᠤ᠂ ᠺᠣᠮᠫᠠᠨᠢ ᠠᠴᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠢ ᠪᠦᠷ ᠰᠠᠭᠠᠲᠠᠭᠠᠬᠤ ᠦᠬᠡᠢ ᠪᠠᠶᠢᠬᠤ ᠶᠢ ᠨᠢᠭᠡᠳᠦᠯᠲᠡᠢ | ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ ᠪᠣᠯᠤᠨ ᠣᠷᠣᠨ ᠨᠤᠲᠤᠭ ᠤᠨ | ᠠᠵᠤ ᠠᠬᠤᠢ ᠶᠢᠨ ᠬᠥᠭᠵᠢᠯᠲᠡ ᠳᠤ ᠰᠠᠭᠤᠷᠢᠯᠠᠨ᠂ ᠡᠯ᠎ᠡ ᠵᠦᠢᠯ ᠤᠨ ᠠᠷᠤ ᠲᠠᠯ᠎ᠠ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠷᠤᠭ ᠬᠠᠭᠠᠰ ᠠᠴᠠ ᠳᠡᠭᠡᠭᠰᠢᠬᠢ ᠭᠠᠵᠠᠷ | ᠣᠷᠣᠨ ᠤ ᠠᠵᠢᠯᠳᠠᠨ ᠠᠵᠢᠯᠴᠢᠳ ᠲᠤᠬᠠᠢ ᠶᠢᠨ ᠭᠠᠵᠠᠷ ᠲᠠᠭᠠᠨ ᠰᠠᠨᠠᠭ᠎ᠠ ᠠᠮᠤᠷ ᠰᠢᠨᠡᠯᠡᠵᠦ᠂ ᠠᠵᠤ ᠠᠬᠤᠶᠢᠯᠠᠯ ᠤᠨ | ᠦᠢᠯᠡᠳᠪᠦᠷᠢᠯᠡᠯ ᠳᠤ ᠢᠳᠡᠪᠬᠢᠲᠡᠢ ᠣᠷᠣᠯᠴᠠᠪᠠ᠃ | ᠰᠤᠷᠪᠤᠯᠵᠢᠯᠠᠭᠴᠢ ᠠᠵᠢᠯᠳᠠᠨ ᠠᠵᠢᠯᠴᠢᠳ ᠤᠨ ᠬᠤᠭᠤᠯᠠᠨ ᠭᠡᠷ ᠲᠤ ᠲᠤᠭᠤᠭᠠᠴᠢᠨ ᠪᠠᠭᠰᠢ ᠨᠠᠷ ᠥᠪᠡᠷ | ᠥᠪᠡᠷ ᠤᠨ ᠤᠷ᠎ᠠ ᠮᠡᠷᠭᠡᠵᠢᠯ ᠢᠶᠠᠨ ᠦᠵᠡᠭᠦᠯᠵᠦ᠂ ᠠᠵᠤ ᠠᠬᠤᠶᠢᠯᠠᠯ ᠤᠨ ᠠᠵᠢᠯᠴᠢᠳ ᠲᠤ ᠣᠨᠴᠠᠯᠢᠭᠲᠤ ᠨᠣᠭᠤᠭ᠎ᠠ | ᠬᠠᠭᠤᠷᠴᠤ᠂ ᠲᠡᠳᠡᠨᠠᠷ ᠤᠨ ᠬᠤᠭᠤᠯᠠᠨ ᠰᠢᠷᠡᠭᠡ ᠶᠢ ᠪᠠᠶᠠᠯᠢᠭᠵᠢᠭᠤᠯᠵᠤ ᠪᠠᠶᠢᠭ᠎ᠠ ᠶᠢ ᠣᠯᠵᠤ ᠬᠠᠷᠠᠪᠠ᠃ ᠦᠳᠡ ᠳᠤ | ᠬᠤᠭᠤᠯᠠᠨ ᠭᠡᠷ ᠲᠤ᠂ ᠠᠵᠢᠯᠲᠠᠳ ᠡᠮᠬᠢ ᠳᠠᠷᠠᠭ᠎ᠠ ᠲᠠᠢ ᠮᠥᠷᠯᠡᠨ ᠬᠤᠭᠤᠯᠠ ᠵᠠᠬᠢᠶᠠᠯᠠᠵᠤ᠂ ᠠᠮᠲᠠᠲᠠᠶ ᠬᠤᠭᠤᠯᠠ | ᠢᠳᠡᠭᠰᠡᠨ ᠨᠢ ᠲᠡᠳᠡᠨᠠᠷ ᠲᠤ ᠴᠠᠭᠠᠨ ᠰᠠᠷ᠎ᠠ ᠶᠢᠨ ᠬᠠᠯᠠᠭᠤᠨ ᠳᠤᠯᠠᠭᠠᠨ ᠢ ᠮᠡᠳᠡᠷᠡᠭᠦᠯᠪᠡ᠃ | ᠦᠢᠯᠡᠳᠪᠦᠷᠢᠯᠡᠯ ᠤᠨ ᠲᠠᠰᠤᠭ ᠲᠤ ᠬᠦᠷ ᠬᠥᠭᠵᠢᠶᠡᠨ ᠢᠶᠠᠷ ᠪᠢᠯᠬᠠᠵᠤ᠂ ᠠᠵᠢᠯᠴᠢᠳ ᠮᠥᠨ ᠯᠡ | ᠦᠢᠯᠡᠳᠪᠦᠷᠢᠯᠡᠯ ᠤᠨ ᠡᠮᠦᠨ᠎ᠡ ᠹᠷᠣᠨᠲ ᠲᠤ ᠶᠠᠭᠠᠷᠠᠯᠳᠤᠵᠤ ᠪᠠᠶᠢᠯ᠎ᠠ᠃ | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | |