| ᠴᠠᠭᠠᠨ ᠰᠠᠷ᠎ᠠ ᠪᠣᠯ ᠬᠡᠷ ᠬᠤᠲᠠᠯᠠᠭᠠᠷ ᠢᠶᠠᠨ ᠴᠤᠭᠯᠠᠷᠠᠵᠤ ᠪᠠᠶᠠᠷ ᠬᠦᠷ ᠲᠠᠢ ᠰᠢᠨᠡᠯᠡᠬᠦ ᠶᠠᠪᠤᠳᠠᠯ ᠪᠣᠯᠤᠨ᠎ᠠ᠂ | ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠠᠵᠢᠯ ᠤᠨ ᠪᠠᠶᠢᠷᠢ ᠪᠠᠨ | ᠪᠠᠲᠤ ᠰᠠᠬᠢᠵᠤ᠂ ᠥᠷᠭᠡᠨ ᠣᠯᠠᠨ ᠬᠤᠲᠠ ᠶᠢᠨ ᠠᠷᠠᠳ ᠢ ᠠᠷᠢᠭᠤᠨ ᠴᠡᠪᠡᠷ ᠠᠮᠢᠳᠤᠷᠠᠯ ᠤᠨ ᠣᠷᠴᠢᠨ ᠲᠣᠭᠤᠷᠢᠨ | ᠲᠠᠢ ᠪᠤᠯᠭᠠᠨ᠂ ᠡᠨᠡᠬᠦ ᠪᠠᠶᠠᠷ ᠪᠠᠶᠠᠰᠤᠯ᠂ ᠥᠯᠵᠡᠶ ᠪᠡᠯᠭᠡ ᠲᠠᠢ ᠴᠠᠭᠠᠨ ᠰᠠᠷ᠎ᠠ ᠶᠢ ᠨᠠᠩ ᠦᠵᠡᠰᠬᠦᠯᠡᠩᠲᠦ ᠰᠠᠶᠢᠬᠠᠨ | ᠪᠣᠯᠭᠠᠪᠠ᠃ | ᠰᠤᠷᠪᠤᠯᠵᠢᠯᠠᠭᠴᠢ ᠶᠢᠩ ᠪᠢᠨ ᠶᠡᠭᠡ ᠵᠡᠭᠡᠯᠢ᠂ ᠰᠢᠨᠬᠤᠸᠠ ᠵᠠᠮ᠂ ᠬᠤᠸᠠᠨ ᠴᠧᠩ ᠵᠠᠮ ᠵᠡᠷᠭᠡ ᠭᠠᠵᠠᠷ ᠲᠤ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠶᠠᠭᠠᠷᠠᠯᠲᠠᠶ ᠠᠵᠢᠯᠯᠠᠵᠤ ᠪᠠᠶᠢᠭ᠎ᠠ ᠶᠢ ᠣᠯᠵᠤ ᠬᠠᠷᠠᠪᠠ | ᠃ ᠲᠠᠳᠠ ᠵᠠᠮ ᠴᠡᠪᠡᠷᠯᠡᠵᠤ᠂ ᠬᠤᠭ ᠨᠣᠪᠰᠢ ᠳᠠᠮᠵᠢᠭᠤᠯᠵᠤ᠂ ᠨᠡᠶᠢᠲᠡ ᠶᠢᠨ ᠵᠣᠷᠯᠣᠩ ᠢ ᠬᠠᠮᠢᠶᠠᠷᠴᠤ᠂ ᠰᠢᠷᠭᠠᠭᠤ | ᠬᠠᠲᠠᠭᠤᠵᠢᠯᠲᠠᠶ ᠬᠦᠴᠦ ᠬᠥᠳᠡᠯᠮᠦᠷᠢ ᠢᠶᠠᠷ ᠢᠶᠠᠨ ᠣᠷᠴᠢᠨ ᠲᠣᠭᠤᠷᠢᠨ ᠢ ᠭᠤᠶᠣ ᠰᠠᠶᠢᠬᠠᠨ ᠪᠣᠯᠭᠠᠵᠤ᠂ | ᠬᠤᠲᠠ ᠶᠢᠨ ᠠᠷᠢᠭᠤᠨ ᠴᠡᠪᠡᠷ ᠢ ᠪᠠᠶᠢᠩᠭᠤ ᠪᠠᠲᠤᠯᠠᠵᠤ ᠪᠤᠢ᠃ ᠴᠠᠭᠠᠨ ᠰᠠᠷ᠎ᠠ ᠶᠢᠨ ᠬᠤᠭᠤᠴᠠᠭᠠᠨ ᠳᠤ ᠡᠯ᠎ᠡ | ᠵᠦᠢᠯ ᠤᠨ ᠠᠮᠢᠳᠤᠷᠠᠯ ᠤᠨ ᠬᠤᠭ ᠨᠣᠪᠰᠢ ᠳᠠᠬᠢᠨ ᠢᠶᠠᠷ ᠨᠡᠮᠡᠭᠳᠡᠭᠰᠡᠨ ᠪᠠᠶᠢᠳᠠᠯ ᠳᠤ ᠴᠢᠭᠯᠡᠭᠦᠯᠦᠨ᠂ ᠲᠠᠳᠠ ᠡᠩ ᠤᠨ | ᠦᠶ᠎ᠡ ᠠᠴᠠ ᠪᠠᠨ ᠨᠠᠩ ᠡᠷᠲᠡ ᠪᠣᠰᠴᠤ᠂ ᠦᠷᠭᠦᠯᠵᠢᠯᠡᠨ ᠴᠠᠭ ᠨᠡᠮᠡᠵᠦ ᠠᠵᠢᠯᠯᠠᠨ᠂ ᠬᠤᠲᠠ ᠶᠢᠨ ᠥᠨᠴᠥᠭ ᠪᠤᠯᠤᠩ | ᠪᠣᠯᠭᠠᠨ ᠴᠡᠪᠡᠷ ᠲᠡᠭᠰᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠳᠤᠯᠠᠪᠠ᠃ | ᠴᠠᠭᠠᠨ ᠰᠠᠷ᠎ᠠ ᠪᠣᠯ ᠮᠠᠨ ᠤ ᠤᠯᠤᠰ ᠤᠨ ᠤᠯᠠᠮᠵᠢᠯᠠᠯᠲᠤ ᠪᠠᠶᠠᠷ ᠪᠣᠯᠤᠨ᠎ᠠ᠂ ᠬᠤᠸᠠᠷ ᠫᠤᠤᠵᠢᠩ ᠲᠠᠯᠪᠢᠬᠤ ᠨᠢ | ᠪᠠᠶᠠᠷᠳᠤ ᠠᠭᠤᠷ ᠠᠮᠢᠰᠬᠤᠯ ᠢ ᠪᠤᠢ ᠪᠤᠯᠭᠠᠭᠰᠠᠨ ᠪᠤᠯᠪᠠᠴᠦ ᠦᠯᠡᠳᠡᠭᠳᠡᠯ ᠪᠣᠳᠠᠰ ᠨᠢ ᠬᠤᠲᠠ ᠶᠢᠨ ᠣᠷᠴᠢᠨ | ᠲᠣᠭᠤᠷᠢᠨ ᠳᠤ ᠵᠣᠬᠢᠬᠤ ᠨᠥᠯᠥᠭᠡ ᠪᠣᠯᠤᠭᠰᠠᠨ ᠪᠥᠭᠡᠳ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯᠴᠢᠳ ᠤᠨ ᠴᠡᠪᠡᠷᠯᠡᠬᠦ ᠬᠦᠴᠢᠷᠳᠡᠯ ᠪᠠ ᠠᠵᠢᠯ ᠤᠨ ᠬᠡᠮᠵᠢᠶ᠎ᠡ ᠶᠢ ᠨᠡᠮᠡᠭᠳᠡᠭᠦᠯᠦᠭᠰᠡᠨ ᠪᠠᠶᠢᠨ᠎ᠠ᠂ ᠴᠠᠭᠠᠨ | ᠰᠠᠷ᠎ᠠ ᠶᠢᠨ ᠬᠤᠭᠤᠴᠠᠭᠠᠨ ᠳᠤ᠂ ᠢᠯᠠᠩᠭᠤᠶ᠎ᠠ ᠪᠢᠲᠡᠭᠦᠨ ᠤ ᠰᠥᠨᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ | ᠥᠷᠭᠡᠨ ᠣᠯᠠᠨ ᠠᠵᠢᠯᠴᠢᠳ ᠬᠡᠷ ᠬᠤᠲᠠᠯᠠᠭᠠᠷ ᠢᠶᠠᠨ ᠴᠤᠭᠯᠠᠷᠠᠬᠤ ᠪᠠᠨ ᠤᠮᠳᠠᠭᠠᠶᠢᠯᠠᠨ ᠱᠦᠭᠦᠷᠳᠡᠨ ᠴᠡᠪᠡᠷᠯᠡᠪᠡ᠂ | ᠵᠡᠭᠡᠯᠢ ᠭᠤᠳᠤᠮᠵᠢ ᠶᠢ ᠪᠠᠲᠤ ᠰᠠᠬᠢᠵᠤ᠂ ᠬᠤᠸᠠᠷ ᠫᠤᠤᠵᠢᠩ ᠲᠠᠯᠪᠢᠭᠰᠠᠨ ᠤ ᠳᠠᠷᠠᠭᠠᠬᠢ ᠬᠤᠭ ᠨᠣᠪᠰᠢ ᠶᠢ ᠴᠠᠭ | ᠲᠤᠬᠠᠶ ᠳᠤᠨᠢ ᠴᠡᠪᠡᠷᠯᠡᠪᠡ᠃ | ᠴᠡᠪᠡᠷ ᠴᠡᠮᠴᠡᠭᠡᠷ ᠣᠷᠴᠢᠨ ᠲᠣᠭᠤᠷᠢᠨ ᠳᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ | ᠰᠢᠷᠭᠠᠭᠤ ᠬᠥᠳᠡᠯᠮᠦᠷᠢ ᠪᠠ ᠬᠠᠷᠠᠮ ᠥᠬᠡᠶ ᠵᠣᠷᠢᠭᠤᠯᠤᠯ ᠠᠭᠤᠯᠤᠭᠳᠠᠵᠤ ᠪᠣᠶ᠂ ᠥᠷᠭᠡᠨ ᠣᠯᠠᠨ ᠬᠤᠲᠠ ᠶᠢᠨ | ᠠᠷᠠᠳ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠬᠥᠳᠡᠯᠮᠦᠷᠢ ᠶᠢᠨ ᠦᠷ᠎ᠡ ᠪᠦᠲᠦᠭᠡᠯ ᠢ | ᠨᠠᠨᠳᠢᠩᠨᠠᠨ᠂ ᠥᠪᠡᠷ ᠤᠨ ᠪᠡᠶ᠎ᠡ ᠠᠴᠠ ᠪᠠᠨ᠂ ᠪᠠᠭ᠎ᠠ ᠶᠠᠪᠤᠳᠠᠯ ᠠᠴᠠ ᠡᠬᠢᠯᠡᠨ ᠬᠤᠭ ᠨᠣᠪᠰᠢ ᠶᠢ ᠳᠤᠷ᠎ᠠ ᠪᠠᠷ ᠬᠠᠶᠠᠬᠤ | ᠥᠬᠡᠶ᠂ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠵᠤ ᠹᠧᠩᠵᠧᠨ ᠬᠤᠲᠠ ᠶᠢ ᠨᠠᠩ ᠠᠷᠢᠭᠤᠨ ᠴᠡᠪᠡᠷ | ᠦᠵᠡᠰᠬᠦᠯᠡᠩᠲᠦ ᠰᠠᠶᠢᠬᠠᠨ ᠪᠣᠯᠭᠠᠬᠤ ᠶᠢ ᠬᠦᠰᠡᠵᠦ ᠪᠠᠶᠢᠨ᠎ᠠ᠃ | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |