ᠮᠠᠨ ᠤ ᠬᠤᠲᠠ ᠶᠢᠨ ᠵᠣᠬᠢᠬᠤ ᠨᠠᠰᠤᠨ ᠤ ᠵᠠᠯᠠᠭᠤᠴᠤᠳ 2021 ᠣᠨ ᠤ ᠨᠢᠭᠡᠳᠦᠭᠡᠷ ᠪᠦᠯᠦᠭ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠶ ᠣᠷᠣᠯᠴᠠᠪᠠ
ᠨᠡᠶᠢᠲᠡᠯᠡᠭᠰᠡᠨ ᠴᠠᠭ᠄
2021/2/23
     2 ᠰᠠᠷ᠎ᠠ ᠶᠢᠨ 20 ᠤ ᠡᠳᠦᠷ᠂ ᠮᠠᠨ ᠤ ᠬᠤᠲᠠ ᠶᠢᠨ 2021 ᠣᠨ ᠤ ᠠᠩᠬᠠᠳᠠᠭᠴᠢ ᠪᠦᠯᠦᠭ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠪᠥᠬᠦ ᠲᠠᠯ᠎ᠠ ᠪᠠᠷ ᠶᠠᠪᠤᠭᠳᠠᠵᠤ᠂ 190 ᠭᠠᠷᠤᠶ ᠨᠠᠰᠤᠨ ᠳᠤ ᠭᠦᠷᠦᠭᠰᠡᠨ ᠵᠠᠯᠠᠭᠤᠴᠤᠳ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠳᠤ ᠢᠳᠡᠪᠬᠢᠲᠡᠶ ᠣᠷᠣᠯᠴᠠᠪᠠ᠃    ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠦᠷᠳᠡᠭᠡ ᠳᠤ᠂ ᠡᠯᠰᠡᠭᠳᠡᠭᠰᠡᠨ ᠵᠠᠯᠠᠭᠤᠴᠤᠳ ᠤᠨ ᠴᠤᠭ ᠵᠢᠪᠬᠤᠭ᠎ᠠ ᠪᠠᠳᠠᠷᠠᠵᠤ᠂ ᠡᠮᠴᠢ ᠨᠠᠷ ᠲᠠᠢ ᠨᠠᠷᠢᠨ ᠬᠢᠨᠠᠮᠠᠭᠠᠢ ᠬᠠᠮᠵᠢᠯᠴᠠᠨ ᠪᠠᠶᠢᠴᠠᠭᠠᠯᠲᠠ ᠬᠢᠪᠡ᠃ ᠪᠡᠶ᠎ᠡ ᠶᠢᠨ ᠪᠠᠶᠢᠴᠠᠭᠠᠯᠲᠠ ᠳᠤ ᠳᠣᠲᠣᠷ ᠰᠠᠯᠠᠭ᠎ᠠ᠂ ᠭᠠᠳᠠᠷ ᠰᠠᠯᠠᠭ᠎ᠠ᠂ ᠬᠠᠷᠠᠭ᠎ᠠ᠂ ᠴᠢᠰᠤᠨ ᠳᠠᠷᠤᠯᠲᠠ ᠵᠡᠷᠭᠡ ᠪᠠᠭᠳᠠᠵᠦ᠂ ᠵᠠᠯᠠᠭᠤᠴᠤᠳ ᠪᠦᠷᠢ ᠠᠷᠪᠠᠨ ᠬᠡᠳᠦᠨ ᠰᠠᠯᠠᠭᠠᠨ ᠤ ᠪᠠᠶᠢᠴᠠᠭᠠᠯᠳᠠ ᠵᠢᠴᠢ ᠰᠡᠳᠬᠢᠴᠡ ᠶᠢᠨ ᠰᠢᠯᠭᠠᠯᠲᠠ ᠳᠤ ᠣᠷᠣᠯᠴᠠᠬᠤ ᠴᠢᠬᠤᠯᠠᠳᠠᠢ᠃    ᠪᠡᠶ᠎ᠡ ᠶᠢᠨ ᠪᠠᠶᠢᠴᠠᠭᠠᠯᠲᠠ ᠶᠢᠨ ᠠᠵᠢᠯ ᠪᠣᠯ ᠴᠡᠷᠢᠭ ᠡᠯᠰᠡᠬᠦ ᠠᠵᠢᠯ ᠤᠨ ᠨᠢᠭᠡᠳᠦᠭᠡᠷ ᠪᠣᠭᠤᠮᠲᠠ ᠪᠠᠶᠢᠵᠦ᠂ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠤᠯᠤᠰ ᠲᠥᠷᠥ ᠶᠢᠨ ᠬᠡᠪ ᠴᠢᠨᠠᠷ᠂ ᠰᠣᠶᠣᠯ ᠤᠨ ᠬᠡᠪ ᠴᠢᠨᠠᠷ᠂ ᠪᠡᠶ᠎ᠡ ᠮᠠᠬᠠᠪᠣᠳ ᠤᠨ ᠬᠡᠪ ᠴᠢᠨᠠᠷ ᠪᠠ ᠨᠠᠰᠤᠨ ᠤ  ᠬᠢᠵᠠᠭᠠᠷᠯᠠᠯ ᠢ ᠴᠢᠩᠭ᠎ᠠ ᠠᠳᠬᠤᠵᠤ᠂ ᠴᠡᠷᠢᠭ ᠡᠯᠰᠡᠬᠦ ᠡᠭᠦᠷᠭᠡ ᠶᠢ ᠦᠨᠠᠨᠬᠦ ᠴᠢᠨᠠᠷᠳᠠᠢ ᠪᠠᠲᠤᠯᠠᠵᠤ ᠲᠣᠭᠲᠠᠭᠰᠠᠨ ᠬᠤᠭᠤᠴᠠᠭᠠᠨ ᠳᠤ ᠪᠡᠶᠡᠯᠡᠬᠦᠯᠦᠨ᠎ᠡ᠃                         ᠨᠠᠶᠢᠷᠠᠭᠤᠯᠤᠭᠴᠢ᠄ ᠯᠢ ᠰᠧ ᠬᠤᠢ                         ᠤᠷᠴᠢᠭᠤᠯᠤᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3