| ᠣᠶᠢᠷ᠎ᠠ ᠶᠢᠨ ᠵᠢᠯ ᠳᠤ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠴᠢᠷᠮᠠᠶᠢᠨ ᠵᠢᠷᠤᠮᠵᠢᠭᠤᠯᠤᠨ ᠳᠡᠭᠡᠭᠰᠢᠯᠡᠭᠦᠯᠵᠦ᠂ | ᠥᠮᠴᠢᠲᠡᠨ ᠪᠠ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ | ᠪᠦᠲᠦᠮᠵᠢᠲᠡᠶ ᠬᠠᠮᠠᠭᠠᠯᠠᠭᠰᠠᠨ ᠤ ᠤᠯᠠᠮ ᠠᠴᠠ ᠰᠠᠭᠤᠭᠠᠯᠢ ᠠᠷᠠᠳ ᠲᠤ ᠠᠮᠤᠷ ᠲᠦᠪᠰᠢᠨ᠂ ᠠᠷᠢᠭᠤᠨ ᠴᠡᠪᠡᠷ᠂ | ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃ | ᠴᠠᠭᠠᠨ ᠰᠠᠷ᠎ᠠ ᠶᠢᠨ ᠬᠤᠭᠤᠴᠠᠭᠠᠨ ᠳᠤ᠂ ᠵᠢᠶᠠ ᠰᠢᠩ ᠠᠳᠠᠯ ᠠᠬᠤᠢ ᠶᠢᠨ ᠺᠣᠮᠫᠠᠨᠢ ︽ᠬᠠᠬᠢᠷ ᠡᠪᠦᠯ ᠬᠠᠶᠢᠷ᠎ᠠ | ᠬᠠᠯᠠᠮᠵᠢ ᠬᠦᠷᠳᠡᠭᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠨᠥᠴᠢᠨ ᠪᠡᠯᠪᠡᠰᠦᠨ | ᠨᠠᠰᠤᠲᠠᠶᠢᠴᠤᠳ᠂ ᠭᠡᠷ ᠢᠶᠠᠨ ᠰᠠᠬᠢᠭᠰᠠᠨ ᠨᠠᠰᠤᠲᠠᠶᠢᠴᠤᠳ ᠪᠣᠯᠤᠨ ᠬᠥᠳᠡᠯᠵᠦ ᠪᠠᠷᠢᠬᠤ ᠳᠤ ᠳᠥᠭᠦᠮ ᠦᠭᠡᠢ | ᠨᠠᠰᠤᠲᠠᠶᠢᠴᠤᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠵᠢᠶᠠ ᠰᠢᠩ ᠠᠳᠠᠯ ᠠᠬᠤᠶ ᠶᠢᠨ | ᠺᠣᠮᠫᠠᠨᠢ ᠶᠢᠨ ᠠᠵᠢᠯᠲᠠᠳ ᠨᠠᠰᠤᠳᠠᠳ ᠤᠨ ᠪᠡᠶ᠎ᠡ ᠮᠠᠬᠠᠪᠣᠳ᠂ ᠠᠮᠢᠳᠤᠷᠠᠯ ᠤᠨ ᠪᠠᠶᠢᠳᠠᠯ ᠢ ᠨᠡᠶᠢᠳᠡᠮ ᠳᠤ ᠪᠠᠨ | ᠬᠠᠯᠠᠮᠵᠢᠯᠠᠵᠤ ᠪᠠᠶᠢᠬᠤ ᠪᠠᠷ ᠪᠠᠷᠠᠬᠤ ᠥᠬᠡᠶ᠂ ᠪᠠᠰᠠ ᠨᠠᠰᠤᠲᠠᠨ ᠳᠤ ᠠᠷᠢᠭᠤᠨ ᠴᠡᠪᠡᠷ ᠤᠨ ᠰᠤᠪᠢᠯᠠᠯᠲᠠ᠂ ᠦᠰᠦ | ᠵᠠᠰᠠᠬᠤ ᠵᠡᠷᠭᠡ ᠠᠵᠢᠯ ᠢ ᠬᠢᠵᠦ ᠥᠭᠴᠦ ᠪᠠᠶᠢᠨ᠎ᠠ᠃ | ᠰᠠᠭᠤᠭᠠᠯᠢ ᠠᠷᠠᠳ ᠤᠨ ᠲᠣᠭᠤᠷᠢᠭ ᠤᠨ ᠠᠷᠠᠳ ᠤᠨ ᠲᠠᠨᠢᠯᠴᠠᠭᠤᠯᠤᠭᠰᠠᠨ ᠢᠶᠠᠷ᠂ ᠵᠢᠶᠠ ᠰᠢᠩ ᠠᠳᠠᠯ | ᠠᠬᠤᠶ ᠶᠢᠨ ᠺᠣᠮᠫᠠᠨᠢ ᠰᠠᠭᠤᠭᠠᠯᠢ ᠠᠷᠠᠳ ᠤᠨ ᠲᠣᠭᠤᠷᠢᠭ ᠲᠤ ᠣᠷᠣᠵᠤ ᠰᠠᠭᠤᠭᠰᠠᠨ ᠠᠴᠠ ᠨᠠᠰᠢ᠂ ᠰᠠᠭᠤᠭᠠᠯᠢ | ᠠᠷᠠᠳ ᠤᠨ ᠲᠣᠭᠤᠷᠢᠭ ᠤᠨ ᠬᠠᠮᠢᠶᠠᠷᠤᠯᠲᠠ ᠪᠠ ᠠᠷᠠᠳ ᠲᠤ ᠦᠢᠯᠡᠴᠢᠯᠡᠬᠦ ᠠᠵᠢᠯ ᠪᠦᠷ ᠪᠣᠳᠠᠲᠠᠶ ᠶᠠᠪᠤᠭᠳᠠᠵᠤ᠂ | ᠣᠯᠠᠨ ᠢᠶᠠᠷ ᠢᠶᠠᠨ ᠡᠯ᠎ᠡ ᠵᠦᠢᠯ ᠤᠨ ᠬᠦᠴᠢᠷᠳᠡᠯ ᠪᠠ ᠠᠰᠠᠭᠤᠳᠠᠯ ᠳᠤ ᠲᠤᠯᠭᠠᠷᠠᠪᠠᠯ ᠲᠡᠳᠡᠨ ᠠᠴᠠ ᠬᠠᠪᠰᠤᠷᠤᠮᠵᠢ | ᠬᠦᠰᠡᠪᠡᠯ᠂ ᠲᠠᠳᠠ ᠶᠡᠷᠦᠨᠢ ᠴᠠᠭ ᠲᠤᠬᠠᠢ ᠳᠤᠨᠢ ᠠᠵᠢᠯᠲᠠᠨ ᠲᠣᠮᠢᠯᠠᠨ ᠬᠦᠴᠢᠷ ᠠᠰᠠᠭᠤᠳᠠᠯ ᠢ ᠨᠢ ᠰᠢᠢᠳᠪᠦᠷᠢᠯᠡᠨ | ᠦᠭᠴᠦ᠂ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠣᠲᠣᠨᠣ ᠦᠢᠯᠡᠴᠢᠯᠡᠭᠡ ᠪᠠᠷ ᠥᠮᠴᠢᠲᠡᠨ ᠪᠠ ᠠᠳᠠᠯ | ᠠᠬᠤᠶ ᠶᠢᠨ ᠬᠠᠷᠢᠴᠠᠭ᠎ᠠ ᠶᠢ ᠨᠢᠬᠳᠠᠷᠠᠭᠤᠯᠳᠠᠭ᠃ | ᠣᠶᠢᠷ᠎ᠠ ᠶᠢᠨ ᠬᠡᠳᠦᠨ ᠵᠢᠯ ᠳᠤ᠂ ᠮᠠᠨ ᠤ ᠬᠤᠲᠠ ᠪᠣᠳᠠᠲᠤ ᠬᠦᠴᠦᠨ ᠢᠶᠠᠷ ᠴᠢᠩᠭ᠎ᠠ᠂ ᠲᠣᠭᠲᠠᠴᠠ ᠪᠠᠷ | ᠲᠡᠭᠦᠯᠳᠡᠷ᠂ ᠦᠷ᠎ᠡ ᠠᠰᠢᠭ ᠢᠶᠠᠷ ᠢᠯᠡᠷᠬᠡᠶ᠂ ᠢᠲᠡᠭᠡᠮᠵᠢ ᠶᠢᠨ ᠬᠡᠮᠵᠢᠶ᠎ᠡ ᠪᠠᠷ ᠥᠨᠳᠥᠷ ᠠᠳᠠᠯ ᠠᠬᠤᠶ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠡᠷᠴᠢᠮ ᠢᠶᠠᠨ | ᠴᠢᠩᠭᠠᠷᠠᠭᠤᠯᠬᠤ ᠶᠢᠨ ᠤᠯᠠᠮ ᠠᠴᠠ ᠠᠮᠢᠲᠠᠨ ᠤ ᠦᠢᠯᠡᠰ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ | ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠪᠤᠵᠠᠷ᠂ ᠡᠷᠦᠶ ᠬᠤᠷᠤᠶ | ᠥᠬᠡᠶ᠂ ᠠᠨᠠᠶ ᠪᠠᠶᠢᠳᠠᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠥᠷᠭᠡᠨ ᠣᠯᠠᠨ ᠥᠮᠴᠢᠲᠡᠨ ᠳᠤ ᠠᠮᠤᠷ | ᠲᠦᠪᠰᠢᠨ᠂ ᠠᠷᠢᠭᠤᠨ ᠴᠡᠪᠡᠷ᠂ ᠲᠠᠭᠠᠯᠠᠮᠵᠢᠲᠠᠶ ᠣᠷᠣᠰᠢᠨ ᠰᠠᠭᠤᠬᠤ ᠣᠷᠴᠢᠨ ᠨᠥᠬᠦᠴᠡᠯ ᠢ ᠪᠣᠶ ᠪᠤᠯᠠᠭᠠᠨ | ᠦᠭᠴᠦ᠂ ᠮᠠᠨ ᠤ ᠬᠤᠲᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠰᠢᠨ᠎ᠡ ᠳᠡᠭᠲᠡᠷ ᠲᠤ | ᠭᠠᠷᠭᠠᠵᠤ᠂ ᠲᠤᠰᠬᠠᠶᠢᠵᠢᠭᠰᠠᠨ᠂ ᠵᠢᠷᠤᠮᠵᠢᠭᠰᠠᠨ ᠵᠠᠮ ᠳᠤ ᠣᠷᠣᠭᠤᠯᠪᠠ᠃ | ᠪᠥᠬᠦ ᠬᠤᠲᠠ ᠶᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠬᠢᠴᠠ ᠳᠤᠮᠳᠠ᠂ ᠬᠤᠲᠠ ᠶᠢᠨ | ᠲᠣᠭᠤᠷᠢᠭ ᠤᠨ ᠡᠯ᠎ᠡ ᠳᠠᠭᠠᠭᠠᠴᠢᠯᠠᠨ ᠬᠠᠷᠢᠯᠴᠠᠬᠤ ᠨᠢᠬᠡᠴᠡ ᠠᠴᠠ ᠬᠥᠮᠦᠨ ᠤ ᠬᠦᠴᠦᠨ ᠪᠣᠳᠠᠰ ᠤᠨ ᠬᠦᠴᠦᠨ ᠢ | ᠵᠣᠬᠢᠶᠠᠨ ᠪᠠᠶᠢᠭᠤᠯᠤᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠠᠭᠤᠭᠠᠯᠢ ᠲᠣᠭᠤᠷᠢᠭ ᠤᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ᠂ ᠳᠤᠷ᠎ᠠ ᠪᠠᠷ ᠣᠪᠣᠭᠠᠯᠠᠵᠤ ᠳᠤᠷ᠎ᠠ ᠪᠠᠷ ᠲᠠᠯᠪᠢᠬᠤ ᠵᠡᠷᠭᠡ ᠠᠰᠠᠭᠤᠳᠠᠯ ᠪᠠ | ᠰᠠᠭᠤᠭᠠᠯᠢ ᠲᠣᠭᠤᠷᠢᠭ ᠤᠨ ᠪᠤᠵᠠᠷ ᠰᠠᠮᠠᠭᠤᠨ ᠪᠠᠷᠤᠭᠲᠠᠶ ᠪᠠᠶᠢᠳᠠᠯ ᠢ ᠶᠡᠭᠡ ᠪᠠᠷ ᠴᠡᠭᠴᠡᠯᠡᠨ ᠰᠠᠶᠢᠵᠢᠷᠠᠭᠤᠯᠵᠤ᠂ | ᠠᠳᠠᠯ ᠠᠬᠤᠶ ᠶᠢᠨ ᠺᠣᠮᠫᠠᠨᠢ ᠶᠢ ᠣᠷᠣᠭᠤᠯᠤᠨ ᠡᠯ᠎ᠡ ᠰᠠᠭᠤᠭᠠᠯᠢ ᠠᠷᠠᠳ ᠤᠨ ᠲᠣᠭᠤᠷᠢᠭ ᠤᠨ ᠵᠢᠷᠤᠮᠵᠢᠭᠰᠠᠨ | ᠬᠠᠮᠢᠶᠠᠷᠤᠯᠲᠠ ᠶᠢ ᠴᠢᠩᠭᠠᠳᠬᠠᠨ᠂ ᠡᠯ᠎ᠡ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡ ᠶᠢ | ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠵᠤ᠂ ᠡᠯ᠎ᠡ ᠰᠠᠭᠤᠭᠠᠯᠢ ᠠᠷᠠᠳ ᠤᠨ ᠲᠣᠭᠤᠷᠢᠭ ᠤᠨ ︽ᠥᠩᠭᠡ | ᠵᠢᠰᠦ︾ ᠨᠠᠩ ᠭᠤᠶᠣ ᠰᠠᠶᠢᠬᠠᠨ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠨᠠᠩ ᠲᠡᠭᠦᠯᠳᠡᠷ ᠪᠤᠯᠪᠠ᠃ | | | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠬᠴᠢ᠄ ᠼᠦᠢ ᠶᠢᠩ |