ᠮᠠᠨ ᠤ ᠬᠤᠲᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/25
   2 ᠳ᠋ᠤᠭᠠᠷ ᠰᠠᠷ᠎ᠠ ᠶᠢᠨ 23 ᠤ ᠡᠳᠦᠷ᠂ ᠮᠠᠨ ᠤ ᠬᠤᠲᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠶᠠᠨ ᠯᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠠᠩ ᠵᠢᠶ ᠴᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠵᠠᠩ ᠬᠤᠩ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠵᠢᠶᠦ᠋ᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠠᠩ ᠶᠦᠩ ᠵᠢᠶᠦ᠋ᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠵᠠᠩ ᠶᠦᠩ ᠱᠧᠩ ᠬᠤᠷᠠᠯ ᠳᠤ ᠣᠷᠣᠯᠴᠠᠪᠠ︔ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃
   ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ︽ᠨᠤᠲᠤᠭ ᠪᠡᠯᠴᠢᠭᠡᠷ ᠢ  ᠬᠠᠮᠠᠭᠠᠯᠠᠨ᠂ ᠣᠶ ᠰᠢᠭᠤᠶ ᠪᠣᠯ ᠥᠪᠥᠷ ᠮᠣᠩᠭᠤᠯ ᠤᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ  ᠴᠢᠬᠤᠯᠠ ᠡᠭᠦᠷᠭᠡ ᠮᠥᠨ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠨᠢᠭᠡ ᠵᠢᠯ ᠤᠨ ᠬᠤᠭᠤᠴᠠᠭ᠎ᠠ ᠲᠠᠢ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂  ᠹᠧᠩᠵᠧᠨ ᠬᠤᠲᠠ ᠶᠢᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠲᠤᠰᠬᠠᠶᠢᠯᠠᠨ ᠪᠠᠶᠢᠭᠤᠯᠵᠤ᠂ ᠳᠣᠤᠷ᠎ᠠ ᠨᠢ ᠶᠡᠷᠦᠩᠬᠡᠶᠢᠯᠡᠨ ᠵᠣᠬᠢᠴᠠᠭᠤᠯᠬᠤ᠂ ᠵᠢᠭᠰᠠᠭᠠᠨ ᠪᠠᠶᠢᠴᠠᠭᠠᠵᠤ ᠬᠢᠨᠠᠨ ᠪᠠᠶᠢᠴᠠᠭᠠᠬᠤ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠵᠡᠷᠭᠡ 5 ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠵᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠤᠰᠬᠠᠶ ᠴᠡᠭᠴᠡᠯᠡᠨ ᠵᠠᠰᠠᠬᠤ ᠡᠯ᠎ᠡ  ᠵᠦᠢᠯ ᠤᠨ ᠠᠵᠢᠯ ᠢ ᠥᠷᠨᠢᠭᠦᠯᠦᠨ᠎ᠡ᠃ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠴᠤ ᠱᠠᠭᠠᠷᠳᠠᠯᠭ᠎ᠠ ᠶᠢ ᠦᠨᠳᠦᠰᠦᠯᠡᠨ ᠲᠤᠰᠬᠠᠶ ᠴᠡᠭᠴᠡᠯᠡᠨ ᠵᠠᠰᠠᠬᠤ ᠤᠳᠤᠷᠢᠳᠬᠤ ᠪᠠᠶᠢᠭᠤᠯᠤᠮᠵᠢ ᠪᠠ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠤᠯᠤᠰ ᠲᠥᠷᠥ ᠶᠢᠨ ᠵᠣᠭᠰᠣᠯᠲᠠ ᠪᠠᠲᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠣᠪᠣᠷ ᠰᠤᠷᠲᠠᠯ ᠰᠠᠶᠢᠲᠠᠶ ᠭᠤᠤᠯᠯᠠᠭᠴᠢ ᠬᠦᠴᠦᠨ ᠢ ᠲᠠᠲᠠᠵᠤ ᠲᠤᠰᠬᠠᠶ ᠠᠩᠭᠢ ᠪᠣᠯᠭᠠᠨ ᠪᠦᠷᠢᠯᠳᠦᠭᠦᠯᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠵᠢᠱᠢᠭᠰᠡᠨ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠠᠬᠢᠭᠤᠯᠬᠤ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠤᠳᠠᠭ᠎ᠠ ᠶᠢᠨ ᠴᠡᠭᠴᠡᠯᠡᠨ ᠵᠠᠰᠠᠬᠤ ᠠᠵᠢᠯ ᠤᠨ ᠭᠤᠣᠯᠳᠠᠯᠭ᠎ᠠ ᠪᠣᠯ ᠬᠠᠤᠯᠢ ᠲᠣᠭᠲᠠᠭᠠᠯ ᠢ ᠵᠥᠷᠢᠴᠡᠨ ᠨᠤᠲᠤᠭ ᠪᠡᠯᠴᠢᠭᠡᠷ ᠣᠶᠢᠲᠤ ᠭᠠᠵᠠᠷ ᠢ ᠡᠵᠡᠯᠡᠭᠰᠡᠨ ᠪᠠ ᠬᠠᠭᠠᠯᠪᠤᠷᠢᠯᠠᠭᠰᠠᠨ᠂ ᠨᠤᠲᠤᠭ ᠪᠡᠯᠴᠢᠭᠡᠷ ᠣᠶᠢᠲᠤ ᠭᠠᠵᠠᠷ ᠢ ᠳᠤᠷ᠎ᠠ ᠪᠠᠷ ᠢᠶᠠᠨ ᠭᠠᠳᠠᠭᠰᠢᠯᠠᠭᠤᠯᠵᠤ ᠪᠤᠯᠠᠵᠤ ᠪᠣᠬᠢᠷᠲᠤᠭᠤᠯᠤᠭᠰᠠᠨ ᠠᠵᠢᠯᠯᠠᠭ᠎ᠠ ᠵᠢᠴᠢ ᠤᠢ ᠰᠢᠭᠤᠢ ᠨᠤᠲᠤᠭ ᠪᠡᠯᠴᠢᠭᠡᠷ ᠲᠤ ᠬᠤᠯᠪᠣᠭᠳᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠨᠢ ᠭᠦᠢᠴᠡᠳ ᠪᠤᠰᠤ ᠵᠡᠷᠭᠡ ᠠᠰᠠᠭᠤᠳᠠᠯ ᠪᠣᠯᠤᠨ᠎ᠠ᠃ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠳᠤ ᠴᠢᠭᠯᠡᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠯ᠎ᠡ ᠵᠦᠢᠯ ᠤᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃                  ᠤᠷᠴᠢᠭᠤᠯᠤᠭᠴᠢ᠄ ᠬᠠᠨ ᠰᠢᠶᠤᠤ ᠿᠦᠩ                  ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3