2021 ᠣᠨ ᠤ ᠪᠥᠬᠦ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/25
   2 ᠳ᠋ᠤᠭᠠᠷ ᠰᠠᠷ᠎ᠠ ᠶᠢᠨ 23 ᠤ ᠡᠳᠦᠷ᠂ ᠮᠠᠨ ᠤ ᠬᠤᠲᠠ 2021 ᠣᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠪᠥᠬᠦ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
      ᠬᠤᠷᠠᠯ ᠠᠴᠠ ᠵᠢᠭᠠᠵᠤ ᠭᠠᠷᠭᠠᠭᠰᠠᠨ ᠨᠢ᠂ 2020 ᠣᠨ ᠳᠤ᠂ ᠪᠦᠬᠦ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠲᠤᠭ ᠲᠡᠮᠳᠡᠭ ᠲᠣᠳᠣᠷᠬᠠᠶ ᠪᠠᠷ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠲᠠᠰᠤᠷᠠᠯᠲᠠ ᠦᠭᠡᠢ ᠳᠡᠭᠡᠭᠰᠢᠯᠡᠵᠦ᠂ ᠭᠤᠤᠯ ᠬᠠᠷᠢᠭᠤᠴᠠᠯᠭ᠎ᠠ ᠭᠤᠤᠯ ᠠᠵᠢᠯ ᠲᠦᠷᠭᠡᠨ ᠳᠠᠪᠰᠢᠯᠲᠠ ᠲᠠᠢ ᠪᠣᠯᠪᠠ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠬᠥᠮᠦᠵᠢᠭᠦᠯᠬᠦ︾ ᠶᠢ ᠵᠡᠷᠭᠡᠪᠡᠷ ᠡᠷᠬᠢᠮᠯᠡᠬᠦ ᠶᠢ ᠪᠠᠷᠢᠮᠳᠠᠯᠠᠪᠠ︔ ᠡᠩᠨᠡᠭᠡᠨ ᠤ ᠪᠠᠶᠢᠭᠤᠯᠤᠯᠲᠠ ᠶᠢ ᠴᠥᠬᠦᠷᠡᠰᠢ ᠥᠬᠡᠶ ᠰᠠᠶᠢᠲᠤᠷ ᠠᠳᠬᠤᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠦᠢᠯᠡᠴᠢᠯᠡᠭᠡᠨ ᠤ ᠪᠠᠲᠤᠯᠠᠭ᠎ᠠ ᠶᠢ ᠳᠡᠭᠡᠭᠰᠢᠯᠡᠭᠦᠯᠪᠡ︔ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠪᠠᠭᠰᠢ ᠰᠤᠷᠤᠭᠴᠢᠳ ᠲᠤ ᠰᠠᠶᠢᠨ ᠰᠠᠶᠢᠬᠠᠨ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠡᠭᠦᠳᠴᠦ ᠦᠭᠪᠡ︔ ᠡᠯ᠎ᠡ ᠵᠦᠢᠯ ᠤᠨ ᠲᠤᠰᠬᠠᠢ ᠠᠵᠢᠯᠯᠠᠭ᠎ᠠ ᠶᠢ ᠢᠳᠡᠪᠬᠢᠲᠡᠢ ᠦᠷᠨᠢᠭᠦᠯᠵᠤ᠂ ᠡᠯ᠎ᠡ ᠵᠦᠢᠯ ᠤᠨ ᠠᠵᠢᠯ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠪᠠ᠃
     ᠬᠤᠷᠠᠯ ᠠᠴᠠ ᠴᠢᠬᠤᠯᠠᠴᠢᠯᠠᠭᠰᠠᠨ ᠨᠢ᠂ 2021 ᠣᠨ ᠳᠤ ᠨᠠᠮ ᠤᠨ ᠪᠠᠶᠢᠭᠤᠯᠤᠯᠲᠠ ᠶᠢᠨ ︽ᠵᠠᠭᠤᠨ ᠵᠢᠯ ᠤᠨ ᠠᠵᠢᠯᠯᠠᠭ᠎ᠠ︾ ᠶᠢ ᠬᠡᠷᠡᠭᠵᠢᠭᠦᠯᠦᠨ᠂ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠡᠭᠦᠷᠭᠡ ᠶᠢ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ᠂ ᠤᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ ᠪᠠ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠤᠰᠬᠠᠢ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠪᠠᠬᠢᠵᠢᠭᠦᠯᠬᠦ ᠬᠡᠷᠡᠭᠳᠡᠢ᠃ ᠠᠮᠤᠷ ᠲᠦᠪᠰᠢᠨ ᠬᠠᠤᠯᠢᠵᠢᠯ ᠤᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠤᠨ ᠤᠬᠠᠮᠰᠠᠷ ᠢ ᠪᠤᠢ ᠪᠣᠯᠭᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠤᠬᠠᠭᠤᠯᠤᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠰ ᠢ ᠢᠳᠡᠪᠬᠢᠲᠡᠶ ᠪᠠᠷ ᠴᠡᠴᠡᠭᠯᠡᠭᠦᠯᠦᠨ ᠬᠦᠭᠵᠢᠭᠦᠯᠬᠦ ᠬᠡᠷᠡᠭᠳᠡᠢ᠃    ᠬᠤᠷᠠᠯ ᠠᠴᠠ ᠰᠤᠷᠭᠠᠭᠤᠯᠢ ᠡᠬᠢᠯᠡᠬᠦ ᠠᠴᠠ ᠡᠮᠦᠨ᠎ᠡ ᠬᠤᠶᠢᠨᠠᠬᠢ ᠵᠢᠭᠠᠨ ᠰᠤᠷᠭᠠᠯᠲᠠ ᠶᠢᠨ ᠠᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠣᠯᠤᠨ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠪᠣᠳᠠᠲᠠᠶ ᠲᠣᠬᠢᠷᠠᠭᠤᠯᠤᠨ ᠪᠠᠶᠢᠷᠢᠯᠠᠭᠤᠯᠪᠠ︔ ᠰᠤᠷᠭᠠᠨ ᠬᠥᠮᠦᠵᠢᠯ ᠤᠨ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠤᠨ ᠲᠤᠬᠠᠶ ᠪᠣᠳᠠᠲᠠᠶ ᠴᠢᠬᠤᠯᠠᠴᠢᠯᠠᠪᠠ᠃ 2020 ᠣᠨ ᠤ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠪᠣᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠤᠨ ᠲᠡᠷᠢᠭᠦᠨ ᠤ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠪᠠ᠃              ᠤᠷᠴᠢᠭᠤᠯᠤᠭᠴᠢ᠄ ᠬᠠᠨ ᠰᠢᠶᠤᠤ ᠿᠦᠩ              ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3