| ᠲᠠᠷᠢᠶᠠᠯᠠᠩ ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠪᠥᠬᠦ ᠬᠤᠲᠠ ᠶᠢᠨ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠴᠢᠩᠭᠠᠳᠬᠠᠪᠠ᠃ | 2 ᠳ᠋ᠤᠭᠠᠷ ᠰᠠᠷ᠎ᠠ ᠶᠢᠨ 23 ᠤ ᠡᠳᠦᠷ᠂ ᠮᠠᠨ ᠤ ᠬᠤᠲᠠ ᠶᠢᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠹᠧᠩᠴᠤᠸᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠵᠠᠭᠠᠷᠲᠤ ᠺᠣᠮᠫᠠᠨᠢ ᠲᠠᠢ | ᠬᠠᠮᠲᠤᠷᠠᠨ ᠬᠤᠲᠠ ᠶᠢᠨ ᠡᠮᠦᠨᠡᠳᠦ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠭᠸᠦ ᠮᠧᠨ ᠼᠦᠨ ᠲᠣᠰᠬᠤᠨ᠂ ᠡᠯ | ᠬᠤᠤ ᠭᠸᠦ ᠲᠣᠰᠬᠤᠨ ᠳᠤ ᠭᠦᠨᠵᠡᠭᠡᠶᠢᠷᠡᠨ ︽ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠦᠯᠢᠶᠣᠣ | ᠪᠦᠷᠬᠦᠪᠴᠢ ᠶᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠰᠢᠪᠲᠤᠯᠤᠯᠲᠠ ᠶᠢᠨ ᠠᠵᠢᠯᠯᠠᠭ᠎ᠠ ᠶᠢ ᠢᠳᠡᠪᠬᠢᠲᠡᠶ | ᠠᠬᠢᠭᠤᠯᠬᠤ︾ ᠠᠵᠢᠯᠯᠠᠭ᠎ᠠ ᠶᠢ ᠥᠷᠨᠢᠭᠦᠯᠪᠡ᠃ | | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠮᠡᠷᠭᠡᠵᠢᠯ ᠤᠨ ᠠᠵᠢᠯᠳᠠᠳ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ | ᠣᠯᠠᠨ ᠲᠠᠷᠢᠶᠠᠴᠢᠨ ᠡᠷᠦᠬᠡ ᠳᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢᠨ ᠦᠯᠡᠳᠡᠭᠳᠡᠯ ᠪᠣᠬᠢᠷᠲᠤᠯ ᠤᠨ | ᠬᠤᠤᠷ ᠬᠥᠨᠥᠭᠡᠯᠲᠦ ᠴᠢᠨᠠᠷ ᠵᠢᠴᠢ ᠬᠤᠷᠢᠶᠠᠨ ᠠᠪᠴᠤ ᠳᠠᠬᠢᠨ ᠠᠰᠢᠭᠯᠠᠬᠤ ᠶᠢᠨ ᠰᠠᠶᠢᠨ ᠲᠠᠯ᠎ᠠ ᠶᠢ ᠶᠡᠬᠡᠪᠡᠷ | ᠤᠬᠠᠭᠤᠯᠤᠨ ᠲᠠᠶᠢᠯᠪᠤᠷᠢᠯᠠᠬᠤ ᠶᠢᠨ ᠬᠠᠮᠲᠤ᠂ ᠬᠠᠶᠠᠭᠳᠠᠮᠠᠯ ᠰᠦᠯᠢᠶᠣᠣ ᠪᠦᠷᠬᠦᠪᠴᠢ ᠶᠢ ᠵᠢᠩ ᠪᠦᠷᠢ ᠨᠢᠭᠡ ᠴᠡᠭ | ᠲᠠᠪᠤᠨ ᠲᠥᠭᠦᠷᠢᠭ ᠤᠨ ᠦᠨ᠎ᠡ ᠪᠠᠷ ᠬᠤᠷᠢᠶᠠᠨ ᠠᠪᠴᠤ᠂ ᠥᠷᠭᠡᠨ ᠣᠯᠠᠨ ᠲᠠᠷᠢᠶᠠᠴᠢᠳ ᠢ ᠬᠥᠲᠥᠯᠥᠨ | ᠵᠢᠯᠣᠭᠤᠳᠴᠤ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠭᠦᠯᠵᠦ᠂ ᠦᠯᠡᠳᠡᠭᠳᠡᠯ ᠬᠠᠭᠤᠴᠢᠨ | ᠰᠦᠯᠢᠶᠣᠣ ᠪᠦᠷᠬᠦᠪᠴᠢ ᠶᠢ ᠤᠬᠠᠮᠰᠠᠷ ᠠᠴᠠ ᠪᠠᠨ ᠲᠡᠭᠦᠵᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ | ᠬᠠᠶᠠᠬᠤ ᠪᠠ ᠰᠢᠲᠠᠭᠠᠬᠤ ᠮᠠᠭᠤ ᠳᠠᠳᠬᠠᠯ ᠢ ᠬᠤᠪᠢᠷᠠᠭᠤᠯᠵᠤ᠂ ᠬᠤᠷᠢᠶᠠᠨ ᠠᠪᠴᠤ ᠠᠰᠢᠭᠯᠠᠬᠤ ᠠᠵᠢᠯ ᠢ ᠭᠦᠨᠵᠡᠭᠡᠶ | ᠥᠷᠨᠢᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ ᠦᠭᠪᠡ᠃ | | ᠡᠨᠡ ᠤᠳᠠᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠠᠷᠠᠳ ᠲᠦᠮᠡᠨ ᠤ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ ᠶᠢᠨ ᠬᠤᠤᠷ ᠬᠥᠨᠥᠭᠡᠯᠲᠦ ᠴᠢᠨᠠᠷ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠲᠠᠷᠢᠶᠠᠴᠢᠨ | ᠡᠷᠦᠬᠡ ᠶᠢᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠶᠢ ᠵᠢᠯᠣᠭᠤᠳᠴᠤ᠂ ᠲᠠᠷᠢᠶᠠᠨ | ᠭᠠᠵᠠᠷ ᠤᠨ ᠦᠯᠡᠳᠡᠭᠳᠡᠯ ᠬᠠᠭᠤᠴᠢᠨ ᠰᠦᠯᠢᠶᠣᠣ ᠪᠦᠷᠬᠦᠪᠴᠢ ᠶᠢ ᠤᠬᠠᠮᠰᠠᠷ ᠠᠴᠠ ᠪᠠᠨ ᠲᠡᠭᠦᠵᠦ᠂ | ᠲᠠᠷᠢᠶᠠᠴᠢᠳ ᠤᠨ ︽ᠴᠠᠭᠠᠨ ᠪᠣᠬᠢᠷᠲᠤᠯ︾ ᠢ ᠰᠡᠷᠭᠡᠶᠢᠯᠡᠨ ᠵᠠᠰᠠᠬᠤ ᠤᠬᠠᠮᠰᠠᠷᠲᠤ ᠴᠢᠨᠠᠷ ᠪᠠ ᠢᠳᠡᠪᠬᠢᠵᠢᠯ ᠢ | ᠳᠠᠶᠢᠴᠢᠯᠠᠵᠤ᠂ ᠲᠡᠳᠡᠨᠠᠷ ᠢ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠤᠨ ᠣᠷᠣᠯᠴᠠᠭᠴᠢ | ᠪᠠ ᠠᠬᠢᠭᠤᠯᠤᠭᠴᠢ ᠪᠣᠯᠭᠠᠵᠤ᠂ ᠲᠠᠷᠢᠮᠠᠯ ᠤᠨ ᠡᠷᠦᠬᠡ ᠶᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ | ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠲᠠᠰᠤᠷᠠᠯᠲᠠ ᠥᠬᠡᠶ ᠬᠥᠲᠥᠯᠥᠨ ᠵᠢᠯᠣᠭᠤᠳᠴᠤ᠂ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠨᠢ ᠴᠢᠩᠭᠠᠷᠠᠭᠤᠯᠪᠠ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |