| 2 ᠰᠠᠷ᠎ᠠ ᠶᠢᠨ 25 ᠤ ᠦᠳᠡ ᠶᠢᠨ ᠡᠮᠦᠨ᠎ᠡ᠂ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠤᠨ ᠳ᠋ᠦᠩᠨᠡᠯᠲᠡ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠢᠩᠬᠢᠮ ᠳᠤ ᠦᠪᠡᠳᠡᠭᠰᠢ ᠶᠡᠬᠡᠪᠡᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ | ᠫᠢᠩ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ ᠶᠢᠨ ᠢᠷᠠᠭᠤ | ᠠᠯᠳᠠᠷ ᠤᠨ ᠴᠣᠯᠠ ᠬᠦᠷᠳᠡᠭᠰᠡᠳ ᠲᠤ ᠱᠠᠩᠨᠠᠯ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠶᠡᠭᠡ | ᠬᠤᠷᠠᠯ ᠠᠴᠠ ᠪᠠᠰᠠ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ | ᠬᠤᠪᠢ ᠬᠥᠮᠦᠨ᠂ ᠲᠡᠷᠢᠭᠦᠨ ᠤ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠪᠠ᠃ ᠮᠠᠨ ᠤ ᠬᠤᠲᠠ ᠶᠢᠨ ᠡᠯ᠎ᠡ | ᠰᠠᠯᠠᠭ᠎ᠠ ᠮᠥᠴᠢᠷ ᠨᠢᠭᠡᠴᠡ᠂ ᠡᠯ᠎ᠡ ᠰᠢᠶᠠᠩ ᠪᠠᠯᠭᠠᠰᠤᠨ ᠤ ᠬᠡᠷᠡᠭ ᠡᠷᠬᠢᠯᠡᠬᠦ ᠭᠠᠵᠠᠷ ᠤᠨ ᠨᠠᠮ ᠤᠨ ᠭᠡᠰᠢᠭᠦᠨ ᠺᠠᠳ᠋ᠷ | ᠣᠯᠠᠨ ᠲᠦᠮᠡᠨ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ | ᠳ᠋ᠦᠩᠨᠡᠯᠲᠡ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠢᠳᠡᠪᠬᠢᠲᠡᠶ | ᠰᠤᠨᠢᠷᠬᠠᠵᠠᠭᠠᠪᠠ᠃ | ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠮᠠᠨ ᠤ ᠬᠤᠲᠠ ᠶᠢᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠭᠠᠪᠠ᠃ | ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠢ ᠬᠥᠮᠦᠨ | ᠲᠥᠷᠥᠯᠬᠢᠲᠡᠨ ᠤ ᠶᠠᠳᠠᠭᠤ ᠶᠢ ᠪᠠᠭᠠᠰᠬᠠᠬᠤ ᠲᠡᠦᠬᠡᠨ ᠳᠡᠭᠡᠷᠡᠬᠢ ᠠᠭᠤᠤ ᠶᠡᠭᠡ ᠭᠠᠶᠢᠬᠠᠮᠰᠢᠭ ᠢ ᠡᠭᠦᠳᠴᠦ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠦᠷᠦ ᠪᠠ ᠪᠠᠶᠢᠭᠤᠯᠤᠯ ᠤᠨ ᠳᠠᠪᠠᠭᠤᠯᠢᠭ ᠢ | ᠢᠯᠡᠷᠡᠭᠦᠯᠪᠡ᠃ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠤᠨ ᠳ᠋ᠦᠩᠨᠡᠯᠲᠡ ᠪᠣᠯᠬᠤ ᠪᠠᠷ ᠪᠠᠷᠠᠬᠤ ᠥᠬᠡᠶ ᠨᠠᠩ ᠴᠤ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠰᠢᠨ᠎ᠡ ᠡᠬᠢᠯᠡᠯᠲᠡ ᠪᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠯ ᠡᠴᠦᠰ ᠤᠨ ᠴᠡᠭ ᠪᠢᠰᠢ᠂ | ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠡᠬᠢᠯᠡᠯᠲᠡ ᠪᠣᠯᠤᠨ᠎ᠠ᠃ ᠡᠨᠡ ᠤᠳᠠᠭ᠎ᠠ ᠶᠢᠨ ᠳ᠋ᠦᠩᠨᠡᠯᠲᠡ ᠶᠢᠨ | ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠤᠯᠠᠮ | ᠴᠢᠨᠠᠭᠰᠢᠳᠠ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠲᠠᠰᠤᠷᠠᠯᠳᠠ ᠦᠭᠡᠢ ᠪᠠᠬᠢᠵᠢᠭᠦᠯᠦᠨ | ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠪᠣᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠦᠲᠦᠮᠵᠢᠲᠡᠢ ᠵᠣᠯᠭᠠᠯᠴᠠᠭ᠎ᠠ ᠶᠢ ᠠᠬᠢᠭᠤᠯᠵᠤ᠂ ᠰᠢᠯᠢᠳᠡᠭ | ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠠᠶᠠᠷᠯᠠᠨ ᠤᠭᠲᠤᠬᠤ ᠬᠡᠷᠡᠭᠲᠡᠢ ᠭᠡᠵᠦ | ᠢᠯᠡᠷᠭᠡᠶᠢᠯᠡᠵᠡᠭᠡᠪᠡ᠃ | ᠬᠤᠲᠠ ᠶᠢᠨ ᠡᠮᠦᠨᠡᠳᠦ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠳ᠋ᠦᠩ ᠶᠤᠸᠠᠨ ᠲᠣᠰᠬᠤᠨ ᠤ ᠠᠷᠠᠳ ᠤᠨ | ᠵᠥᠪᠯᠡᠯ᠂ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ᠂ ᠲᠣᠰᠬᠤᠨ ᠳᠤ ᠰᠠᠭᠤᠭ᠎ᠠ ᠠᠵᠢᠯᠯᠠᠬᠤ | ᠠᠩᠬᠢ ᠶᠢᠨ ᠭᠡᠰᠢᠭᠦᠨ ᠵᠢᠴᠢ ᠲᠣᠰᠬᠤᠨ ᠤ ᠠᠷᠠᠳ ᠤᠨ ᠲᠥᠯᠥᠭᠡᠯᠡᠭᠴᠢ᠂ ᠶᠠᠳᠠᠭᠤ ᠠᠴᠠ ᠠᠩᠭᠢᠵᠢᠷᠠᠭᠰᠠᠨ | ᠡᠷᠦᠬᠡ ᠶᠢᠨ ᠲᠥᠯᠥᠭᠡᠯᠡᠭᠴᠢᠳ ᠳ᠋ᠦᠩᠨᠡᠯᠲᠡ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠪᠣᠳᠠᠲᠤ ᠪᠠᠶᠢᠳᠠᠯ ᠢ | ᠲᠦᠪᠯᠡᠷᠡᠨ ᠰᠤᠨᠢᠷᠬᠠᠭᠰᠠᠨ ᠪᠠ ᠶᠡᠷᠦᠩᠬᠡᠢ ᠱᠦᠵᠢ ᠶᠢᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠤᠯᠠᠨ ᠢᠶᠠᠷ ᠢᠶᠠᠨ | ᠶᠡᠬᠡᠳᠡ ᠤᠷᠮᠠᠰᠢᠨ ᠵᠣᠷᠢᠭᠵᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠪᠡᠶᠡᠯᠡᠭᠦᠯᠬᠦ ᠢᠯᠠᠯᠲᠠ ᠶᠢ ᠤᠯᠬᠤ ᠢᠲᠡᠭᠡᠯ ᠢᠶᠠᠨ ᠤᠯᠠᠮ ᠪᠠᠳᠤᠳᠬᠠᠵᠠᠭᠠᠪᠠ᠃ | ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠳᠠᠷᠠᠭᠠᠴᠢ ᠶᠢᠨ ᠠᠯᠬᠤᠮ ᠤᠨ ᠠᠵᠢᠯ ᠳᠤᠮᠳᠠ᠂ ᠶᠡᠷᠦᠩᠬᠡᠢ | ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠠ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ | ᠢᠯᠡᠳᠬᠡᠵᠡᠭᠡᠪᠡ᠃ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |