| ᠪᠥᠬᠦ ᠬᠤᠲᠠ ᠶᠢᠨ ᠠᠷᠠᠳ ᠣᠯᠠᠨ ᠤ ᠠᠮᠤᠷ ᠲᠣᠭᠲᠠᠭᠤᠨ ᠥᠯᠵᠡᠶ ᠪᠡᠯᠭᠡ ᠲᠠᠢ ᠴᠠᠭᠠᠨ ᠰᠠᠷ᠎ᠠ ᠪᠠᠨ | ᠦᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ | ᠱᠦᠵᠢ ᠸᠠᠩ ᠵᠧᠨ ᠬᠠᠶ ᠬᠡᠰᠡᠭ ᠬᠡᠲᠦ ᠳᠡᠯᠭᠡᠭᠦᠷ᠂ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠪᠣᠯᠤᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠵᠦ᠂ ᠢᠳᠡᠭᠡᠨ ᠤ ᠠᠮᠤᠷ ᠲᠦᠪᠰᠢᠨ᠂ ᠡᠳ᠋ ᠪᠣᠳᠠᠰ ᠤᠨ | ᠪᠠᠲᠤᠯᠠᠭ᠎ᠠ᠂ ᠠᠶᠤᠯᠭᠦᠶ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ | ᠪᠠᠶᠢᠴᠠᠭᠠᠪᠠ᠃ | | ᠸᠠᠩ ᠵᠧᠨ ᠬᠠᠢ ᠵᠢᠶᠠ ᠯᠢ ᠬᠠᠮ ᠳᠡᠯᠭᠡᠭᠦᠷ ᠪᠣᠯᠤᠨ ᠬᠠᠢ ᠫᠧᠩ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠳᠤ | ᠬᠦᠷᠴᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠳ᠋ ᠪᠣᠳᠠᠰ ᠬᠤᠳᠠᠯᠳᠤᠨ ᠠᠪᠬᠤ᠂ ᠲᠠᠸᠠᠷ ᠪᠣᠷᠣᠯᠠᠭᠤᠯᠬᠤ᠂ | ᠪᠠᠷᠠᠭᠠᠨ ᠤ ᠢᠷᠡᠯᠳᠡ ᠶᠢᠨ ᠲᠤᠬᠢᠷᠠᠭᠤᠯᠤᠯᠳᠠ᠂ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠵᠢᠴᠢ ᠬᠠᠩᠭᠠᠯᠭ᠎ᠠ ᠶᠢᠨ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠠᠸᠠᠷ ᠤᠨ ᠶᠠᠰᠤ ᠴᠢᠨᠠᠷ᠂ ᠦᠨ᠎ᠡ ᠬᠠᠩᠰᠢ᠂ ᠡᠷᠡᠭᠦᠯ ᠬᠠᠮᠠᠭᠠᠯᠠᠯ | ᠵᠡᠷᠭᠡ ᠶᠢ ᠨᠢᠭᠡᠳ ᠨᠢᠭᠡ ᠪᠠᠷ ᠪᠠᠶᠢᠴᠠᠭᠠᠪᠠ᠃ | | ᠸᠠᠩ ᠵᠧᠨ ᠬᠠᠢ ᠴᠢᠬᠤᠯᠠᠴᠢᠯᠠᠬᠰᠠᠨ ᠨᠢ᠂ ᠡᠯ᠎ᠡ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠪᠠᠨ ᠦᠨᠡᠨᠬᠦ ᠴᠢᠩᠭᠠᠳᠬᠠᠨ᠂ ᠦᠨ᠎ᠡ ᠬᠠᠩᠰᠢ ᠶᠢ | ᠲᠣᠭᠲᠠᠪᠤᠷᠢᠵᠢᠭᠤᠯᠵᠤ᠂ ᠦᠢᠯᠡᠳᠬᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠰᠠᠬᠢᠵᠤ᠂ ᠢᠳᠡᠭᠡᠨ ᠤ ᠠᠮᠤᠷ | ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠬᠠᠮᠲᠤ᠂ ᠲᠠᠯᠠᠪᠤᠷ ᠭᠠᠵᠠᠷ ᠲᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ︔ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ | ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠤᠨ ᠴᠢᠩᠭ᠎ᠠ | ᠡᠵᠡᠮᠳᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢ ᠰᠠᠶᠢᠲᠤᠷ ᠬᠢᠵᠦ᠂ ᠣᠯᠠᠨ ᠲᠦᠮᠡᠨ ᠤ | ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨ ᠬᠦ ᠪᠠᠳᠤᠯᠠᠨ᠂ ᠠᠷᠠᠳ ᠣᠯᠠᠨ ᠤ ᠠᠮᠤᠷ ᠲᠦᠪᠰᠢᠨ | ᠥᠯᠵᠡᠶ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ᠃ | | ᠸᠠᠩ ᠵᠧᠨ ᠬᠠᠶ ᠹᠯᠣᠷᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠹᠧᠩ ᠬᠤᠶ ᠬᠢᠮᠢ ᠶᠢᠨ ᠠᠵᠤ | ᠦᠢᠯᠡᠳᠪᠦᠷᠢ᠂ ᠰᠢᠨ ᠲᠠᠢ ᠰᠢᠨ᠎ᠡ ᠮᠠᠲ᠋ᠧᠷᠢᠶᠠᠯ᠂ ᠵᠢᠶᠠ ᠰᠢᠨ ᠴᠠᠬᠢᠭᠤᠷ ᠮᠠᠩᠭᠠᠨ ᠤ ᠬᠠᠶᠢᠯᠤᠰᠢ ᠵᠡᠷᠭᠡ ᠠᠵᠤ | ᠠᠬᠤᠶᠢᠯᠠᠯ ᠳᠤ ᠬᠦᠷᠴᠦ᠂ ᠡᠯ᠎ᠡ ᠠᠵᠤ ᠠᠬᠤᠶᠢᠯᠠᠯ ᠤᠨ ᠨᠢᠬᠡᠴᠡ ᠶᠢᠨ ᠲᠥᠬᠦᠭᠡᠷᠦᠮᠵᠢ ᠶᠢᠨ ᠠᠵᠢᠯᠯᠠᠭᠠᠨ ᠤ | ᠬᠠᠮᠢᠶᠠᠷᠤᠯᠲᠠ᠂ ᠭᠠᠯ ᠤᠨᠲᠠᠷᠠᠭᠠᠬᠤ ᠲᠥᠬᠦᠭᠡᠷᠦᠮᠵᠢ᠂ ᠦᠢᠯᠡᠳᠬᠦᠨ ᠤ ᠬᠠᠳᠠᠭᠠᠯᠠᠯᠲᠠ᠂ ᠵᠢᠵᠢᠭᠦᠷᠯᠡᠨ ᠰᠠᠬᠢᠬᠤ᠂ | ᠳᠣᠲᠣᠭᠠᠳᠤ ᠶᠢᠨ ᠬᠢᠨᠠᠯᠲᠠ ᠬᠠᠮᠢᠶᠠᠷᠤᠯᠲᠠ᠂ ᠠᠵᠢᠯᠲᠠᠨ ᠠᠵᠢᠯᠴᠢᠨ ᠤ ᠦᠢᠯᠡᠳᠪᠦᠷᠢᠯᠡᠯ ᠠᠮᠢᠳᠤᠷᠠᠯ ᠤᠨ ᠪᠠᠲᠤᠯᠠᠭ᠎ᠠ | ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠠ᠃ | ᠸᠠᠩ ᠵᠧᠨ ᠬᠠᠶ ᠱᠠᠭᠠᠷᠳᠠᠭᠰᠠᠨ ᠨᠢ᠂ ᠬᠦᠷᠢᠶᠡᠯᠡᠩ ᠲᠣᠭᠤᠷᠢᠭ ᠤᠨ ᠡᠯ᠎ᠡ ᠠᠵᠤ ᠠᠬᠤᠶᠢᠯᠠᠯ ᠤᠨ ᠬᠥᠮᠥᠷᠭᠡᠯᠡᠨ | ᠬᠠᠳᠠᠭᠠᠯᠠᠬᠤ ᠠᠵᠢᠯ ᠢ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠵᠢᠷᠤᠮᠵᠢᠭᠤᠯᠤᠨ | ᠬᠢᠵᠦ᠂ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠷᠲᠡ ᠢᠯᠡᠷᠡᠭᠦᠯᠬᠦ᠂ | ᠡᠷᠲᠡ ᠰᠡᠷᠭᠡᠶᠢᠯᠡᠬᠦ᠂ ᠡᠷᠲᠡ ᠡᠵᠡᠮᠳᠡᠬᠦ ᠶᠢ ᠪᠡᠶᠡᠯᠡᠭᠦᠯᠵᠦ᠂ ᠡᠯ᠎ᠡ ᠵᠦᠢᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ | ᠬᠤᠷᠢᠭᠯᠠᠬᠤ ᠬᠡᠷᠡᠭᠲᠡᠶ︔ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠠᠷ ᠳᠤᠷᠠᠰᠬᠠᠯ | ᠠᠮᠠᠷᠠᠯᠲᠠ ᠶᠢᠨ ᠬᠤᠭᠤᠴᠠᠭᠠᠨ ᠳᠠᠬᠢ ᠠᠶᠤᠯ ᠦᠭᠡᠶ ᠦᠢᠯᠡᠳᠪᠦᠷᠢᠯᠡᠯ ᠬᠢᠭᠡᠳ ᠡᠵᠡᠩᠨᠡᠯᠲᠡ᠂ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠵᠢᠴᠢ ᠦᠢᠯᠡᠳᠪᠦᠷᠢᠯᠡᠯ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ︔ ᠠᠵᠤ ᠠᠬᠤᠶᠢᠯᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠪᠠᠳᠤᠯᠠᠬᠤ | ᠬᠡᠷᠡᠭᠳᠡᠢ᠃ | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠬᠴᠢ᠄ ᠼᠦᠢ ᠶᠢᠩ |