| 2 ᠰᠠᠷ᠎ᠠ ᠶᠢᠨ 20 ᠤ ᠡᠳᠦᠷ᠂ ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠡᠶᠢᠭᠡᠮ ᠲᠣᠭᠤᠷᠢᠭ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠢᠵᠢ ᠪᠦᠷᠢᠳᠦᠭᠦᠯᠦᠨ | ᠵᠣᠬᠢᠶᠠᠨ ᠪᠠᠶᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠬᠡᠷ ᠪᠦᠯᠢ ᠶᠢᠨ | ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠡᠯ᠎ᠡ ᠨᠡᠶᠢᠭᠡᠮ ᠲᠣᠭᠤᠷᠢᠭ ᠤᠨ ᠺᠠᠳ᠋ᠷ ᠠᠵᠢᠯᠲᠠᠨ ᠨᠠᠷ ᠬᠤᠷᠠᠯ ᠳᠤ | ᠣᠷᠣᠯᠴᠠᠪᠠ᠃ | | ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠢᠦᠢ ᠴᠦᠨ ᠹᠧᠩ ᠬᠤᠷᠠᠯ ᠢ ᠡᠷᠬᠢᠯᠡᠭᠰᠡᠨ | ᠪᠥᠭᠡᠳ ᠶᠠᠷᠢᠶ᠎ᠠ ᠲᠠᠯᠪᠢᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ ᠭᠤᠤ ᠮᠢᠩ | ᠲᠠᠩ᠂ ᠡᠪᠯᠡᠯ ᠤᠨ ᠠᠵᠢᠯᠯᠠᠬᠤ ᠬᠤᠷᠢᠶᠠᠨ ᠤ ᠱᠦᠵᠢ ᠴᠢᠨ ᠶᠠᠨ ᠾᠦᠢ᠂ ᠡᠮᠡᠭᠲᠡᠶᠢᠴᠦᠳ ᠤᠨ ᠬᠤᠯᠪᠣᠭ᠎ᠠ ᠶᠢᠨ | ᠡᠷᠬᠢᠯᠡᠭᠴᠢ ᠸᠠᠩ ᠰᠢᠶᠤᠤ ᠴᠢᠩ ᠲᠤᠰ ᠲᠤᠰ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠨᠠᠷᠢᠨ ᠨᠢᠮᠪᠡᠢ ᠲᠦᠯᠦᠪᠵᠢᠭᠦᠯᠦᠨ᠂ ᠴᠢᠩᠭ᠎ᠠ ᠡᠵᠡᠮᠳᠡᠵᠦ᠂ ᠭᠤᠭᠴᠤᠭ᠎ᠠ | ᠨᠢᠭᠡᠪᠦᠷᠢ᠂ ᠨᠠᠷᠢᠨ ᠵᠦᠢᠯᠡᠰ ᠨᠢᠭᠡᠪᠦᠷᠢ ᠶᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ︔ ᠲᠤᠭ ᠲᠡᠮᠳᠡᠭ | ᠲᠣᠳᠣᠷᠬᠠᠢ ᠪᠠᠷ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ | ᠤᠳᠤᠷᠢᠳᠤᠮᠵᠢ ᠶᠢ ᠪᠠᠷᠢᠮᠲᠠᠯᠠᠵᠤ᠂ ᠬᠤᠭᠤᠴᠠᠭ᠎ᠠ ᠰᠣᠯᠢᠬᠤ ᠠᠵᠢᠯ ᠤᠨ ᠶᠠᠪᠤᠴᠠ ᠶᠢᠨ ᠨᠠᠷᠢᠨ ᠵᠦᠢᠯᠡᠰ ᠢ ᠴᠢᠩᠭ᠎ᠠ | ᠡᠵᠡᠮᠳᠡᠵᠦ᠂ ᠡᠯ᠎ᠡ ᠵᠦᠢᠯ ᠤᠨ ᠪᠣᠳᠠᠲᠠᠢ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠬᠥᠮᠦᠨ ᠢ | ᠣᠨᠣᠪᠴᠢᠲᠠᠢ ᠡᠷᠢᠵᠦ᠂ ᠬᠥᠮᠦᠨ ᠢ ᠵᠥᠪ ᠰᠣᠩᠭᠤᠵᠤ᠂ ᠦᠨᠡᠨᠴᠢ ᠰᠢᠳᠤᠷᠭᠤ ᠶᠢ ᠡᠷᠬᠢᠮᠯᠡᠬᠦ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ᠂ ᠠᠷᠠᠳ ᠤᠨ ᠲᠥᠯᠥᠭᠡ ᠠᠵᠢᠯᠴᠢ ᠬᠢᠴᠢᠶᠡᠩᠭᠦᠢ ᠪᠠᠷ ᠵᠢᠳᠬᠦᠬᠦ᠂ ᠠᠷᠢᠭᠤᠨ | ᠴᠢᠬᠡᠴᠢ ᠶᠢ ᠰᠠᠬᠢᠬᠤ ᠡᠩᠨᠡᠭᠡ ᠶᠢ ᠰᠣᠩᠭᠤᠬᠤ ᠬᠡᠷᠡᠭᠲᠡᠢ︔ ᠤᠯᠤᠰ ᠲᠦᠷᠦ ᠶᠢᠨ ᠤᠬᠠᠮᠰᠠᠷ᠂ ᠬᠠᠷᠢᠭᠤᠴᠠᠯᠭ᠎ᠠ ᠶᠢᠨ | ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠪᠠᠨ | ᠴᠢᠩᠭᠠᠳᠬᠠᠨ᠂ ᠰᠠᠬᠢᠯᠭ᠎ᠠ ᠪᠠᠲᠤ ᠶᠢ ᠴᠢᠩᠳᠠᠯᠠᠵᠤ᠂ ᠦᠳᠲᠡᠷ ᠲᠦᠷᠭᠡᠨ ᠬᠥᠳᠡᠯᠦᠯᠴᠡᠨ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠡᠶᠢᠭᠡᠮ ᠲᠣᠭᠤᠷᠢᠭ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢ ᠵᠣᠬᠢᠶᠠᠨ ᠪᠠᠶᠢᠭᠤᠯᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ᠂ ᠪᠣᠳᠠᠲᠠᠢ ᠬᠢᠵᠦ᠂ ᠲᠡᠭᠦᠰ | ᠠᠮᠵᠢᠯᠲᠠ ᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |