ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠰᠠᠬᠢᠯᠭ᠎ᠠ ᠪᠠᠲᠤ ᠬᠡᠪ ᠰᠤᠷᠲᠠᠯ ᠤᠨ ᠠᠬᠢᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/1
     ᠬᠡᠷᠡᠭ ᠡᠷᠬᠢᠯᠡᠬᠦ ᠭᠠᠵᠠᠷ ᠤᠨ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ᠂ ᠰᠠᠬᠢᠯᠭ᠎ᠠ ᠪᠠᠲᠤ ᠬᠡᠪ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠰᠠᠶᠢᠨ ᠰᠠᠶᠢᠬᠠᠨ ᠠᠵᠢᠯᠲᠠᠳ ᠤᠨ ᠳᠦᠷᠢ ᠲᠥᠷᠬᠦ ᠶᠢ ᠪᠤᠢ ᠪᠣᠯᠭᠠᠵᠤ᠂ ᠠᠷᠠᠳ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 22 ᠤᠨ ᠦᠳᠡ ᠶᠢᠨ ᠡᠮᠦᠨ᠎ᠡ᠂ ᠠᠵᠤ ᠦᠢᠯᠡᠳᠪᠦᠷᠢ ᠶᠢᠨ ᠲᠣᠭᠤᠷᠢᠭ ᠵᠡᠭᠡᠯᠢ ᠭᠤᠳᠤᠮᠵᠢ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠶᠢᠭᠤᠯᠵᠤ ᠰᠠᠬᠢᠯᠭ᠎ᠠ ᠪᠠᠲᠤ ᠬᠡᠪ ᠰᠤᠷᠲᠠᠯ ᠤᠨ ᠠᠬᠢᠭᠤᠯᠤᠯᠲᠠ ᠶᠢᠨ ᠬᠤᠷᠠᠯ ᠬᠤᠷᠠᠯᠳᠤᠭᠤᠯᠪᠠ᠃
   ᠬᠤᠷᠠᠯ ᠳᠡᠭᠡᠷ᠎ᠡ᠂ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠶᠢᠨ ᠱᠦᠵᠢ ᠵᠢᠭᠠᠵᠤ ᠭᠠᠷᠭᠠᠭᠰᠠᠨ ᠨᠢ᠂ ᠬᠡᠷᠡᠭ ᠡᠷᠬᠢᠯᠡᠬᠦ ᠭᠠᠵᠠᠷ ᠤᠨ ᠡᠯ᠎ᠡ ᠰᠠᠯᠠᠭ᠎ᠠ ᠲᠠᠰᠤᠭ᠂ ᠤᠳᠤᠷᠢᠳᠬᠤ ᠺᠠᠳ᠋ᠷᠴᠤᠳ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠨ᠂ ᠰᠠᠬᠢᠯᠭ᠎ᠠ ᠪᠠᠲᠤ ᠶᠢᠨ ᠲᠣᠭᠲᠠᠭᠠᠯ ᠢᠶᠠᠨ ᠲᠡᠭᠦᠯᠳᠡᠷᠵᠢᠭᠦᠯᠵᠦ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠰᠠᠬᠢᠯᠭ᠎ᠠ ᠪᠠᠲᠤ ᠪᠠ ᠬᠡᠪ ᠰᠤᠷᠲᠠᠯ ᠤᠨ ᠠᠵᠢᠯ ᠢ ᠰᠠᠶᠢᠲᠤᠷ ᠠᠳᠬᠤᠬᠤ ᠲᠤᠬᠠᠶ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠬᠡᠷᠡᠭ ᠡᠷᠬᠢᠯᠡᠬᠦ ᠭᠠᠵᠠᠷ ᠤᠨ ᠳᠡᠭᠡᠳᠦ ᠳᠣᠤᠷᠠᠳᠤ ᠱᠠᠲᠤ ᠪᠠᠷ ᠢᠶᠠᠨ ᠤᠯᠠᠮ ᠨᠢᠭᠡ ᠠᠯᠬᠤᠮ ᠡᠷᠬᠡ ᠶᠢ ︽ᠪᠢᠰᠢᠷᠡᠨ ᠵᠢᠷᠦᠬᠡᠰᠢᠶᠡᠬᠦ ᠰᠡᠳᠬᠢᠯᠭᠡ︾ ᠲᠠᠢ ᠪᠠᠶᠢᠵᠤ᠂ ︽ᠬᠤᠷᠢᠭ᠎ᠠ ᠱᠤᠭᠤᠮ ᠤᠨ ᠰᠡᠳᠬᠢᠬᠦᠶ︾ ᠪᠠ ︽ᠤᠯᠠᠭᠠᠨ ᠱᠤᠭᠤᠮ ᠤᠨ ᠤᠬᠠᠮᠰᠠᠷ︾ ᠢ ᠡᠷᠡᠰ ᠪᠣᠶ ᠪᠣᠯᠭᠠᠬᠤ ᠬᠡᠷᠡᠭᠲᠡᠶ᠃    ᠪᠠᠶᠢᠭᠤᠯᠭ᠎ᠠ ᠪᠠ ᠡᠯ᠎ᠡ ᠨᠡᠶᠢᠭᠡᠮ ᠲᠣᠭᠤᠷᠢᠭ ᠤᠨ ᠠᠵᠢᠯᠳᠠᠳ ᠢ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠠᠳᠬᠤᠵᠤ᠂ ᠡᠳᠦᠷ ᠪᠦᠷᠢ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠳᠤ ᠨᠡᠷ᠎ᠡ ᠪᠠᠨ ᠪᠢᠴᠢᠬᠦ ᠲᠦᠷᠢᠮ ᠤᠨ ᠬᠠᠮᠢᠶᠠᠷᠤᠯᠲᠠ ᠶᠢ ᠴᠢᠩᠭ᠎ᠠ ᠵᠢᠷᠤᠮᠯᠠᠨ᠂  ᠠᠵᠢᠯ ᠠᠴᠠ ᠪᠠᠨ ᠬᠤᠵᠢᠭᠳᠠᠬᠤ ᠪᠠ ᠡᠷᠲᠡ ᠪᠠᠭᠤᠬᠤ ᠪᠠ ᠠᠵᠢᠯᠯᠠᠬᠤ ᠬᠤᠭᠤᠴᠠᠭᠠᠨ ᠳᠤ ᠠᠵᠢᠯ ᠲᠠᠢ ᠪᠠᠨ ᠬᠠᠮᠢᠶ᠎ᠠ ᠥᠬᠡᠶ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠶ ᠭᠡᠵᠦ ᠱᠠᠭᠠᠷᠳᠠᠪᠠ᠃    ᠡᠨᠡ ᠤᠳᠠᠭᠠᠨ ᠤ ᠰᠠᠬᠢᠯᠭ᠎ᠠ ᠪᠠᠲᠤ ᠬᠡᠪ ᠰᠤᠷᠲᠠᠯ ᠤᠨ ᠠᠬᠢᠭᠤᠯᠤᠯᠲᠠ ᠶᠢᠨ ᠬᠤᠷᠠᠯ ᠢᠶᠠᠷ ᠳᠠᠮᠵᠢᠭᠤᠯᠤᠨ᠂ ᠠᠵᠢᠯᠳᠠᠳ ᠤᠨ ᠠᠵᠢᠯ ᠤᠨ ᠰᠤᠷᠲᠠᠯ ᠢᠯᠡᠳᠲᠡ ᠰᠠᠶᠢᠵᠢᠷᠠᠵᠦ᠂ ᠠᠵᠢᠯ ᠤᠨ ᠰᠠᠬᠢᠯᠭ᠎ᠠ ᠪᠠᠲᠤ ᠢᠯᠡᠳᠲᠡ   ᠴᠢᠩᠭᠠᠷᠠᠵᠦ᠂ ᠦᠢᠯᠡᠴᠢᠯᠡᠭᠡᠨ ᠤ ᠬᠢᠷᠢ ᠲᠦᠪᠰᠢᠨ ᠪᠤᠯᠤᠨ ᠠᠵᠢᠯ ᠤᠨ ᠦᠷ᠎ᠡ ᠪᠦᠲᠦᠮᠵᠢ ᠢᠯᠡᠳᠲᠡ  ᠲᠡᠭᠡᠭᠰᠢᠯᠡᠨ᠂ ᠪᠦᠬᠦ ᠬᠡᠷᠡᠭ ᠡᠷᠬᠢᠯᠡᠬᠦ ᠭᠠᠵᠠᠷ ᠲᠤ ᠵᠠᠮ ᠨᠡᠭᠡᠭᠡᠨ ᠤᠷᠤᠭᠰᠢᠯᠠᠬᠤ᠂ ᠢᠳᠡᠪᠬᠢᠲᠡᠢ ᠪᠠᠷ ᠥᠭᠡᠳᠡᠯᠡᠨ ᠳᠠᠪᠰᠢᠬᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠰᠠᠶᠢᠨ ᠰᠠᠶᠢᠬᠠᠨ ᠬᠡᠪ ᠰᠤᠷᠲᠠᠯ ᠢ ᠪᠤᠢ ᠪᠤᠯᠭᠠᠪᠠ᠃                ᠤᠷᠴᠢᠭᠤᠯᠤᠭᠴᠢ᠄ ᠬᠠᠨ ᠰᠢᠶᠤᠤ ᠿᠦᠩ                ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3