ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠲᠡᠭᠦᠰ ᠠᠮᠵᠢᠯᠳᠠᠳᠠᠢ ᠶᠠᠪᠤᠭᠳᠠᠪᠠ
ᠨᠡᠶᠢᠲᠡᠯᠡᠭᠰᠡᠨ ᠴᠠᠭ᠄
2021/3/15
   ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠨᠡᠶᠢᠭᠡᠮ ᠲᠣᠭᠤᠷᠢᠭ ᠲᠤ ᠡᠪᠯᠡᠯ ᠤᠨ ᠺᠠᠳ᠋ᠷ ᠤᠨ ᠡᠩᠨᠡᠭᠡ ᠶᠢ ᠰᠠᠶᠢᠲᠤᠷ ᠰᠣᠩᠭᠤᠨ ᠲᠤᠬᠢᠷᠠᠭᠤᠯᠵᠤ᠂ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠰᠢᠨ᠎ᠡ ᠪᠠᠶᠢᠳᠠᠯ ᠢ ᠪᠤᠢ ᠪᠤᠯᠭᠠᠪᠠ᠃ 3 ᠰᠠᠷ᠎ᠠ ᠶᠢᠨ 12 ᠤᠨ ᠡᠳᠦᠷ᠂ ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠢᠨ ᠡᠪᠯᠡᠯ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ᠂ ᠰᠢᠨ᠎ᠡ ᠨᠢᠭᠡ ᠬᠤᠭᠤᠴᠠᠭᠠᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠬᠢᠵᠦ᠂ ᠳᠥᠷᠪᠡᠨ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠴᠥᠮ ᠱᠠᠭᠠᠷᠳᠠᠯᠭ᠎ᠠ ᠶᠣᠰᠣᠭᠠᠷ ᠡᠪᠯᠡᠯ ᠤᠨ ᠡᠭᠦᠷ ᠤᠨ ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠ ᠲᠠᠢ  ᠪᠡᠶᠡᠯᠡᠬᠦᠯᠪᠡ᠃ ᠲᠣᠰ ᠤᠳᠠᠭᠠᠨ ᠤ ᠡᠯ᠎ᠡ ᠨᠡᠶᠢᠭᠡᠮ ᠲᠣᠭᠤᠷᠢᠭ ᠤᠨ ᠰᠣᠩᠭᠤᠭᠤᠯᠢ ᠳᠤ ᠪᠣᠶ ᠪᠣᠯᠤᠭᠰᠠᠨ ᠡᠪᠯᠡᠯ ᠤᠨ ᠡᠭᠦᠷ ᠤᠨ ᠱᠦᠵᠢ ᠶᠢᠨ ᠳᠤᠮᠳᠠᠴᠢ ᠨᠠᠰᠤ ᠨᠢ ᠪᠦᠬᠦᠯᠢ 29 ᠨᠠᠰᠤ ᠪᠠᠶᠢᠵᠤ᠂ ᠴᠥᠮ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠵᠤ᠂ ᠨᠠᠮ ᠤᠨ ᠭᠡᠰᠢᠭᠦᠨ 100% ᠶᠢ ᠡᠵᠡᠯᠡᠨ᠎ᠡ᠃
   ᠲᠣᠰ ᠤᠳᠠᠭᠠᠨ ᠤ ᠡᠪᠯᠡᠯ ᠤᠨ ᠡᠭᠦᠷ ᠤᠨ ᠭᠡᠰᠢᠭᠦᠳ ᠤᠨ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠤᠷᠠᠯᠳᠤᠭᠠᠨ ᠢ ᠤᠷᠤᠭᠰᠢᠲᠠᠶ ᠬᠤᠷᠠᠯᠳᠤᠭᠤᠯᠤᠭᠰᠠᠨ ᠨᠢ ᠡᠪᠯᠡᠯ ᠤᠨ ᠡᠭᠦᠷ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠢᠶᠠᠷ ᠪᠠᠷᠠᠬᠤ ᠥᠬᠡᠶ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠠᠵᠢᠯ ᠤᠨ ᠬᠠᠯᠠᠭᠤᠨ ᠰᠡᠳᠬᠢᠯᠭᠡ ᠶᠢ ᠬᠦᠢᠴᠡᠳ ᠳᠠᠶᠢᠴᠢᠯᠠᠨ ᠵᠣᠷᠢᠭᠵᠢᠭᠤᠯᠵᠤ᠂ ᠮᠠᠨ ᠤ ᠵᠡᠭᠡᠯᠢ ᠭᠤᠳᠤᠮᠵᠢ ᠶᠢᠨ ᠡᠪᠯᠡᠯ ᠤᠨ ᠵᠣᠬᠢᠶᠠᠨ ᠪᠠᠶᠢᠭᠤᠯᠤᠯᠲᠠ ᠪᠠ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃                ᠵᠣᠬᠢᠶᠠᠭᠴᠢ᠄ ᠠᠵᠤ ᠦᠢᠯᠡᠳᠪᠦᠷᠢ ᠶᠢᠨ ᠲᠣᠭᠤᠷᠢᠭ ᠤᠨ ᠬᠡᠷᠡᠭ ᠡᠷᠬᠢᠯᠡᠬᠦ ᠭᠠᠵᠠᠷ            ᠤᠷᠴᠢᠭᠤᠯᠤᠬᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3