| 3 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠤᠯᠤᠰ ᠤᠨ | ᠡᠮ ᠤᠨ ᠲᠦᠩ ᠮᠸᠢ ᠶᠡᠷᠦᠩᠬᠡᠶ ᠡᠮᠨᠡᠯᠭᠡ ᠶᠢᠨ ᠬᠤᠷᠢᠶ᠎ᠠ ᠪᠤᠯᠤᠨ ᠹᠧᠩᠵᠧᠨ ᠬᠤᠲᠠ ᠶᠢᠨ ᠡᠮ ᠡᠮᠨᠡᠯᠭᠡ ᠶᠢᠨ | ᠬᠠᠮᠲᠤᠷᠠᠯᠴᠠᠭᠠᠨ ᠤ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | | ᠤᠯᠤᠰ ᠤᠨ ᠡᠮ ᠤᠨ ᠲᠦᠩ ᠮᠸᠢ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠠᠩ ᠵᠢᠢ ᠴᠧᠨ᠂ | ᠤᠯᠤᠰ ᠤᠨ ᠡᠮ ᠤᠨ ᠲᠦᠩ ᠮᠸᠢ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ᠂ ᠤᠯᠤᠰ ᠤᠨ ᠡᠮ ᠤᠨ ᠲᠦᠩ ᠮᠸᠢ | ᠶᠡᠷᠦᠩᠬᠡᠢ ᠡᠮᠨᠡᠯᠭᠡ ᠶᠢᠨ ᠬᠤᠷᠢᠶᠠᠨ ᠤ ᠳᠠᠷᠤᠭ᠎ᠠ ᠮᠠ ᠳ᠋ᠦᠩ ᠵᠡᠷᠭᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠠᠷ | ᠰᠠᠭᠤᠳᠠᠯ ᠤᠨ ᠬᠤᠷᠠᠯ ᠳᠤ ᠣᠷᠣᠯᠴᠠᠪᠠ᠃ | ᠮᠠᠨ ᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ | ᠠᠯᠪᠠᠨ ᠬᠡᠷ ᠤᠨ ᠡᠷᠬᠢᠯᠡᠭᠴᠢ᠂ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠱᠢ ᠬᠦᠶ ᠵᠢᠶᠦ᠋ᠨ᠂ | ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠣᠣ ᡁᠢ ᠵᠢᠶᠧ ᠵᠢᠴᠢ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠨᠡᠯᠭᠡ ᠶᠢᠨ ᠬᠤᠷᠢᠶ᠎ᠠ᠂ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ | ᠬᠤᠷᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠰᠠᠭᠤᠳᠠᠯ ᠤᠨ ᠬᠤᠷᠠᠯ ᠳᠤ | ᠣᠷᠣᠯᠴᠠᠪᠠ᠃ | ᠰᠠᠭᠤᠳᠠᠯ ᠤᠨ ᠬᠤᠷᠠᠯ ᠳᠡᠭᠡᠷ᠎ᠡ᠂ ᠸᠠᠩ ᠵᠧᠨ ᠬᠠᠢ ᠤᠯᠤᠰ ᠤᠨ ᠡᠮ ᠤᠨ ᠲᠦᠩ ᠮᠸᠢ ᠺᠣᠮᠫᠠᠨᠢ ᠶᠢᠨ ᠶᠠᠩ ᠵᠢᠢ | ᠴᠧᠨ ᠨᠡᠷ ᠲᠤ ᠮᠠᠨ ᠤ ᠬᠤᠳᠠ ᠶᠢᠨ ᠦᠨᠳᠦᠰᠦᠨ ᠪᠠᠶᠢᠳᠠᠯ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ | ᠬᠥᠭᠵᠢᠯᠲᠡ ᠶᠢᠨ ᠣᠳᠣᠬᠢ ᠪᠠᠶᠢᠳᠠᠯ ᠢ ᠲᠣᠪᠴᠢ ᠲᠠᠨᠢᠯᠴᠠᠭᠤᠯᠪᠠ᠃ ᠮᠠᠨ ᠤ ᠬᠤᠲᠠ ᠶᠢᠨ ᠡᠮᠨᠡᠯᠭᠡ ᠶᠢᠨ ᠬᠤᠷᠢᠶ᠎ᠠ | ᠪᠣᠯᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ | ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ᠂ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠥᠲᠥᠭᠡᠨ | ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠲᠠᠨᠢᠯᠴᠠᠭᠤᠯᠪᠠ᠃ | ᠶᠠᠩ ᠵᠢᠶ ᠴᠧᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠠᠴᠠ ᠨᠠᠰᠢ ᠹᠧᠩᠵᠧᠨ ᠬᠤᠲᠠ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠪᠦᠲᠦᠮᠵᠢᠲᠡᠶ ᠠᠵᠢᠯ ᠬᠢᠵᠦ᠂ ᠢᠯᠠᠩᠭᠤᠶ᠎ᠠ ᠰᠤᠷᠭᠠᠨ ᠬᠥᠮᠦᠵᠢᠯ ᠪᠣᠯᠤᠨ | ᠡᠮ ᠡᠮᠨᠡᠯᠭᠡ ᠶᠢᠨ ᠪᠠᠲᠤᠯᠠᠭ᠎ᠠ ᠶᠢᠨ ᠲᠠᠯ᠎ᠠ ᠪᠠᠷ ᠰᠤᠷᠤᠯᠴᠠᠭᠤᠰᠢᠲᠠᠶ ᠪᠥᠭᠡᠳ ᠯᠠᠪᠯᠠᠯᠲᠠ ᠪᠤᠯᠵᠦ ᠲᠡᠶᠢᠯᠦᠨ᠎ᠡ᠃ | ᠺᠣᠮᠫᠠᠨᠢ ᠥᠩᠭᠡᠷᠡᠭᠰᠡᠨ ᠲᠠᠢ ᠪᠠᠨ ᠠᠳᠠᠯᠢ ᠪᠠᠷ ᠹᠧᠩᠵᠧᠨ ᠬᠤᠲᠠ ᠯᠤᠭ᠎ᠠ ᠶᠢᠨ ᠨᠡᠪᠲᠡᠷᠡᠯᠴᠡᠭᠡ ᠬᠠᠮᠲᠤᠷᠠᠯᠴᠠᠭ᠎ᠠ ᠪᠠᠨ | ᠴᠢᠩᠭᠠᠳᠬᠠᠵᠤ᠂ ᠺᠣᠮᠫᠠᠨᠢ ᠶᠢᠨ ᠡᠮ ᠡᠮᠨᠡᠯᠭᠡ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠠᠵᠤ ᠦᠢᠯᠡᠰ ᠵᠡᠷᠭᠡ | ᠲᠠᠯ᠎ᠠ ᠶᠢᠨ ᠲᠤᠰᠬᠠᠶ ᠮᠡᠷᠭᠡᠵᠢᠯ ᠵᠢᠴᠢ ᠡᠵᠡᠩᠨᠡᠯᠲᠡ ᠬᠠᠮᠢᠶᠠᠷᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ | ᠂ ᠹᠧᠩᠵᠧᠨ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠦᠵᠡᠭᠦᠯᠪᠡᠰᠦ | ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ | | ᠸᠠᠩ ᠵᠧᠨ ᠬᠠᠢ ᠢᠯᠡᠷᠭᠡᠶᠢᠯᠡᠭᠰᠡᠨ ᠨᠢ᠂ ᠹᠧᠩᠵᠧᠨ ᠬᠤᠳᠠ ᠬᠢᠭᠡᠳ ᠲᠦᠩ ᠮᠸᠢ ᠺᠣᠮᠫᠠᠨᠢ ᠯᠤᠭ᠎ᠠ ᠶᠢᠨ ᠡᠮ | ᠡᠮᠨᠡᠯᠭᠡ ᠡᠷᠡᠭᠦᠯ ᠬᠠᠮᠠᠭᠠᠯᠠᠯ ᠤᠨ ᠲᠠᠯ᠎ᠠ ᠪᠠᠷ ᠬᠢ ᠬᠠᠮᠲᠤᠷᠠᠯᠴᠠᠭ᠎ᠠ ᠶᠢᠨ ᠠᠯᠤᠰ ᠢᠷᠡᠭᠡᠳᠦᠢ ᠥᠷᠭᠡᠨ ᠠᠭᠤᠳᠠᠮ | ᠪᠠᠶᠢᠵᠤ᠂ ᠯᠡᠪᠳᠡᠢ ᠶᠡᠭᠡ ᠦᠢᠯᠡᠰ ᠢ ᠪᠦᠲᠦᠭᠡᠵᠦ ᠳᠡᠶᠢᠯᠦᠨ᠎ᠡ᠃ ᠤᠯᠤᠰ ᠤᠨ ᠡᠮ ᠤᠨ ᠲᠦᠩ ᠮᠸᠢ ᠺᠣᠮᠫᠠᠨᠢ ᠲᠤᠰ | ᠪᠡᠶ᠎ᠡ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠦᠨ ᠳᠠᠪᠬᠤᠷᠭ᠎ᠠ ᠶᠢᠨ ᠡᠮ | ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠤ ᠦᠢᠯᠡᠰ ᠤᠨ ᠬᠠᠮᠲᠤᠷᠠᠯᠴᠠᠨ ᠬᠥᠭᠵᠢᠬᠦ ᠠᠷᠭ᠎ᠠ ᠵᠠᠮ ᠢ | ᠴᠢᠨᠠᠭᠰᠢᠳᠠ ᠥᠷᠭᠡᠳᠬᠡᠵᠦ᠂ ᠹᠧᠩᠵᠧᠨ ᠬᠤᠳᠠ ᠶᠢᠨ ᠥᠷᠭᠡᠨ ᠤᠯᠠᠨ ᠠᠷᠠᠳ ᠲᠦᠮᠡᠨ ᠤ ᠪᠡᠶ᠎ᠡ ᠮᠠᠬᠠᠪᠣᠳ ᠤᠨ | ᠡᠷᠡᠭᠦᠯ ᠮᠡᠨᠳᠦ ᠳᠤ ᠨᠡᠩ ᠪᠦᠬᠦ ᠲᠠᠯ᠎ᠠ ᠶᠢᠨ᠂ ᠴᠢᠨᠠᠷ ᠰᠠᠶᠢᠲᠠᠢ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠶᠢ | ᠬᠦᠰᠡᠵᠦ ᠪᠠᠶᠢᠨ᠎ᠠ᠃ | ᠰᠠᠭᠤᠳᠠᠯ ᠤᠨ ᠬᠤᠷᠠᠯ ᠠᠴᠠ ᠡᠮᠦᠨ᠎ᠡ᠂ ᠮᠠᠨ ᠤ ᠬᠤᠲᠠ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠪᠣᠯᠤᠨ | ᠤᠯᠤᠰ ᠤᠨ ᠡᠮ ᠤᠨ ᠲᠦᠩ ᠮᠸᠢ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠰᠠ ᠬᠤᠲᠠ ᠶᠢᠨ | ᠡᠮᠨᠡᠯᠭᠡ ᠶᠢᠨ ᠬᠤᠷᠢᠶᠠᠨ ᠤ ᠰᠢᠨ᠎ᠡ ᠡᠮᠨᠡᠯᠭᠡ ᠶᠢᠨ ᠬᠤᠷᠢᠶᠠᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ | ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠪᠡ᠃ | ᠨᠠᠶᠢᠷᠠᠭᠤᠯᠤᠭᠴᠢ᠄ ᠯᠢ ᠰᠧ ᠾᠦᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |