| ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠠᠯᠠᠭᠠᠨ ᠲᠡᠭᠡᠷ᠎ᠡ | ᠭᠦᠢᠴᠡᠳᠭᠡᠬᠦ﹀ ᠠᠵᠢᠯ ᠢ ᠪᠦᠬᠦ ᠲᠠᠯ᠎ᠠ ᠪᠠᠷ ᠠᠬᠢᠭᠤᠯᠬᠤ ᠶᠢ ᠬᠡᠷᠡᠭᠵᠢᠭᠦᠯᠬᠦ ᠲᠥᠰᠦᠯ︾ ᠤᠨ ᠲᠥᠷᠥ ᠶᠢᠨ | ᠪᠣᠳᠣᠯᠭ᠎ᠠ ᠶᠢᠨ ᠲᠣᠪᠴᠢ ᠲᠣᠳᠣᠷᠬᠠᠶ ᠠᠰᠠᠭᠤᠯᠲᠠ ᠬᠠᠷᠢᠭᠤᠯᠲᠠ | ᠨᠢᠭᠡ᠂ ᠶᠠᠭᠤᠨ ᠳᠤ ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ︾ ᠲᠥᠰᠦᠯ ᠢ ᠲᠤᠭᠳᠠᠭᠠᠭᠰᠠᠨ | ᠪᠣᠶ︖ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢᠨ ᠡᠷᠴᠢᠮ ᠬᠦᠴᠦᠨ ᠢ ᠲᠦᠯᠬᠢᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ | ᠪᠣᠳᠠᠲᠠᠶ ᠬᠡᠷᠡᠭᠴᠡᠭᠡ ᠳᠤ ᠰᠠᠭᠤᠷᠢᠯᠠᠨ᠂ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠵᠢᠮᠡᠯ ᠦᠵᠦᠭᠦᠷ ᠳᠠᠰᠢ | ᠤᠷᠲᠤᠳᠬᠠᠬᠤ ᠶᠢ ᠦᠷᠭᠦᠯᠵᠢᠯᠡᠨ ᠠᠬᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠳᠡᠮᠵᠢ ᠶᠢᠨ | ᠲᠥᠷᠥᠭᠳᠡᠯ ᠢ ᠨᠡᠮᠡᠭᠳᠡᠭᠦᠯᠵᠦ᠂ ᠠᠷᠠᠳ ᠲᠦᠮᠡᠨ ᠰᠡᠳᠬᠢᠯ ᠬᠠᠨᠤᠮᠵᠢᠲᠠᠶ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠣᠷᠳᠣᠨ ᠢ ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ﹀ ᠠᠵᠢᠯ ᠢ ᠪᠦᠬᠦ | ᠲᠠᠯ᠎ᠠ ᠪᠠᠷ ᠠᠬᠢᠭᠤᠯᠬᠤ ᠶᠢ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃ | ᠬᠤᠶᠠᠷ᠂ ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ︾ ᠭᠡᠳᠡᠭ ᠨᠢ ᠶᠠᠭᠤ ᠪᠤᠶ︖ | ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭᠠᠴᠢᠯᠠᠭᠰᠠᠨ ᠬᠡᠯᠪᠡᠷᠢ ᠶᠢᠨ ᠬᠤᠪᠢᠷᠠᠯᠳᠠ ᠶᠢᠨ ᠴᠢᠬᠤᠯᠠ | ᠦᠢᠯᠡᠳᠦᠯᠭᠡ ᠶᠢᠨ ᠦᠷ᠎ᠡ ᠪᠦᠲᠦᠭᠡᠯ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ᠬᠠᠮᠲᠤ ᠪᠠᠷ | ᠪᠠᠶᠢᠭᠤᠯᠵᠤ ᠬᠠᠮᠲᠤ ᠪᠠᠷ ᠬᠡᠷᠡᠭᠯᠡᠭᠰᠡᠨ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ︵︽ | ᠮᠥᠩᠬᠡ ᠰᠤᠪᠠᠭ᠂ ᠠᠯᠠᠭᠠᠨ ᠲᠡᠭᠡᠷ᠎ᠡ ᠭᠦᠢᠴᠡᠳᠭᠡᠬᠦ︾ APP ᠭᠡᠵᠦ ᠲᠣᠪᠴᠢᠯᠠᠨ᠎ᠠ︶ ᠢ ᠵᠢᠭᠠᠵᠤ ᠪᠣᠶ᠂ | ᠡᠭᠦᠨ ᠳᠤ ᠰᠢᠯᠵᠢᠮᠡᠯ ᠦᠵᠦᠭᠦᠷ ᠤᠨ ᠬᠡᠷᠡᠭᠯᠡᠭᠡᠨ ᠵᠢᠴᠢ ᠵᠢᠵᠢᠭ ᠫᠷᠤᠭ᠍ᠷᠠᠮ ᠢ ᠪᠠᠭᠲᠠᠭᠠᠨ᠎ᠠ᠃ ︽ᠮᠥᠩᠬᠡ ᠰᠤᠪᠠᠭ · | ᠠᠯᠠᠭᠠᠨ ᠲᠡᠭᠡᠷ᠎ᠡ ᠭᠦᠢᠴᠡᠳᠭᠡᠬᠦ︾ ᠠᠵᠢᠯ ᠢ ᠠᠬᠢᠭᠤᠯᠬᠤ ᠶᠢᠨ ᠵᠣᠷᠢᠯᠭ᠎ᠠ ᠨᠢ ᠣᠯᠠᠨ ᠲᠦᠮᠡᠨ ᠪᠠ ᠠᠵᠤ | ᠠᠬᠤᠶᠢᠯᠠᠯ ᠤᠨ ᠠᠵᠢᠯ ᠶᠠᠪᠤᠳᠠᠯ ᠬᠦᠢᠴᠡᠳᠭᠡᠭᠦ ᠳᠤ ︽ᠨᠢᠭᠡ ᠥᠷᠲᠡᠭᠡ ᠮᠠᠶ᠋ᠢᠭ︾ ᠤᠨ ᠠᠯᠠᠭᠠᠨ ᠳᠡᠭᠡᠷ᠎ᠡ ᠪᠠᠶᠢᠴᠠᠭᠠᠨ | ᠯᠠᠪᠯᠠᠬᠤ᠂ ᠠᠯᠠᠭᠠᠨ ᠳᠡᠭᠡᠷ᠎ᠡ ᠤᠷᠢᠳᠴᠢᠯᠠᠨ ᠪᠣᠯᠵᠣᠬᠤ᠂ ᠠᠯᠠᠭᠠᠨ ᠳᠡᠭᠡᠷ᠎ᠡ ᠬᠦᠢᠴᠡᠳᠭᠡᠭᠦ᠂ ᠠᠯᠠᠭᠠᠨ ᠳᠡᠭᠡᠷ᠎ᠡ | ᠦᠨᠡᠯᠡᠬᠦ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢᠨ ᠲᠥᠯᠥᠭᠡ ᠶᠤᠮ᠃ | ᠡᠭᠦᠨ ᠤ ᠬᠠᠮᠲᠤ᠂ ︽ᠮᠥᠩᠬᠡ ᠰᠤᠪᠠᠭ︾ APP ᠪᠠᠰᠠ ᠠᠷᠠᠳ ᠲᠤ ᠲᠥᠬᠦᠮ ᠦᠵᠡᠭᠦᠯᠬᠦ ᠣᠯᠠᠨ ᠵᠦᠶ᠋ᠯ ᠤᠨ | ᠦᠢᠯᠡᠴᠢᠯᠡᠭᠡ ᠬᠠᠩᠭᠠᠵᠤ᠂ ᠣᠯᠠᠨ ᠲᠦᠮᠡᠨ ᠢ ᠬᠡᠷ ᠠᠴᠠ ᠪᠠᠨ ᠭᠠᠷᠬᠤ ᠥᠬᠡᠶ ᠪᠠᠷ ᠠᠮᠢᠳᠤᠷᠠᠯ ᠤᠨ ᠲᠥᠬᠦᠮ ᠢ | ᠪᠦᠷᠢᠨ ᠡᠳ᠋ᠯᠡᠬᠦ ᠪᠤᠯᠭᠠᠨ᠎ᠠ᠃ ᠠᠵᠤ ᠠᠬᠤᠶᠢᠯᠠᠯ ᠣᠯᠠᠨ ᠲᠦᠮᠡᠨ ︽ᠮᠥᠩᠬᠡ ᠰᠤᠪᠠᠭ︾ APP ᠶᠢ ᠪᠠᠭᠤᠯᠭᠠᠬᠤ | ᠪᠤᠶᠤ ᠸᠢᠴᠠᠲ᠂ ᡁᠢ ᠹᠦ᠋ ᠪᠤᠤ ᠵᠢᠵᠢᠭ ᠫᠷᠤᠭ᠍ᠷᠠᠮ ᠳᠤ ᠨᠡᠪᠳᠡᠷᠡᠬᠦ ᠪᠠᠷ ᠲᠠᠮᠵᠢᠨ᠂ ᠠᠳᠠᠯᠢ ᠪᠤᠰᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ︵ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡ | ᠪᠠᠭᠲᠠᠨ᠎ᠠ︶ ᠢ ᠦᠨᠳᠦᠰᠦᠯᠡᠨ᠂ 24 ᠴᠠᠭ ᠤᠨ ︽ᠠᠯᠠᠭᠠᠨ ᠳᠡᠭᠡᠷᠡᠬᠢ︾ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠠᠩᠭᠠᠵᠤ᠂ ᠴᠣᠩᠬᠤᠪᠴᠢ ᠳᠤ ᠬᠦᠷᠴᠦ ︽ᠭᠦᠶᠦᠯᠭᠡᠬᠦ︾ ᠠᠵᠢᠯ ᠶᠠᠪᠤᠳᠠᠯ ᠬᠦᠢᠴᠡᠳᠭᠡᠭᠦ ᠳᠠᠷᠤᠭᠠᠰᠤ ᠶᠢ | ᠶᠡᠭᠡ ᠪᠠᠷ ᠬᠥᠩᠭᠡᠷᠡᠭᠦᠯᠬᠦ ᠪᠣᠯᠤᠨ᠎ᠠ᠃ | ᠭᠤᠷᠪᠠ᠂ ︽ᠮᠥᠩᠬᠡ ᠰᠤᠪᠠᠭ · ᠠᠯᠠᠭᠠᠨ ᠲᠡᠭᠡᠷ᠎ᠡ ᠭᠦᠢᠴᠡᠳᠭᠡᠬᠦ︾ ᠨᠢ ᠠᠵᠤ ᠠᠬᠤᠶᠢᠯᠠᠯ ᠣᠯᠠᠨ | ᠲᠦᠮᠡᠨ ᠳᠤ ᠬᠡᠷᠬᠢᠨ ᠳᠥᠭᠦᠮ ᠦᠵᠡᠭᠦᠯᠬᠦ ᠪᠤᠶ︖ | ᠣᠳᠣᠬᠠᠨ ᠳᠤ᠂ ︽ᠮᠥᠩᠬᠡ ᠰᠤᠪᠠᠭ︾ APP ᠨᠢᠭᠡᠨᠲᠡ ᠪᠥᠬᠦ ᠣᠷᠣᠨ ᠤ ᠡᠯ᠎ᠡ ᠱᠠᠲᠤᠨ ᠤ 5000 | ᠭᠠᠷᠤᠶ ᠰᠠᠯᠠᠭ᠎ᠠ ᠮᠥᠴᠢᠷ ᠤᠨ 10 ᠲᠦᠮᠡ ᠰᠢᠬᠠᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠨᠡᠶᠢᠲᠡᠯᠡᠵᠦ᠂ ᠬᠡᠰᠡᠭ ᠵᠦᠢᠯᠡᠰ ᠨᠢ ᠨᠢᠭᠡᠨᠳᠡ ᠪᠠᠶᠢᠴᠠᠭᠠᠨ ᠯᠠᠪᠯᠠᠬᠤ᠂ ᠤᠷᠢᠳᠴᠢᠯᠠᠨ ᠪᠣᠯᠵᠣᠬᠤ᠂ ᠬᠦᠢᠴᠡᠳᠭᠡᠭᠦ ᠪᠠ | ᠦᠨᠡᠯᠡᠬᠦ ᠦᠢᠯᠡᠴᠢᠯᠡᠭᠡ ᠶᠢ ᠳᠡᠮᠵᠢᠪᠡ᠃ ᠡᠨᠡ ᠬᠦ ᠰᠠᠭᠤᠷᠢᠨ ᠳᠡᠭᠡᠷ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ | ᠤ ᠬᠡᠷᠡᠭᠯᠡᠯᠲᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ 500 ᠭᠠᠷᠤᠶ ᠵᠦᠢᠯ ᠤᠨ ᠬᠡᠷᠡᠭᠯᠡᠭᠡᠨ ᠤ | ᠦᠢᠯᠡᠴᠢᠯᠡᠭᠡ ᠶᠢ ᠰᠦᠯᠵᠢᠶᠡᠨ ᠳᠤ ᠭᠠᠷᠭᠠᠵᠤ᠂ 16 ᠲᠥᠷᠥᠯ ᠤᠨ ᠡᠯᠧᠺᠲᠷᠣᠨ ᠦᠨᠡᠮᠯᠡᠯ ᠤᠨ ᠪᠠᠶᠢᠴᠠᠭᠠᠨ | ᠯᠠᠪᠯᠠᠬᠤ᠂ ᠲᠠᠨᠢᠵᠤ ᠠᠪᠬᠤ ᠦᠢᠯᠡᠴᠢᠯᠡᠭᠡ ᠶᠢ ᠬᠠᠩᠭᠠᠵᠤ᠂ ᠲᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠣᠯᠠᠨ | ᠲᠦᠮᠡᠨ ᠤ ᠡᠯ᠎ᠡ ᠲᠥᠷᠥᠯ ᠤᠨ ᠠᠵᠢᠯ ᠶᠠᠪᠤᠳᠠᠯ ᠬᠦᠢᠴᠡᠳᠭᠡᠭᠦ ᠭᠤᠭᠴᠤᠭ᠎ᠠ ᠵᠢᠴᠢ ᠠᠳᠠᠯᠢ ᠪᠤᠰᠤ ᠲᠠᠯᠠᠪᠤᠷ ᠲᠠᠬᠢ | ᠺᠣᠳ᠋ ᠰᠢᠷᠪᠢᠵᠦ ᠭᠡᠷᠡᠴᠢ ᠭᠠᠷᠭᠠᠬᠤ ᠳᠤ ᠲᠤᠯᠭᠠᠭᠤᠷᠢᠯᠠᠯ ᠬᠠᠩᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠠᠵᠠᠷ | ᠤᠨ ᠵᠢᠷᠤᠭ︾ ︽ᠣᠶᠤᠨᠴᠢ ᠠᠰᠠᠭᠤᠯᠲᠠ ᠬᠠᠷᠢᠭᠤᠯᠲᠠ︾ ᠵᠡᠷᠭᠡ ᠠᠷᠠᠳ ᠲᠤ ᠲᠥᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠠᠯᠢ ᠣᠯᠠᠨ ᠴᠢᠳᠠᠮᠵᠢ ᠶᠢᠨ ᠬᠡᠷᠡᠭᠯᠡᠯᠲᠡ ᠶᠢ ᠵᠠᠯᠭᠠᠭ᠎ᠠ ᠪᠠᠷ ᠭᠠᠷᠭᠠᠵᠤ᠂ ᠪᠥᠬᠦ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢᠨ ᠬᠡᠮᠵᠢᠶ᠎ᠡ ᠶᠢ ᠪᠦᠲᠦᠮᠵᠢᠲᠡᠶ | ᠳᠡᠭᠡᠭᠰᠢᠯᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠭᠦ ᠳᠤ ᠬᠦᠴᠢᠷᠲᠡᠶ᠂ ᠠᠵᠢᠯ | ᠶᠠᠪᠤᠳᠠᠯ ᠬᠦᠢᠴᠡᠳᠭᠡᠭᠦ ᠳᠤ ᠤᠳᠠᠭᠠᠨ᠂ ᠠᠵᠢᠯ ᠶᠠᠪᠤᠳᠠᠯ ᠬᠦᠢᠴᠡᠳᠭᠡᠭᠦ ᠳᠤ ᠶᠠᠷᠰᠢᠭᠲᠠᠶ ᠵᠡᠷᠭᠡ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠤᠨ᠎ᠠ᠃ | ᠳᠥᠷᠪᠡ᠂ ︽ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ︾ ᠠᠵᠢᠯ ᠢ ᠬᠡᠷᠬᠢᠨ ᠲᠦᠯᠬᠢᠨ ᠠᠬᠢᠭᠤᠯᠬᠤ | ᠪᠤᠶ︖ | ᠨᠢᠭᠡ ᠳᠤ᠂ ᠴᠤᠭᠯᠠᠷᠠᠭᠤᠯᠤᠨ ᠨᠢᠭᠡᠳᠭᠡᠬᠦ ᠶᠢ ᠦᠷᠭᠦᠯᠵᠢᠯᠡᠨ ᠠᠬᠢᠭᠤᠯᠤᠨ᠎ᠠ᠃ ᠠᠵᠤ ᠠᠬᠤᠶᠢᠯᠠᠯ᠂ ᠣᠯᠠᠨ | ᠲᠦᠮᠡᠨ ᠳᠤ ᠬᠠᠨᠳᠤᠭᠤᠯᠤᠭᠰᠠᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠵᠦᠢᠯᠡᠰ ᠵᠢᠴᠢ ᠬᠠᠮᠢᠶ᠎ᠠ ᠪᠥᠬᠦᠶ ᠬᠡᠷᠡᠭᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭᠠᠨ | ᠤ ᠪᠠᠶᠢᠳᠠᠯ ᠢ ᠪᠥᠬᠦ ᠲᠠᠯ᠎ᠠ ᠪᠠᠷ ᠡᠮᠬᠢᠯᠡᠵᠦ᠂ ᠠᠰᠢᠭᠯᠠᠵᠤ ᠪᠣᠯᠬᠤ ᠮᠡᠳᠡᠭᠡ ᠵᠠᠩᠭᠢᠴᠢᠯᠠᠯᠳᠠ ᠶᠢᠨ ᠡᠬᠢ ᠪᠠᠶᠠᠯᠢᠭ ᠤᠨ | ᠨᠠᠷᠢᠨ ᠬᠠᠭᠤᠳᠠᠰᠤ ᠶᠢ ᠪᠦᠷᠢᠯᠳᠦᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠵᠠᠯᠭᠠᠰᠤ ᠶᠢᠨ ᠬᠠᠭᠤᠳᠠᠰᠤ ᠶᠢ | ᠨᠡᠭᠡᠭᠡᠨ ᠬᠥᠭᠵᠢᠭᠦᠯᠬᠦ ᠶᠢ ᠠᠬᠢᠭᠤᠯᠬᠤ᠂ ᠮᠠᠰᠢ ᠣᠯᠠᠨ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠲᠠᠷᠬᠠᠵᠦ ᠪᠠᠶᠢᠭ᠎ᠠ ᠰᠦᠯᠵᠢᠶ᠎ᠡ ᠪᠠᠷ ᠠᠵᠢᠯ ᠶᠠᠪᠤᠳᠠᠯ ᠭᠦᠶ᠋ᠴᠡᠳᠬᠡᠬᠦ | ᠦᠶ᠋ᠯᠡᠴᠢᠯᠡᠭᠡᠨ ᠤ ᠣᠷᠣᠬᠤ ᠡᠭᠦᠳᠡ ᠵᠢᠴᠢ ᠥᠨᠳᠥᠷ ᠳᠠᠪᠲᠠᠮᠵᠢᠲᠤ ᠬᠡᠷᠡᠭᠯᠡᠯᠲᠡ ᠶᠢ ᠪᠦᠯᠦᠭ ᠬᠤᠪᠢᠶᠠᠨ | ᠬᠤᠭᠤᠴᠠᠭ᠎ᠠ ᠠᠯᠤᠰᠠᠯᠵᠦ ︽ᠮᠥᠩᠬᠡ ᠰᠤᠪᠠᠭ︾ APP ᠳᠤ ᠣᠷᠣᠭᠤᠯᠤᠨ᠎ᠠ᠃ | ᠬᠤᠶᠠᠷ ᠲᠤ᠂ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠡᠷᠡᠭᠯᠡᠭᠴᠢ ᠶᠢᠨ | ᠬᠡᠷᠡᠭᠴᠡᠭᠡ ᠱᠠᠭᠠᠷᠳᠠᠯᠭ᠎ᠠ ᠶᠢᠨ ᠡᠭᠦᠳᠡᠨ ᠠᠴᠠ ᠡᠭᠦᠰᠴᠦ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ | ᠬᠦᠢᠴᠡᠳᠭᠡᠭᠦ ᠡᠮᠵᠡᠭ ᠭᠠᠵᠠᠷ᠂ ᠲᠦᠪᠡᠭᠲᠡᠢ ᠠᠰᠠᠭᠤᠠᠯ ᠢ ᠤᠨᠢᠯᠠᠨ᠂ ᠡᠯ᠎ᠡ ᠨᠢᠭᠡᠴᠡ ᠶᠢᠨ ᠦᠢᠯᠡᠴᠢᠯᠡᠭᠡᠨ ᠤ | ᠠᠭᠤᠯᠭ᠎ᠠ ᠶᠢ ᠠᠭᠤᠰᠤᠯᠴᠠᠭᠤᠯᠤᠨ᠂ ᠬᠡᠷᠡᠭᠴᠡᠭᠡ ᠱᠠᠭᠠᠷᠳᠠᠯᠭ᠎ᠠ ᠲᠣᠭᠲᠠᠭᠠᠬᠤ ᠶᠢ ᠭᠦᠨᠵᠡᠭᠡᠶᠢᠷᠡᠭᠦᠯᠵᠦ᠂ ᠠᠵᠢᠯ | ᠶᠠᠪᠤᠳᠠᠯ ᠬᠦᠢᠴᠡᠳᠭᠡᠭᠦ ᠲᠠᠯᠠᠪᠤᠷ ᠢᠶᠠᠷ ᠭᠤᠤᠯ ᠱᠤᠭᠤᠮ ᠪᠣᠯᠭᠠᠨ᠂ ᠠᠩᠬᠠᠷᠤᠮᠵᠢ ᠦᠨᠳᠦᠷ ᠵᠦᠶ᠋ᠯᠡᠰ ᠲᠤ | ᠴᠢᠭᠯᠡᠭᠦᠯᠦᠨ ᠥᠨᠳᠥᠷ ᠳᠠᠪᠲᠠᠮᠵᠢᠲᠤ ᠭᠤᠤᠯ ᠰᠡᠳᠦᠪᠲᠦ ᠦᠶ᠋ᠯᠡᠴᠢᠯᠡᠭᠡᠨ ᠤ ᠲᠤᠰᠬᠠᠶ ᠲᠣᠭᠤᠷᠢᠭ ᠢ | ᠪᠠᠶᠢᠷᠢᠯᠠᠭᠤᠯᠤᠨ᠎ᠠ᠃ | ᠭᠤᠷᠪᠠ ᠳᠤ᠂ ᠪᠦᠬᠦᠯᠢ ᠴᠣᠭᠴᠠ ᠶᠢᠨ ᠪᠣᠷᠣ ᠲᠥᠯᠥᠪ ᠢ ᠲᠦᠷᠭᠡᠪᠴᠢᠯᠡᠨ ᠰᠢᠯᠢᠳᠡᠭᠵᠢᠭᠦᠯᠦᠨ᠎ᠡ᠃ ᠮᠥᠩᠬᠡ | ᠰᠤᠪᠠᠭ APP ᠶᠢᠨ ᠲᠥᠯᠥᠪᠵᠢᠭᠦᠯᠭᠡ ᠶᠢᠨ ᠬᠡᠪ ᠤᠨ ᠦᠭᠡᠷᠡᠴᠢᠯᠡᠯᠳᠡ ᠶᠢ ᠠᠬᠢᠭᠤᠯᠵᠤ᠂ ᠨᠠᠩ ᠰᠢᠨᠵᠢᠯᠡᠬᠦ | ᠤᠬᠠᠭᠠᠨᠴᠢ ᠪᠥᠭᠡᠳ ᠪᠦᠷᠢᠨ ᠪᠦᠲᠦᠨ ᠪᠤᠯᠤᠩ ᠤᠨ ᠪᠦᠲᠦᠴᠡ᠂ ᠠᠭᠤᠯᠭ᠎ᠠ ᠶᠢᠨ ᠪᠠᠶᠢᠷᠢᠰᠢᠭᠤᠯᠤᠯᠲᠠ᠂ | ᠴᠢᠳᠠᠮᠵᠢ ᠶᠢᠨ ᠰᠢᠰᠲ᠋ᠧᠮᠵᠢ ᠪᠠ ᠬᠠᠭᠤᠳᠠᠰᠤ ᠶᠢᠨ ᠵᠢᠷᠤᠭ ᠲᠥᠯᠥᠪᠯᠡᠭᠡ ᠶᠢ ᠪᠠᠶᠢᠭᠤᠯᠵᠤ᠂ ︽ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠭᠠᠵᠠᠷ ᠤᠨ ᠵᠢᠷᠤᠭ︾ ︽ᠣᠶᠤᠨᠴᠢ ᠠᠰᠠᠭᠤᠯᠲᠠ᠂ ᠣᠶᠤᠨᠴᠢ ᠬᠠᠷᠢᠭᠤᠯᠲᠠ᠂ | ᠣᠶᠤᠨᠴᠢ ᠬᠠᠶᠢᠯᠲᠠ᠂ ᠣᠶᠤᠨᠴᠢ ᠭᠦᠢᠴᠡᠳᠭᠡᠯ︾ ᠵᠡᠷᠭᠡ ᠰᠢᠯᠵᠢᠮᠡᠯ ᠣᠶᠤᠨᠴᠢ ᠵᠠᠰᠠᠭ ᠤᠨ ᠶᠠᠪᠤᠳᠠᠯ ᠤᠨ | ᠴᠢᠳᠠᠮᠵᠢ ᠶᠢ ᠵᠦᠢᠴᠢᠯᠡᠨ ᠭᠠᠷᠭᠠᠵᠤ᠂ ᠠᠵᠤ ᠠᠬᠤᠶᠢᠯᠠᠯ ᠣᠯᠠᠨ ᠲᠦᠮᠡᠨ ᠳᠤ ᠣᠶᠤᠨᠴᠢᠯᠠᠭᠰᠠᠨ᠂ ᠣᠨᠣᠪᠴᠢᠯᠠᠭᠰᠠᠨ | ᠂ ᠥᠪᠡᠷᠮᠢᠴᠡᠵᠢᠭᠰᠡᠨ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠬᠦᠷᠭᠡᠬᠦ ᠪᠤᠯᠤᠨ᠎ᠠ᠃ | ᠲᠠᠪᠤ᠂ ︽ᠮᠥᠩᠬᠡ ᠰᠤᠪᠠᠭ · ᠠᠯᠠᠭᠠᠨ ᠳᠡᠭᠡᠷ᠎ᠡ ᠭᠦᠢᠴᠡᠳᠬᠡᠬᠦ︾ ᠶᠢ ᠬᠡᠷᠬᠢᠨ ᠬᠡᠷᠡᠭᠯᠡᠬᠦ ᠪᠤᠢ︖ | | | | ᠪᠡᠯᠡᠳᠭᠡᠭᠰᠡᠨ ᠨᠢ᠄ ᠼᠦᠢ ᠶᠢᠩ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ |