︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ﹀ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠣᠪᠴᠢ ᠲᠣᠳᠣᠷᠬᠠᠢ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2021/3/15
   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ﹀ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠣᠪᠴᠢ ᠲᠣᠳᠣᠷᠬᠠᠢ ᠠᠰᠠᠭᠤᠯᠲᠠ ᠬᠠᠷᠢᠭᠤᠯᠲᠠ   ᠨᠢᠭᠡ᠂ ᠶᠠᠭᠤᠨ ᠳᠤ ︽ᠮᠥᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ︾ ᠶᠢᠨ ᠲᠥᠰᠦᠯ ᠢ ᠲᠣᠭᠲᠠᠭᠠᠭᠰᠠᠨ ᠪᠤᠶ︖   ᠮᠡᠳᠡᠭᠡ ᠵᠠᠩᠭᠢ ᠶᠢᠨ ᠮᠡᠷᠭᠡᠵᠢᠯ ᠤᠨ ᠲᠣᠭᠠᠴᠢᠯᠠᠯᠲᠠ᠂ ᠰᠦᠯᠵᠢᠶᠡᠵᠢᠯᠲᠡ᠂ ᠤᠶᠤᠨᠴᠢᠯᠠᠯᠳᠠ ᠶᠢᠨ ᠬᠥᠭᠵᠢᠯᠲᠡ ᠶᠢ ᠳᠠᠭᠠᠯᠳᠤᠨ᠂ ᠤᠯᠠᠨ ᠲᠦᠮᠡᠨ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠠᠷᠭ᠎ᠠ ᠬᠡᠯᠪᠡᠷᠢ ᠪᠠᠰᠠ ᠮᠠᠰᠢ ᠶᠡᠭᠡ ᠬᠤᠪᠢᠷᠠᠯᠲᠠ ᠭᠠᠷᠴᠤ᠂ ᠦᠢᠯᠡᠴᠢᠯᠡᠭᠡᠨ ᠤ ᠬᠡᠯᠪᠡᠷᠢ ᠨᠡᠩ ᠤᠯᠠᠨ ᠡᠰᠢᠴᠢᠯᠡᠭᠰᠡᠨ᠂ ᠳᠥᠭᠦᠮᠴᠢᠯᠡᠭᠰᠡᠨ᠂ ᠤᠶᠤᠨᠴᠢᠯᠠᠬᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠪᠦᠬᠦ ᠬᠦᠴᠦᠨ ᠢᠶᠠᠷ ᠢᠶᠠᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠠᠶᠢᠭᠤᠯᠤᠯᠲᠠ ᠶᠢ ᠠᠬᠢᠭᠤᠯᠵᠤ᠂ ︽ᠮᠥᠩᠬᠡ ᠰᠤᠪᠠᠭ︾ ᠶᠢᠨ ᠦᠢᠯᠡᠴᠢᠯᠡᠬᠡᠨ ᠤ ᠨᠠᠷᠠᠲᠤ ᠲᠡᠮᠳᠡᠭᠲᠦ ᠶᠢ ᠪᠦᠲᠦᠭᠡᠨ ᠪᠠᠶᠢᠭᠤᠯᠣᠨ᠂ ᠪᠥᠬᠦ ᠣᠷᠣᠨ ᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ ᠳᠠᠬᠢᠨ ᠵᠣᠬᠢᠶᠠᠬᠤ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠠᠬᠢᠭᠤᠯᠤᠨ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠬᠠᠮᠵᠢᠯᠴᠠᠨ ᠭᠦᠢᠴᠡᠳᠭᠡᠵᠦ᠂ ᠶᠡᠷᠦᠩᠬᠡᠶᠢᠯᠡᠨ ᠬᠠᠮᠢᠶᠠᠷᠣᠭᠰᠠᠨ ᠨᠢᠭᠡ ᠴᠣᠭᠴᠠᠵᠢᠭᠤᠯᠣᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠦᠭᠦᠯᠵᠦ᠂ ᠠᠷᠠᠳ ᠣᠯᠠᠨ ᠢ ᠢᠨᠲ᠋ᠧᠷ ᠰᠦᠯᠵᠢᠶ᠎ᠡ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠰᠠᠶᠢᠨ ᠢᠶᠠᠷ ᠬᠠᠮᠲᠦ ᠡᠳ᠋ᠯᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ﹀ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠥᠰᠦᠯ︾ ᠢ ᠲᠣᠭᠲᠠᠭᠠᠪᠠ᠃    ᠬᠤᠶᠠᠷ᠂ ︽ᠮᠥᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ︾ ᠨᠢ ᠠᠵᠤ ᠠᠬᠤᠶᠢᠯᠠᠯ ᠣᠯᠠᠨ ᠲᠦᠮᠡᠨ ᠳᠤ ᠬᠡᠷᠬᠢᠨ ᠲᠥᠬᠦᠮ ᠦᠵᠡᠭᠦᠯᠬᠦ ᠪᠣᠶ︖    ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠬᠦᠢᠴᠡᠳᠭᠡᠭᠦ ᠳᠤ ︽ᠣᠯᠠᠨ ᠡᠭᠦᠳᠡ︾ ᠠᠴᠠ ︽ᠨᠢᠭᠡ ᠡᠭᠦᠳᠡ︾ ᠪᠣᠯᠭᠠᠨ ᠬᠤᠪᠢᠷᠠᠭᠤᠯᠬᠤ᠂ ︽ᠣᠯᠠᠨ ᠴᠣᠩᠬᠤᠪᠴᠢ︾ ᠠᠴᠠ ︽ᠨᠢᠭᠡ ᠴᠣᠩᠬᠤᠪᠴᠢ︾ ᠪᠣᠯᠭᠠᠨ ᠬᠤᠪᠢᠷᠠᠭᠤᠯᠬᠤ᠂ ︽ᠰᠠᠯᠠᠭ᠎ᠠ ᠮᠥᠴᠢᠷ ᠢ ᠡᠷᠢᠬᠦ︾ ᠪᠠᠶᠢᠭᠰᠠᠨ ᠠᠴᠠ ︽ᠵᠠᠰᠠᠭ  ᠤᠨ ᠣᠷᠳᠣᠨ ᠢ ᠡᠷᠢᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠰᠦᠯᠵᠢᠶᠡᠨ ᠳᠡᠭᠡᠷ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠦᠯᠵᠢᠶᠡᠨ ᠳᠡᠭᠡᠷ᠎ᠡ ᠬᠦᠢᠴᠡᠳᠭᠡᠵᠦ ᠪᠣᠯᠬᠤ᠂ ᠰᠦᠯᠵᠢᠶᠡᠨ ᠳᠡᠭᠡᠷ᠎ᠡ ᠬᠦᠢᠴᠡᠳᠭᠡᠭᠦ ᠳᠤ ᠬᠢᠯᠪᠠᠷ᠂ ᠰᠦᠯᠵᠢᠶᠡᠨ ᠳᠡᠭᠡᠷ᠎ᠡ ᠬᠦᠢᠴᠡᠳᠭᠡᠭᠦ ᠳᠤ ᠠᠮᠠᠷᠬᠠᠨ ᠪᠠᠶᠢᠬᠤ ᠶᠢ ᠪᠡᠶᠡᠯᠡᠭᠦᠯᠵᠦ᠂ 1 ᠠᠴᠠ 2 ᠵᠢᠯ ᠤᠨ ᠬᠤᠭᠤᠴᠠᠭᠠᠨ ᠳᠤ᠂ 90 % ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠭᠦᠢᠴᠡᠳᠬᠡᠬᠦ︾  ᠶᠢ ᠪᠡᠶᠡᠯᠡᠭᠦᠯᠬᠦ ᠪᠠᠷ ᠴᠢᠷᠮᠠᠶᠢᠨ᠎ᠠ᠃ ᠰᠦᠯᠵᠢᠶᠡᠨ ᠭᠠᠳᠠᠨ᠎ᠠ᠂ ᠡᠯ᠎ᠡ ᠰᠠᠯᠠᠭ᠎ᠠ ᠮᠥᠴᠢᠷ ᠲᠤ ᠲᠠᠷᠬᠠᠵᠤ ᠪᠠᠶᠢᠭ᠎ᠠ ᠦᠢᠯᠡᠴᠢᠯᠡᠬᠡᠨ ᠤ ᠴᠣᠩᠬᠤᠪᠴᠢ ᠶᠢ ᠠᠯᠬᠤᠮ ᠠᠯᠬᠤᠮ ᠢᠶᠠᠷ ᠡᠮᠬᠢᠯᠡᠨ ᠨᠡᠶᠢᠯᠡᠭᠦᠯᠵᠦ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠪᠣᠯᠭᠠᠵᠤ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠦᠢᠯᠡᠴᠢᠯᠡᠭᠡᠨ ᠤ ᠬᠡᠯᠪᠡᠷᠢ ᠢ ᠬᠡᠷᠡᠭᠵᠢᠭᠦᠯᠦᠨ᠎ᠡ᠃   ᠭᠤᠷᠪᠠ᠂ ︽ᠮᠥᠩᠬᠡ ᠰᠤᠪᠠᠭ · ᠨᠢᠭᠡ ᠰᠦᠯᠵᠢᠶ᠎ᠡ ᠪᠠᠷ ᠭᠦᠢᠴᠡᠳᠬᠡᠬᠦ︾ ᠠᠵᠢᠯ ᠢ ᠬᠡᠷᠬᠢᠨ ᠠᠬᠢᠭᠤᠯᠬᠤ ᠪᠤᠶ︖    ᠨᠢᠭᠡ ᠳᠤ᠂ ᠦᠶ᠋ᠯᠡᠴᠢᠯᠡᠭᠡᠨ ᠤ ᠵᠦᠶ᠋ᠯᠡᠰ ᠤᠨ ᠪᠠᠷᠢᠮᠵᠢᠶ᠎ᠠ ᠶᠢ ᠨᠢᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠠᠷᠢᠮᠵᠢᠶᠠᠵᠢᠭᠤᠯᠣᠯᠲᠠ ᠶᠢ ᠠᠬᠢᠭᠤᠯᠵᠤ᠂ ᠺᠣᠮᠫᠢᠦ᠋ᠲ᠋ᠧᠷ᠂ ᠭᠠᠷ ᠤᠲᠠᠰᠤ᠂ ᠴᠣᠩᠬᠤᠪᠴᠢ᠂ ᠠᠦ᠋ᠲ᠋ᠣ᠋ ᠮᠠᠰᠢᠨ᠂ ᠲᠧᠯᠸᠢᠰ ᠵᠡᠷᠭᠡ ᠵᠠᠮ ᠮᠥᠷ ᠤᠨ ᠠᠵᠢᠯ ᠶᠠᠪᠤᠳᠠᠯ ᠬᠦᠢᠴᠡᠳᠭᠡᠭᠦ ᠵᠦᠭᠯᠡᠭᠦᠷ ᠲᠤᠭ᠎ᠠ ᠪᠠᠷᠢᠮᠲᠠ ᠶᠢ ᠠᠳᠠᠯᠢ ᠰᠤᠷᠪᠤᠯᠵᠢ ᠲᠠᠢ ᠪᠣᠯᠬᠤ ᠶᠢ ᠠᠬᠢᠭᠤᠯᠵᠣ᠂ ᠪᠠᠷᠢᠮᠵᠢᠶᠠᠵᠢᠭᠤᠯᠣᠯᠲᠠ ᠪᠠᠷ ᠭᠥᠯᠢᠶᠡᠨ ᠠᠪᠴᠤ ᠰᠢᠢᠳᠪᠦᠷᠢᠯᠡᠨ᠂ ᠵᠢᠷᠣᠮᠵᠢᠭᠤᠯᠣᠯᠲᠠ ᠪᠠᠷ ᠭᠦᠢᠴᠡᠳᠭᠡᠨ᠎ᠡ᠃   ᠬᠤᠶᠠᠷ ᠲᠤ᠂ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠲᠠᠪᠴᠠᠩ ᠢ ᠨᠢᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠲᠣ ᠶᠢᠨ ᠪᠠᠶᠢᠭ᠎ᠠ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠭᠦᠨᠵᠡᠭᠡᠶ ᠠᠭᠤᠰᠤᠯᠴᠠᠬᠤ ᠶᠢ ᠠᠬᠢᠭᠤᠯᠤᠨ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ  ᠬᠦᠢᠴᠡᠳᠭᠡᠭᠦ᠂ ᠶᠡᠷᠦᠩᠬᠡᠶᠢᠯᠡᠨ ᠬᠠᠮᠢᠶᠠᠷᠬᠤ ᠶᠢ ᠪᠡᠶᠡᠯᠡᠭᠦᠯᠦᠨ᠎ᠡ᠃ 2021 ᠣᠨ ᠤ ᠰᠡᠭᠦᠯᠴᠢ ᠠᠴᠠ ᠡᠮᠦᠨ᠎ᠡ᠂ ᠣᠨᠴᠠᠯᠢᠭᠲᠤ ᠬᠡᠷᠡᠭᠯᠡᠭᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠤ ᠵᠠᠯᠭᠠᠨ ᠣᠷᠣᠭᠤᠯᠬᠤ ᠶᠢ 150 ᠠᠴᠠ ᠳᠤᠲᠠᠭᠤ ᠥᠬᠡᠶ ᠪᠠᠶᠢᠯᠭᠠᠨ᠎ᠠ᠃   ᠭᠤᠷᠪᠠ ᠳᠤ᠂ ᠡᠭᠴᠡ ᠰᠢᠰᠲ᠋ᠧᠮ ᠤᠨ ᠵᠠᠯᠭᠠᠯᠲᠠ ᠶᠢ ᠨᠢᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 14 ᠰᠠᠯᠠᠭ᠎ᠠ ᠮᠥᠴᠢᠷ ᠤᠨ 41 ᠲᠤᠬᠠᠶᠢᠯᠠᠭᠰᠠᠨ ᠠᠵᠢᠯ ᠤᠨ ᠰᠢᠰᠲ᠋ᠧᠮ ᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠵᠣᠯᠭᠠᠭᠤᠯᠬᠤ ᠶᠢ ᠠᠬᠢᠭᠤᠯᠵᠤ᠂ ᠰᠦᠯᠵᠢᠶ᠎ᠡ᠂ ᠲᠤᠭ᠎ᠠ ᠪᠠᠷᠢᠮᠲᠠ᠂ ᠲᠤᠬᠠᠶᠢᠯᠠᠭᠰᠠᠨ ᠠᠵᠢᠯ ᠪᠠ ᠬᠡᠷᠡᠭᠯᠡᠭᠴᠢ ᠶᠢᠨ ᠰᠢᠰᠲ᠋ᠧᠮᠵᠢ ᠯᠦᠭᠡ ᠵᠣᠯᠭᠠᠭᠤᠯᠬᠤ ᠪᠠᠷ ᠳᠠᠮᠵᠢᠭᠤᠯᠤᠨ᠂ ᠬᠥᠨᠳᠡᠯᠡᠨ ᠢᠶᠠᠷ ᠰᠢᠰᠲ᠋ᠧᠮ ᠤᠨ ᠬᠠᠷᠢᠯᠴᠠᠨ ᠬᠤᠯᠪᠣᠬᠤ᠂ ᠭᠤᠯᠳᠤ ᠪᠠᠷ ᠲᠤᠭ᠎ᠠ ᠪᠠᠷᠢᠮᠲᠠ ᠨᠡᠪᠲᠡᠷᠡᠭᠦᠯᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠨᠢᠭᠡ ᠰᠦᠯᠵᠢᠶ᠎ᠡ  ᠪᠠᠷ ᠨᠡᠶᠢᠳᠡᠮ ᠭᠦᠢᠴᠡᠳᠭᠡᠨ᠎ᠡ︾᠃   ᠳᠥᠷᠪᠡ ᠳᠤ᠂ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢ ᠨᠢᠭᠡᠳᠬᠡᠨ᠎ᠡ᠃ ᠪᠥᠬᠦ ᠣᠷᠣᠨ ᠳᠤ ︽ᠶᠡᠷᠦᠩᠬᠡᠶᠢᠯᠡᠭᠰᠡᠨ ᠨᠢᠭᠡ ᠴᠣᠩᠬᠤᠪᠴᠢ  ᠪᠠᠷ ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠤᠨ ᠬᠡᠷᠡᠭᠯᠡᠯᠲᠡ ᠶᠢ ᠬᠡᠷᠡᠭᠵᠢᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ  ᠳᠤ ︽ᠡᠮᠦᠨ᠎ᠡ ᠲᠠᠪᠴᠠᠩ ᠳᠤ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠦᠢᠴᠡᠳᠭᠡᠭᠦ᠂ ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ︽ᠶᠡᠷᠦᠩᠬᠡᠶᠢᠯᠡᠭᠰᠡᠨ ᠨᠢᠭᠡ ᠴᠣᠩᠬᠤᠪᠴᠢ︾᠂ ︽ᠪᠥᠬᠦ ᠣᠷᠣᠨ ᠳᠤ ᠨᠡᠶᠢᠳᠡᠮ ᠬᠦᠢᠴᠡᠳᠭᠡᠭᠦ︾᠂ ︽ᠮᠤᠵᠢ ᠠᠯᠤᠰᠯᠠᠨ ᠨᠡᠶᠢᠳᠡᠮ ᠬᠦᠢᠴᠡᠳᠭᠡᠭᠦ ︾  ᠦᠢᠯᠡᠴᠢᠯᠡᠭᠡ ᠬᠡᠷᠡᠭᠵᠢᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠢ ᠬᠠᠩᠭᠠᠨ᠎ᠠ᠃    ᠲᠠᠪᠤ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ ᠢ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ᠥᠪᠡᠰᠦᠪᠡᠨ ᠲᠤᠰᠬᠠᠶ ᠰᠦᠯᠵᠢᠶ᠎ᠡ ᠪᠠᠶᠢᠭᠤᠯᠬᠤ ᠪᠠ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠬᠠᠷᠢᠯᠴᠠᠨ ᠬᠤᠯᠪᠣᠭᠠᠯᠠᠨ ᠨᠡᠪᠲᠡᠷᠡᠯᠴᠡᠵᠦ᠂ ᠥᠪᠡᠷᠲᠡᠭᠡᠨ ᠵᠠᠰᠠᠬᠤ ᠣᠷᠣᠨ  ᠤ ᠰᠠᠯᠠᠭ᠎ᠠ ᠮᠥᠴᠢᠷ ᠤᠨ ᠡᠭᠴᠡ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠬᠢᠭᠡᠳ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠭᠥᠯᠢᠶᠡᠨ ᠠᠪᠴᠤ ᠰᠢᠢᠳᠪᠦᠷᠢᠯᠡᠭᠰᠡᠨ ᠲᠤᠭ᠎ᠠ ᠪᠠᠷᠢᠮᠲᠠ᠂ ᠲᠤᠰᠢᠶᠠᠭᠰᠠᠨ ᠮᠠᠲ᠋ᠧᠷᠢᠶᠠᠯ᠂ ᠠᠵᠢᠯ ᠶᠠᠪᠤᠳᠠᠯ  ᠬᠦᠢᠴᠡᠳᠭᠡᠭᠰᠡᠨ ᠠᠬᠢᠴᠠ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠰᠣᠯᠢᠯᠴᠠᠨ ᠬᠠᠮᠲᠣ ᠡᠳ᠋ᠯᠡᠬᠦ ᠶᠢ ᠪᠡᠶᠡᠯᠡᠭᠦᠯᠦᠨ᠎ᠡ᠃   ᠵᠢᠷᠭᠤᠭ᠎ᠠ ᠳᠤ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢ ᠤᠷᠳᠣᠳᠬᠠᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠥᠷᠪᠡᠨ ᠱᠠᠲᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠬᠥᠨᠳᠡᠯᠡᠨ ᠭᠤᠯᠳᠤ ᠪᠠᠷ ᠪᠥᠷᠬᠦᠭᠦᠯᠵᠦ᠂ ︽ᠡᠮᠬᠢᠯᠡᠨ ᠨᠡᠶᠢᠯᠡᠭᠦᠯᠬᠦ ᠪᠣᠯ ᠵᠠᠷᠴᠢᠮ᠂ ᠥᠨᠥᠴᠢᠨ ᠰᠦᠯᠵᠢᠶ᠎ᠡ ᠪᠣᠯ‌ᠤᠨᠴᠠᠭᠠᠢ ᠪᠠᠶᠢᠳᠠᠯ︾ ᠭᠡᠬᠦ ᠵᠠᠷᠴᠢᠮ ᠢᠶᠠᠷ ᠬᠠᠷᠢᠯᠴᠠᠨ ᠬᠤᠯᠪᠣᠭᠠᠯᠠᠨ ᠬᠠᠷᠢᠯᠴᠠᠨ ᠨᠡᠪᠲᠡᠷᠡᠯᠴᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠰᠠᠭᠤᠷᠢ ᠲᠤᠯᠭᠠᠭᠤᠷᠢᠯᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠠ᠃   ᠳᠣᠯᠤᠭ᠎ᠠ ᠳᠤ᠂ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠪᠠᠷ ᠬᠠᠮᠲᠣ ᠡᠳ᠋ᠯᠡᠬᠦ ᠶᠢ ᠠᠬᠢᠭᠤᠯᠤᠨ᠎ᠠ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠲᠣᠮᠣ ᠳ᠋ᠠᠶᠢᠲ᠋ᠠ ᠶᠢᠨ ᠲᠥᠪ ᠢᠶᠠᠷ ᠳᠠᠮᠵᠢᠭᠤᠯᠤᠨ᠂ ᠬᠡᠷᠡᠭᠯᠡᠯᠲᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠲᠤᠭ᠎ᠠ ᠪᠠᠷᠢᠮᠲᠠ ᠶᠢ ᠬᠡᠷᠡᠭᠴᠡᠭᠡ ᠶᠣᠰᠣᠭᠠᠷ ᠬᠠᠮᠲᠤ ᠡᠳ᠋ᠯᠡᠬᠦ᠂ ᠡᠮᠬᠢ ᠵᠢᠷᠤᠮ ᠲᠠᠢ ᠨᠡᠭᠡᠭᠡᠯᠲᠡ ᠬᠢᠬᠦ ᠶᠢ ᠠᠬᠢᠭᠤᠯᠤᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠲᠤᠭ᠎ᠠ ᠪᠠᠷᠢᠮᠲᠠ ᠶᠢ ᠬᠠᠮᠲᠤ ᠡᠳ᠋ᠯᠡᠬᠦ ᠬᠡᠷᠡᠭᠴᠡᠭᠡ ᠱᠠᠭᠠᠷᠳᠠᠯᠭ᠎ᠠ ᠪᠠ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠬᠡᠷᠡᠭᠴᠡᠭᠡ ᠶᠢ ᠪᠦᠲᠦᠮᠵᠢᠲᠡᠶ ᠬᠠᠩᠭᠠᠨ᠎ᠠ᠃   ᠨᠠᠢᠮᠠ ᠳᠤ᠂ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠬᠡᠨ᠎ᠡ᠃ 2021 ᠣᠨ ᠤ ᠰᠡᠭᠦᠯᠴᠢ ᠠᠴᠠ ᠡᠮᠦᠨ᠎ᠡ ᠨᠢᠭᠡᠳᠦᠯᠲᠡᠶ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠡᠭᠦᠳᠡ ᠡᠷᠦᠬᠡ ᠶᠢᠨ ᠬᠠᠮᠤᠷᠬᠤ ᠬᠡᠪᠴᠢᠶ᠎ᠡ ᠶᠢ 100 % ᠳᠤ ᠬᠦᠷᠦᠭᠦᠯᠦᠨ᠎ᠡ᠃ 2021 ᠣᠨ ᠤ ᠰᠡᠭᠦᠯᠴᠢ ᠠᠴᠠ ᠡᠮᠦᠨ᠎ᠡ ᠨᠢᠭᠡᠳᠦᠯᠲᠡᠶ ᠪᠡᠶ᠎ᠡ ᠭᠠᠷᠤᠯ ᠤᠨ ᠭᠡᠷᠡᠴᠢᠯᠡᠭᠡ ᠶᠢᠨ ᠰᠢᠰᠲ᠋ᠧᠮ ᠤᠨ ᠬᠤᠲᠠ ᠪᠠᠯᠭᠠᠰᠤ ᠶᠢᠨ ᠬᠥᠮᠦᠨ ᠠᠮᠠ ᠶᠢᠨ ᠳᠡᠩᠰᠡᠯᠡᠯᠲᠡ ᠶᠢᠨ ᠨᠣᠷᠮ᠎ᠠ ᠶᠢ 85 % ᠠᠴᠠ ᠳᠡᠭᠡᠭᠰᠢ ᠳᠤ ᠬᠦᠷᠦᠭᠦᠯᠵᠦ᠂ ᠠᠵᠤ ᠠᠬᠤᠶᠢᠯᠠᠯ ᠤᠨ ᠳᠡᠩᠰᠡᠯᠡᠯᠲᠡ ᠶᠢᠨ ᠨᠣᠷᠮ᠎ᠠ ᠶᠢ 70 % ᠠᠴᠠ ᠳᠡᠭᠡᠭᠰᠢ ᠳᠤ ᠬᠦᠷᠦᠭᠦᠯᠦᠨ᠎ᠡ᠃ ᠰᠠᠯᠠᠭ᠎ᠠ ᠮᠥᠴᠢᠷ ᠤᠨ ᠡᠯᠧᠺᠲᠷᠣᠨ ᠦᠨᠡᠮᠯᠡᠯ ᠤᠨ ᠰᠢᠰᠲ᠋ᠧᠮ ᠢ ᠵᠣᠯᠭᠠᠭᠤᠯᠬᠤ ᠪᠠ ᠲᠤᠭ᠎ᠠ ᠪᠠᠷᠢᠮᠲᠠ ᠶᠢ ᠬᠠᠮᠲᠤ ᠡᠳ᠋ᠯᠡᠬᠦ ᠶᠢ ᠲᠦᠷᠭᠡᠳᠬᠡᠵᠦ᠂ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠤᠨ ᠬᠤᠯᠪᠣᠯᠲᠠ ᠶᠢᠨ 14 ᠲᠥᠷᠥᠯ ᠤᠨ ᠡᠯᠧᠺᠲᠷᠣᠨ ᠦᠨᠡᠮᠯᠡᠯ ᠢ ᠠᠵᠢᠯ ᠶᠠᠪᠤᠳᠠᠯ ᠬᠦᠢᠴᠡᠳᠭᠡᠭᠦ ᠶᠠᠪᠤᠴᠠ ᠳᠤ ᠲᠤᠰᠢᠶᠠᠬᠤ ᠠᠴᠠ ᠭᠡᠯᠳᠦᠷᠢᠭᠦᠯᠦᠨ᠎ᠡ᠃    ᠶᠢᠰᠦ ᠳᠤ᠂ ︽ᠰᠠᠶᠢᠨ ᠮᠠᠭᠤ ᠦᠨᠡᠯᠡᠯᠲᠡ︾ ᠶᠢᠨ ᠲᠦᠷᠢᠮ ᠢ ᠨᠢᠭᠡᠳᠬᠡᠨ᠎ᠡ᠃ ᠤᠤᠯ ᠤᠨ ᠵᠠᠰᠠᠭ ᠤᠨ ᠶᠠᠪᠤᠳᠠᠯ ‍ᠤᠨ‌ᠦᠢᠯᠡᠴᠢᠯᠡᠭᠡ ᠶᠢ ᠦᠨᠡᠯᠡᠬᠦ ᠠᠷᠭ᠎ᠠ ᠵᠠᠮ ᠢ ᠡᠮᠬᠢᠯᠡᠨ ᠨᠡᠶᠢᠯᠡᠭᠦᠯᠵᠦ᠂ ᠦᠢᠯᠡᠴᠢᠯᠡᠭᠡ ᠶᠢ ᠦᠨᠡᠯᠡᠬᠦ᠂ ᠴᠠᠭ ᠲᠤᠬᠠᠶ ᠳᠤᠨᠢ ᠳᠡᠭᠡᠭᠰᠢ ᠮᠡᠳᠡᠭᠦᠯᠬᠦ᠂ ᠮᠠᠭᠤ ᠦᠨᠡᠯᠡᠯᠲᠡ ᠢ ᠬᠠᠷᠢᠭᠤ ᠰᠤᠷᠪᠤᠯᠵᠢᠯᠠᠬᠤ᠂ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ ᠪᠥᠬᠦ ᠴᠤᠪᠤᠷᠠᠯ ᠳᠤ ᠪᠢᠲᠡᠭᠦᠮᠵᠢᠯᠡᠭᠰᠡᠨ ᠠᠵᠢᠯ ᠤᠨ ᠲᠣᠭᠲᠠᠴᠠ ᠶᠢ ᠪᠠᠶᠢᠭᠤᠯᠵᠤ᠂ ︽ᠰᠠᠶᠢᠨ ᠮᠠᠭᠤ ᠦᠨᠡᠯᠡᠯᠲᠡ︾  ᠶᠢᠨ ᠠᠷᠭ᠎ᠠ ᠵᠠᠮ ᠢ ᠪᠦᠷᠢᠨ ᠪᠥᠷᠬᠦᠭᠦᠯᠬᠦ᠂ ᠮᠡᠳᠡᠭᠡ ᠵᠠᠩᠭᠢ ᠶᠢ ᠪᠦᠷᠢᠨ ᠬᠤᠯᠪᠣᠭᠳᠠᠭᠤᠯᠬᠤ᠂ ᠲᠤᠭ᠎ᠠ ᠪᠠᠷᠢᠮᠲᠠ ᠶᠢ ᠪᠦᠷᠢᠨ ᠴᠤᠭᠯᠠᠭᠤᠯᠬᠤ᠂ ᠦᠷ᠎ᠡ ᠳ᠋ᠦᠩ ᠢ ᠪᠦᠷᠢᠨ ᠢᠯᠡ ᠪᠣᠯᠭᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠰᠢᠭ ᠭᠥᠷᠳᠡᠭᠰᠡᠨ ᠲᠥᠷᠥᠭᠳᠡᠯ ᠢ ᠴᠢᠩᠭᠠᠷᠠᠭᠤᠯᠤᠨ᠎ᠠ᠃    ᠳᠥᠷᠪᠡ᠂ ᠵᠠᠩᠭᠢᠯᠠᠭ᠎ᠠ ᠶᠢᠨ ᠦᠭᠡᠰ ᠤᠨ ᠲᠠᠶᠢᠯᠪᠦᠷᠢᠯᠡᠯᠲᠡ   ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠵᠦᠢᠯᠡᠰ᠄ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠪᠠᠭᠲᠠᠨ᠎ᠠ᠂ ᠡᠭᠦᠨ ᠳᠤ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠭᠡᠳᠡᠭ ᠨᠢ ᠭᠤᠤᠯᠳᠠᠭᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠣᠯᠭᠤᠨ ᠥᠭᠬᠦ᠂ ᠵᠠᠰᠠᠭ ᠵᠠᠬᠢᠷᠭᠠᠨ ᠤ ᠨᠤᠲᠠᠯᠠᠨ ᠵᠥᠪᠰᠢᠶᠡᠷᠡᠬᠦ᠂ ᠵᠠᠰᠠᠭ ᠵᠠᠬᠢᠷᠭᠠᠨ ᠤ ᠱᠠᠩᠨᠠᠯ ᠬᠥᠬᠢᠭᠦᠯᠦᠯ᠂ ᠵᠠᠰᠠᠭ ᠵᠠᠬᠢᠷᠭᠠᠨ ᠤ ᠲᠠᠰᠣᠯᠣᠯᠲᠠ᠂ ᠵᠠᠰᠠᠭ ᠵᠠᠬᠢᠷᠭᠠᠨ ᠤ ᠳᠡᠩᠰᠡᠯᠡᠯᠲᠡ ᠵᠡᠷᠭᠡ ᠭᠤᠶᠤᠴᠢᠯᠠᠬᠤ ᠲᠥᠷᠥᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠵᠢᠭᠠᠵᠤ ᠪᠣᠶ᠃ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠭᠡᠳᠡᠭ ᠨᠢ ᠭᠤᠤᠯᠳᠠᠭᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠠᠴᠠ ᠭᠠᠳᠠᠨ᠎ᠠ᠂ ᠠᠷᠠᠳ ᠢᠷᠭᠡᠨ᠂ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ ᠪᠠᠶᠢᠭᠤᠯᠤᠯᠲᠠ  ᠳᠤ ᠰᠢᠭᠤᠳ ᠬᠠᠨᠳᠤᠭᠤᠯᠤᠨ ᠬᠦᠢᠴᠡᠳᠭᠡᠭᠰᠡᠨ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ᠂ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ᠂ ᠬᠥᠳᠡᠯᠮᠦᠷᠢ ᠠᠵᠢᠯ ᠣᠯᠭᠤᠯᠲᠠ᠂ ᠰᠣᠶᠣᠯ ᠲᠠᠮᠢᠷ᠂ ᠤᠨᠴᠠᠭᠠᠢ ᠬᠥᠮᠦᠰ ᠤᠨ ᠪᠠᠲᠤᠯᠠᠭ᠎ᠠ ᠵᠡᠷᠭᠡ ᠢ ᠪᠠᠭᠲᠠᠭᠠᠭᠰᠠᠨ ᠡᠳᠦᠷ ᠲᠤᠲᠤᠮ ᠤᠨ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭᠳᠠᠬᠤ ᠠᠰᠢᠭ ᠣᠯᠭᠤᠬᠤ ᠴᠢᠨᠠᠷᠲᠠᠶ ᠪᠠ ᠦᠢᠯᠡᠴᠢᠯᠡᠭᠡᠨ ᠤ ᠴᠢᠨᠠᠷᠲᠠᠶ ᠵᠦᠢᠯᠡᠰ ᠢ ᠵᠢᠭᠠᠵᠤ ᠪᠣᠶ᠃   ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠳᠡ ᠡᠷᠦᠬᠡ᠂ ᠰᠢᠯᠵᠢᠮᠡᠯ ᠦᠵᠦᠭᠦᠷ᠂ ᠭᠤᠷᠪᠠᠳᠠᠬᠢ ᠡᠲᠡᠭᠡᠳ ᠤᠨ ᠢᠨᠲ᠋ᠧᠷ ᠰᠦᠯᠵᠢᠶᠡᠨ ᠳᠤ ᠣᠷᠣᠬᠤ ᠡᠭᠦᠳᠡ ᠵᠡᠷᠭᠡ ᠢᠨᠲ᠋ᠧᠷ ᠰᠦᠯᠵᠢᠶᠡᠨ ᠤ ᠦᠢᠯᠡᠴᠢᠯᠡᠬᠡᠨ ᠤ ᠠᠷᠭ᠎ᠠ ᠵᠠᠮ ᠢᠶᠠᠷ ᠳᠠᠮᠵᠢᠭᠤᠯᠤᠨ ᠬᠠᠩᠭᠠᠭᠰᠠᠨ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ᠎ᠠ᠃   ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ᠄ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠶᠡᠷᠦᠩᠬᠡᠶᠢᠯᠡᠭᠰᠡᠨ ᠪᠣᠳᠠᠲᠤ ᠴᠣᠭᠴᠠ ᠶᠢᠨ ᠲᠢᠩᠬᠢᠮ᠂ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠲᠢᠩᠬᠢᠮ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠡᠭ᠂ ᠠᠦ᠋ᠲ᠋ᠣ᠋ ᠦᠵᠦᠭᠦᠷ ᠵᠡᠷᠭᠡ ᠦᠢᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ᠂ ᠲᠤᠬᠠᠶ ᠶᠢᠨ ᠲᠠᠯᠠᠪᠠᠶ ᠳᠤ ᠬᠠᠩᠭᠠᠭᠰᠠᠨ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ᠎ᠠ᠃    ᠣᠨᠴᠠᠯᠢᠭᠲᠤ ᠬᠡᠷᠡᠭᠯᠡᠭᠡᠨ᠄ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠳᠤ ᠬᠠᠩᠭᠠᠭᠰᠠᠨ ᠡᠯ᠎ᠡ ᠲᠥᠷᠥᠯ ᠤᠨ ᠰᠦᠯᠵᠢᠶᠡᠨ ᠳᠡᠭᠡᠷ᠎ᠡ ᠲᠦᠷᠭᠡᠨ ᠦᠢᠯᠡᠴᠢᠯᠡᠭᠡ ᠶᠢ ᠵᠢᠭᠠᠵᠤ ᠪᠣᠶ ᠂ ᠵᠢᠱᠢᠶᠡᠯᠡᠪᠡᠯ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠯᠭ᠎ᠠ ᠶᠢᠨ ᠨᠠᠮᠲᠠᠷ ᠤᠨ ᠦᠨᠡᠮᠯᠡᠯ ᠢ ᠪᠠᠶᠢᠴᠠᠭᠠᠨ ᠯᠠᠪᠯᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠠᠶᠢᠴᠠᠭᠠᠨ ᠯᠠᠪᠯᠠᠬᠤ᠂ ᠮᠠᠰᠢᠨᠲᠤ ᠲᠡᠷᠭᠡᠨ ᠤ ᠰᠢᠯᠭᠠᠨ ᠪᠠᠶᠢᠴᠠᠭᠠᠯᠲᠠ ᠶᠢ ᠪᠣᠯᠵᠣᠬᠤ ᠵᠡᠷᠭᠡ ᠣᠨᠴᠠᠯᠢᠭᠲᠣ ᠡᠭᠦᠳᠡᠯᠲᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠡ᠃     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠲᠡ︾᠄ ᠠᠵᠤ ᠠᠬᠤᠶᠢᠯᠠᠯ ᠪᠠ ᠣᠯᠠᠨ ᠲᠦᠮᠡᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠪᠠᠶᠢᠭᠤᠯᠤᠮᠵᠢ ︵ᠶᠡᠭᠡ ᠲᠢᠩᠬᠢᠮ᠂ ᠲᠥᠪ᠂ ᠥᠷᠲᠡᠭᠡ ᠴᠡᠭ᠂ ᠴᠣᠩᠬᠤᠪᠴᠢ ᠵᠡᠷᠭᠡ ᠪᠠᠭᠲᠠᠨ᠎ᠠ︶᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ︵ᠲᠤᠬᠠᠶᠢᠯᠠᠭᠰᠠᠨ ᠠᠵᠢᠯ ᠤᠨ ᠰᠢᠰᠲ᠋ᠧᠮ᠂ ᠬᠠᠯᠠᠮᠰᠢᠯ ᠣᠲᠠᠰᠣ ᠶᠢᠨ ᠲᠠᠪᠴᠠᠩ᠂ ᠰᠢᠯᠵᠢᠮᠡᠯ ᠦᠢᠯᠡᠴᠢᠯᠡᠭᠡᠨ ᠤ ᠦᠵᠦᠭᠦᠷ᠂ ᠠᠦ᠋ᠲ᠋ᠣ᠋ ᠦᠵᠦᠭᠦᠷ ᠵᠡᠷᠭᠡ ᠪᠠᠭᠲᠠᠨ᠎ᠠ︶ ᠳᠤ ᠠᠵᠢᠯ ᠶᠠᠪᠤᠳᠠᠯ ᠬᠦᠢᠴᠡᠳᠭᠡᠭᠰᠡᠨ ᠤ ᠳᠠᠷᠠᠭ᠎ᠠ᠂ ᠴᠥᠮ  ᠦᠢᠯᠡᠴᠢᠯᠡᠭᠡᠨ ᠤ ᠵᠦᠢᠯᠡᠰ᠂ ᠠᠵᠢᠯ ᠶᠠᠪᠤᠳᠠᠯ ᠬᠦᠢᠴᠡᠳᠭᠡᠭᠦ ᠴᠤᠪᠤᠷᠠᠯ᠂ ᠦᠢᠯᠡᠴᠢᠯᠡᠭᠡᠨ ᠤ ᠵᠢᠷᠤᠮᠵᠢᠯ᠂  ᠦᠢᠯᠡᠴᠢᠯᠡᠭᠡᠨ ᠤ ᠶᠠᠰᠤ ᠴᠢᠨᠠᠷ ᠵᠡᠷᠭᠡ ᠲᠠᠯ᠎ᠠ ᠳᠤ ᠦᠨᠡᠯᠡᠯᠲᠡ ᠬᠢᠬᠦ ᠶᠢ ᠵᠢᠭᠠᠵᠤ ᠪᠣᠶ                   ᠪᠡᠯᠡᠳᠭᠡᠭᠰᠡᠨ ᠨᠢ᠄ ᠼᠦᠢ ᠶᠢᠩ           ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3