ᠬᠠᠪᠤᠷ ᠤᠨ ᠬᠤᠷ᠎ᠠ ᠮᠠᠨ ᠤ ᠬᠤᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠤ ᠠᠮᠢᠵᠢᠷᠠᠯ ᠤᠨ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/3/15
   3 ᠰᠠᠷ᠎ᠠ ᠶᠢᠨ 11 ᠤ ᠡᠳᠦᠷ ᠤᠨ ᠣᠷᠣᠶ᠂ ᠮᠠᠨ ᠤ ᠬᠤᠲᠠ ᠳᠤ ᠰᠢᠪᠡᠷᠡᠭᠡ ᠪᠣᠷᠣᠭᠠᠨ ᠣᠷᠣᠪᠠ᠃ ᠶᠡᠷᠦ ᠶᠢᠨ ᠦᠭᠡᠨ ᠳᠤ ︽ᠨᠢᠭᠡ ᠤᠳᠠᠭᠠᠨ ᠤ ᠬᠠᠪᠤᠷ ᠤᠨ ᠪᠣᠷᠣᠭᠠᠨ ᠨᠢᠭᠡ ᠤᠳᠠᠭᠠᠨ ᠤ ᠤᠷᠢᠨ ᠳᠤᠯᠠᠭᠠᠨ︾  ᠭᠡᠳᠡᠭᠴᠢᠯᠡᠨ᠂ ᠬᠠᠪᠤᠷ ᠤᠨ ᠠᠭᠤᠷ ᠠᠮᠢᠰᠬᠤᠯ ᠤᠯᠠᠮ ᠠᠴᠠ ᠤᠯᠠᠮ ᠥᠳᠬᠡᠷᠡᠵᠦ᠂ ᠠᠭᠠᠷ ᠤᠨ ᠳᠤᠯᠠᠭᠠᠨ ᠪᠣᠷᠣᠭᠠᠨ ᠤ ᠤᠰᠤᠨ ᠤ ᠬᠦᠷᠴᠦ ᠢᠷᠡᠬᠦ ᠶᠢ ᠳᠠᠭᠠᠯᠳᠤᠨ ᠠᠭᠠᠵᠢᠮ ᠢᠶᠠᠷ ᠲᠡᠭᠡᠭᠰᠢᠯᠡᠪᠡ᠃    ᠨᠢᠭᠡ ᠤᠳᠠᠭᠠᠨ ᠤ ᠬᠠᠪᠤᠷ ᠤᠨ ᠪᠣᠷᠣᠭᠠᠨ ᠨᠢ ᠬᠤᠲᠠ ᠶᠢᠨ ᠥᠨᠴᠥᠭ ᠪᠤᠯᠤᠩ ᠪᠦᠬᠦᠨ ᠢ ᠤᠮᠳᠠᠯᠠᠵᠤ᠂ ᠬᠥᠮᠦᠰ ᠲᠤ ᠰᠢᠨ᠎ᠡ ᠰᠣᠷᠭᠤᠭ ᠠᠭᠤᠷ ᠠᠮᠢᠰᠬᠤᠯ ᠪᠠ ᠬᠠᠪᠤᠷ ᠤᠨ ᠦᠨᠦᠷ ᠠᠮᠲᠠ ᠶᠢ ᠠᠪᠴᠢᠷᠠᠨ ᠥᠭᠴᠦ᠂ ᠬᠤᠲᠠ ᠶᠢᠨ ᠣᠷᠴᠢᠨ ᠲᠣᠭᠤᠷᠢᠨ ᠢ ᠴᠣ᠋ ᠰᠢᠨ᠎ᠡ ᠳᠦᠷᠰᠦ ᠪᠠᠶᠢᠳᠠᠯ ᠲᠠᠢ ᠪᠤᠯᠭᠠᠪᠠ᠃ ᠵᠠᠰᠠᠮᠠᠯ ᠵᠠᠮ ᠳᠡᠭᠡᠷ᠎ᠡ ᠲᠡᠷᠭᠡ ᠰᠦᠯᠵᠢᠯᠳᠦᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠴᠢᠳ ᠶᠠᠭᠠᠷᠠᠯᠳᠤᠵᠤ ᠡᠬᠢᠯᠡᠪᠡ᠃    ᠬᠥᠮᠦᠨ ᠠᠵᠢᠯᠴᠢ ᠪᠠᠶᠢᠪᠠᠯ ᠬᠠᠪᠤᠷ ᠤᠨ ᠴᠠᠭ ᠡᠷᠲᠡ ᠢᠷᠡᠳᠡᠭ᠂ ᠲᠦᠮᠡᠨ ᠶᠠᠪᠤᠳᠠᠯ ᠤᠨ ᠲᠡᠷᠢᠭᠦᠨ ᠳᠤ ᠲᠠᠷᠢᠶᠠᠯᠠᠩ ᠪᠠᠶᠢᠳᠠᠭ᠃ ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠴᠠᠭ  ᠪᠠᠶᠢᠵᠤ᠂ ᠬᠤᠷ᠎ᠠ ᠪᠤᠷᠤᠭᠠᠨ ᠲᠦᠮᠡᠨ ᠪᠣᠳᠠᠰ ᠢ ᠰᠡᠷᠢᠭᠡᠵᠦ᠂  ᠨᠢᠭᠡ ᠡᠪᠦᠯ ᠨᠤᠶᠢᠷᠠᠰᠤᠭᠰᠠᠨ ᠡᠭᠡ ᠭᠠᠵᠠᠷ ᠬᠠᠪᠤᠷ ᠤᠨ ᠠᠭᠤᠷ ᠠᠮᠢᠰᠬᠤᠯ ᠢ ᠠᠮᠢᠰᠬᠤᠵᠦ᠂ ᠬᠤᠷ᠎ᠠ ᠪᠤᠷᠤᠭᠠᠨ ᠤ ᠠᠮᠲᠠ ᠶᠢ ᠰᠢᠮᠡᠵᠦ ᠪᠠᠶᠢᠯ᠎ᠠ᠃ ᠡᠨᠡ ᠤᠳᠠᠭᠠᠨ ᠤ ᠪᠣᠷᠣᠭᠠᠨ ᠨᠢ ᠲᠠᠷᠢᠶᠠᠯᠠᠩ ᠤᠨ ᠦᠢᠯᠡᠳᠪᠦᠷᠢᠯᠡᠯ ᠳᠤ ᠲᠦᠢᠯ ᠤᠨ ᠰᠠᠶᠢᠨ ᠨᠥᠬᠦᠴᠡᠯ ᠢ ᠬᠠᠩᠭᠠᠭᠰᠠᠨ ᠪᠠᠶᠢᠨ᠎ᠠ᠃            ᠨᠠᠶᠢᠷᠠᠭᠤᠯᠤᠭᠴᠢ᠄ ᠯᠢ ᠰᠧ ᠾᠦᠢ            ᠤᠷᠴᠢᠭᠤᠯᠤᠭᠴᠢ᠄ ᠬᠠᠨ ᠰᠢᠶᠤᠤ ᠿᠦᠩ            ᠬᠢᠨᠠᠭᠴᠢ᠄ ᠼᠦᠢ ᠶᠢᠩ  
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3