| ᠤᠷᠢᠬᠠᠨ ᠬᠠᠪᠤᠷ ᠡᠬᠡ ᠭᠠᠵᠠᠷ ᠲᠤ ᠰᠠᠭᠠᠳᠤᠨ᠂ ᠲᠦᠮᠡᠨ ᠪᠣᠳᠠᠰ ᠠᠮᠢᠯᠠᠯ᠎ᠠ᠃ ᠪᠢᠯᠢᠭ ᠤᠨ ᠤᠯᠠᠷᠢᠯ ᠤᠨ ᠬᠤᠶᠠᠷ | ᠰᠠᠷ᠎ᠠ ᠶᠢᠨ ᠰᠢᠨ᠎ᠡ ᠶᠢᠨ ᠬᠤᠶᠠᠷ ᠲᠤ᠂ ᠬᠤᠲᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠮᠤᠤ ᠢᠦᠢ ᠭᠸᠤ | ᠨᠡᠶᠢᠭᠡᠮ ᠲᠣᠭᠤᠷᠢᠭ ᠠᠷᠠᠳ ᠤᠨ ᠵᠠᠩ ᠦᠢᠯᠡ ᠶᠢᠨ ᠤᠷᠠᠨ ᠰᠠᠶᠢᠬᠠᠨ ᠤ ᠲᠣᠭᠯᠠᠯᠲᠠ ᠶᠠᠪᠤᠭᠤᠯᠪᠠ᠃ | | | | | | | | ᠪᠦᠬᠦ᠋ᠢᠯᠡ ᠲᠣᠭᠯᠠᠯᠲᠠ ᠨᠢ ︽ᠡᠪ ᠬᠠᠮᠲᠤ ᠨᠠᠮ ᠢ ᠳᠠᠭᠤᠯᠠᠶ᠎ᠠ︾ ᠭᠡᠬᠦ ᠬᠥᠭ ᠠᠶᠠᠰ ᠤᠨ ᠳᠤᠮᠳᠠ ᠬᠥᠰᠢᠭᠡ ᠪᠠᠨ | ᠰᠡᠬᠦᠵᠦ᠂ ᠬᠤᠶᠠᠷ ᠬᠥᠮᠦᠨ ᠤ ᠲᠠᠶᠢᠰᠠ᠂ ᠶᠠᠩᠭᠠᠷ ᠵᠡᠷᠭᠡ ᠲᠣᠭᠯᠠᠯᠲᠠ ᠡᠭᠡᠯᠵᠢᠯᠡᠨ ᠲᠣᠭᠯᠠᠵᠤ᠂ ᠭᠤᠶᠢᠳᠠ ᠰᠠᠶᠢᠬᠠᠨ | ᠲᠣᠭᠯᠠᠯᠲᠠ ᠨᠢ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠯᠠᠨ ᠳᠤ | ᠪᠠᠶᠠᠷ ᠪᠠᠶᠠᠰᠤᠯ ᠠᠪᠴᠢᠷᠠᠬᠤ ᠶᠢᠨ ᠵᠡᠷᠭᠡ ᠪᠠᠷ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠭᠳᠡᠭᠦᠯᠪᠡ᠃ | ᠲᠣᠭᠯᠠᠯᠲᠠ ᠳᠤ ᠣᠷᠣᠯᠴᠠᠭᠰᠠᠨ ᠲᠣᠭᠯᠠᠭᠴᠢᠳ ᠴᠥᠮ ᠲᠤᠰ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠᠶᠢᠵᠦ᠂ | ᠬᠥᠳᠡᠭᠡ ᠲᠣᠰᠬᠤᠨ ᠤ ᠠᠷᠠᠳ ᠤᠨ ᠵᠠᠩ ᠦᠢᠯᠡ ᠶᠢᠨ ᠣᠨᠴᠠᠯᠢᠭ ᠲᠠᠢ ᠤᠶᠠᠯᠳᠤᠭᠤᠯᠤᠨ ᠥᠪᠡᠷ ᠢᠶᠠᠨ ᠨᠠᠶᠢᠷᠠᠭᠤᠯᠵᠤ | ᠥᠪᠡᠷ ᠢᠶᠠᠨ ᠲᠣᠭᠯᠠᠭᠰᠠᠨ ᠲᠣᠭᠯᠠᠯᠲᠠ ᠪᠠᠶᠢᠵᠦ᠂ ᠤᠯᠠᠨ ᠳᠤ ᠥᠪᠡᠷᠮᠢᠴᠡ ᠣᠨᠴᠠᠯᠢᠭ ᠲᠠᠢ ᠰᠣᠶᠣᠯ ᠤᠨ ᠦᠪᠡᠳᠡᠭᠰᠢ | ᠨᠠᠶᠢᠷ ᠢ ᠰᠣᠨᠢᠷᠬᠠᠭᠤᠯᠪᠠ᠃ ᠤᠷᠠᠨ ᠰᠠᠶᠢᠬᠠᠨ ᠤ ᠲᠣᠭᠯᠠᠯᠲᠠ ᠨᠢ ᠠᠮᠢᠳᠤᠷᠠᠯ ᠠᠴᠠ ᠢᠷᠡᠯᠲᠡ ᠲᠠᠢ ᠮᠦᠷᠳᠡᠭᠡᠨ | ᠠᠮᠢᠳᠤᠷᠠᠯ ᠠᠴᠠ ᠰᠡᠳᠦᠪᠯᠡᠵᠦ᠂ ᠪᠦᠷ ᠤᠶᠢᠷ᠎ᠠ ᠬᠠᠪᠢ ᠳᠤ ᠡᠭᠦᠰᠦᠭᠰᠡᠨ ᠬᠡᠷᠡᠭ ᠶᠠᠪᠤᠳᠠᠯ ᠪᠠᠶᠢᠵᠤ᠂ ᠣᠯᠠᠨ ᠲᠦᠮᠡᠨ ᠳᠤ | ᠬᠠᠯᠠᠭᠤᠨ ᠳᠤᠯᠠᠭᠠᠨ ᠰᠠᠨᠠᠭᠳᠠᠳᠠᠭ᠃ ᠪᠠᠰᠠ ᠪᠠᠶᠠᠨ ᠴᠢᠨᠡᠭᠡᠯᠢᠭ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ | ᠠᠮᠢᠳᠤᠷᠠᠯ ᠤᠨ ᠰᠠᠶᠢᠨ ᠰᠠᠶᠢᠬᠠᠨ ᠬᠥᠭᠡᠭᠡᠴᠡᠯᠳᠦᠯ ᠢ ᠢᠯᠡᠷᠡᠭᠦᠯᠵᠦ᠂ ᠨᠠᠮ ᠤᠨ ᠠᠷᠠᠳ ᠢ ᠪᠠᠶᠠᠵᠢᠭᠤᠯᠬᠤ ᠲᠦᠷᠦ ᠶᠢᠨ | ᠪᠤᠳᠤᠯᠭ᠎ᠠ ᠶᠢ ᠠᠷᠠᠳ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠢᠯᠡᠷᠡᠬᠦᠯᠦᠭᠰᠡᠨ ᠠᠴᠠ ᠲᠤᠬᠠᠢ ᠶᠢᠨ | ᠲᠠᠯᠠᠪᠤᠷ ᠤᠨ ᠤᠯᠠᠨ ᠲᠦᠮᠡᠨ ᠤ ᠬᠠᠯᠠᠭᠤᠨ ᠠᠯᠠᠭ᠎ᠠ ᠲᠠᠰᠢᠯᠲᠠ ᠶᠢ ᠤᠯᠤᠬᠰᠠᠨ ᠢᠶᠠᠷ ᠪᠠᠷᠠᠬᠤ ᠦᠬᠡᠢ ᠲᠣᠭᠯᠠᠯᠲᠠ ᠶᠢᠨ | ᠠᠵᠢᠯᠯᠠᠭ᠎ᠠ ᠶᠢᠨ ᠰᠠᠶᠢᠨ ᠦᠷ᠎ᠡ ᠪᠦᠲᠦᠮᠵᠢ ᠨᠢ ᠡᠶ᠎ᠡ ᠵᠣᠬᠢᠴᠠᠩᠭᠤᠢ ᠪᠣᠯᠪᠠᠰᠤᠨ ᠨᠡᠶᠢᠭᠡᠮ ᠲᠣᠭᠤᠷᠢᠭ ᠢ ᠪᠠᠶᠢᠭᠤᠯᠬᠤ ᠳᠤ | ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃ | | | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |