| 《3.15》 ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠬᠤᠭᠤᠴᠠᠭᠠᠨ ᠳᠤ᠂ ᠮᠠᠨ ᠤ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠪᠠ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠬᠠᠮᠲᠤᠷᠠᠨ ︽ᠠᠮᠤᠷ ᠲᠦᠪᠰᠢᠨ ᠢ ᠰᠠᠬᠢᠨ ᠬᠠᠮᠠᠭᠠᠯᠠᠵᠤ᠂ | ᠬᠡᠷᠡᠭᠯᠡᠭᠡ ᠶᠢ ᠰᠠᠭᠠᠳ ᠥᠬᠡᠶ ᠨᠡᠪᠲᠡᠷᠡᠭᠦᠯᠦᠶ᠎ᠡ︾ ᠭᠡᠬᠦ《3.15》 ᠤ ᠭᠤᠤᠯ ᠰᠡᠳᠦᠪᠲᠦ ︽ᠲᠠᠪᠤ ᠶᠢ ᠠᠬᠢᠭᠤᠯᠬᠤ︾ | ᠵᠢᠴᠢ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ | ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠶᠢ ᠠᠬᠢᠭᠤᠯᠪᠠ᠃ | | ᠤᠬᠠᠭᠤᠯᠭ᠎ᠠ ᠶᠢᠨ ᠠᠵᠢᠯᠯᠠᠭ᠎ᠠ ᠨᠢ ᠥᠪᠥᠷ ᠮᠣᠩᠭᠤᠯ ᠤᠨ ᠯᠢᠦᠶ ᠺᠠᠩ ᠶᠤᠸᠠᠨ ᠠᠮᠢ ᠠᠬᠤᠶ ᠶᠢᠨ ᠲᠠᠷᠢᠶᠠᠯᠠᠩ ᠤᠨ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠫᠦ ᠶᠤᠸᠠᠨ ᠲᠡᠮᠦᠷ ᠤᠨ ᠬᠠᠶᠢᠯᠤᠰᠢ ᠶᠢᠨ ᠬᠢᠵᠠᠭᠠᠷᠲᠤ ᠺᠣᠮᠫᠠᠨᠢ ᠵᠡᠷᠭᠡ ᠠᠵᠤ | ᠠᠬᠤᠶᠢᠯᠠᠯ ᠳᠤ ᠶᠠᠪᠤᠬᠳᠠᠵᠦ᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ | ᠠᠰᠢᠭ ᠢ ᠬᠠᠮᠠᠭᠠᠯᠠᠬᠤ ᠬᠠᠤᠯᠢ︾᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ | ᠴᠢᠨᠠᠷ ᠤᠨ ᠬᠠᠤᠯᠢ︾᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠢ ᠠᠰᠢᠭ ᠤᠨ ᠬᠠᠤᠯᠢ︾ | ᠪᠣᠯᠤᠨ ︽ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠠᠵᠤ ᠠᠬᠤᠶᠢᠯᠠᠯ ᠤᠨ ᠣᠨᠴᠠ ᠲᠦᠷᠦᠯ ᠤᠨ ᠲᠤᠨᠤᠭ | ᠲᠥᠬᠦᠭᠡᠷᠦᠮᠵᠢ ᠶᠢᠨ ᠠᠮᠤᠷ ᠲᠦᠪᠰᠢᠨ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠵᠡᠷᠭᠡ ᠬᠠᠮᠢᠶ᠎ᠠ ᠪᠦᠬᠦᠢ | ᠠᠵᠢᠯ ᠢ ᠲᠤᠬᠠᠢ ᠶᠢᠨ ᠭᠠᠵᠠᠷ ᠲᠤᠨᠢ ᠵᠢᠭᠠᠨ ᠵᠢᠯᠣᠭᠤᠳᠪᠠ᠃ ᠠᠵᠤ ᠠᠬᠤᠶᠢᠯᠠᠯ ᠤᠨ ᠪᠠᠷᠢᠮᠵᠢᠶ᠎ᠠ ᠲᠤᠭᠲᠠᠭᠠᠨ᠂ ᠥᠨᠳᠥᠷ | ᠪᠠᠷᠢᠮᠵᠢᠶ᠎ᠠ ᠪᠠ ᠲᠤᠰᠬᠠᠶ ᠠᠰᠢᠭ ᠤᠨ ᠡᠷᠬᠡ ᠶᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠂ ᠦᠢᠯᠡᠳᠭᠦᠨ ᠤ ᠶᠠᠰᠤ ᠴᠢᠨᠠᠷ ᠪᠠ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ | ᠵᠤᠷᠢᠭᠵᠢᠭᠤᠯᠪᠠ᠃ | | ᠠᠵᠢᠯᠲᠠᠳ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠲᠠᠢ ᠰᠠᠨᠠᠯ ᠢᠶᠠᠨ ᠭᠦᠨᠵᠡᠭᠡᠶ ᠰᠤᠯᠢᠯᠴᠠᠨ᠂ | ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ | ᠠᠰᠠᠭᠤᠳᠠᠯ ᠢ ᠨᠢ ᠨᠠᠷᠢᠨ ᠣᠶᠢᠯᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠠᠵᠤ ᠠᠬᠤᠶᠢᠯᠠᠯ ᠤᠨ ᠰᠠᠨᠠᠯ ᠪᠠ ᠰᠠᠨᠠᠭᠤᠯᠭ᠎ᠠ ᠶᠢ | ᠬᠢᠨᠠᠮᠠᠭᠠᠶ ᠬᠤᠷᠢᠶᠠᠵᠤ᠂ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ ᠲᠤᠬᠠᠶ ᠨᠠᠮ ᠪᠠ ᠵᠠᠰᠠᠭ ᠤᠨ | ᠣᠷᠳᠣᠨ ᠤ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠢᠳᠡᠪᠬᠢᠲᠡᠶ ᠤᠬᠠᠭᠤᠯᠵᠤ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ | ᠬᠠᠷᠢᠯᠴᠠᠭ᠎ᠠ ᠶᠢ ᠨᠢᠭᠲᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠪᠡ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |