ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠤ ᠴᠠᠭᠳᠠᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠳᠤᠰᠬᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/18
  3 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠤ ᠴᠠᠭᠳᠠᠨ ᠪᠠᠶᠢᠴᠠᠭᠠᠭᠰᠠᠨ ᠪᠠᠶᠢᠳᠠᠯ ᠢ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠴᠠᠭᠳᠠᠨ ᠪᠠᠶᠢᠴᠠᠭᠠᠬᠤ ᠠᠯᠪᠠᠨ ᠬᠡᠷ ᠤᠨ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠵᠤ᠂  ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠶᠢᠨ ᠬᠤᠲᠠ ᠶᠢᠨ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠬᠰᠠᠨ ᠪᠠ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ︔ ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ︔ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ  ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠠᠷᠢᠭᠤᠴᠠᠯᠭᠠᠲᠠᠨ ᠬᠤᠷᠠᠯ ᠢ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
   ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠬᠤᠶᠠᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠠᠴᠠ ᠭᠤᠣᠯ ᠪᠠᠶᠢᠳᠠᠯ᠂ ᠢᠯᠡᠷᠡᠭᠦᠯᠦᠭᠰᠡᠨ ᠭᠤᠣᠯ ᠠᠰᠠᠭᠤᠳᠠᠯ ᠵᠡᠷᠭᠡ ᠶᠢ ᠪᠦᠬᠦ ᠲᠠᠯ᠎ᠠ ᠪᠠᠷ ᠬᠠᠷᠢᠭᠤ ᠳᠤᠰᠬᠠᠭᠰᠠᠨ ᠪᠦᠭᠡᠳ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠳᠤ ᠰᠠᠨᠠᠯ ᠰᠠᠨᠠᠭᠤᠯᠭ᠎ᠠ ᠳᠤᠷᠠᠳᠪᠠ᠄ ᠦᠵᠡᠯ ᠰᠠᠨᠠᠭᠠᠨ ᠤ ᠲᠠᠨᠢᠯᠲᠠ ᠪᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ  ᠴᠢᠬᠤᠯᠠ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ ᠢ ᠤᠯᠠᠮ ᠴᠢᠨᠠᠭᠰᠢᠳᠠ ᠰᠤᠷᠤᠯᠴᠠᠨ ᠣᠶᠢᠯᠠᠭᠠᠵᠤ᠂ ᠨᠢᠭᠡᠳᠦᠭᠡᠷ ᠹᠷᠣᠨᠲ ᠤᠨ ᠰᠡᠳᠬᠢᠬᠦᠢ ᠶᠢ ᠦᠨᠡᠨᠬᠦ ᠪᠠᠲᠤᠳᠬᠠᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠵᠥᠪᠯᠡᠭᠴᠢ ᠪᠠ ᠬᠠᠪᠰᠤᠷᠤᠭᠴᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ︔ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠤᠯᠠᠭᠠᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃    ᠴᠠᠭᠳᠠᠨ ᠪᠠᠶᠢᠴᠠᠭᠠᠬᠤ ᠠᠯᠪᠠᠨ ᠭᠡᠷ ᠤᠨ ᠬᠠᠷᠢᠭᠤᠴᠠᠯᠭᠠᠲᠠᠨ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ︔ ᠤᠯᠤᠰ ᠲᠦᠷᠦ ᠶᠢᠨ ᠲᠠᠯ᠎ᠠ ᠪᠠᠷ ᠰᠡᠷᠭᠡᠭ ᠪᠠ ᠡᠷᠡᠰ ᠪᠠᠲᠤ ᠪᠠᠶᠢᠬᠤ ᠶᠢ ᠴᠠᠭ ᠢᠮᠠᠭᠲᠠ ᠪᠠᠲᠤᠯᠠᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠲᠥᠪ ᠴᠢᠩᠭ᠎ᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠴᠢᠩᠭ᠎ᠠ ᠪᠣᠳᠠᠲᠠᠢ ᠪᠠᠶᠢᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ ᠴᠢᠩᠳᠠᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠶᠠᠪᠤᠳᠠᠯ ᠪᠦᠬᠦᠨ ᠳᠤ ᠬᠠᠷᠢᠭᠤ ᠲᠤᠰᠬᠠᠯ ᠲᠠᠢ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠪᠠᠰᠠ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠷᠭ᠎ᠠ ᠬᠡᠯᠪᠡᠷᠢ᠂ ᠠᠯᠬᠤᠮ ᠳᠠᠷᠠᠭ᠎ᠠ ᠴᠠᠭ ᠤᠨ ᠬᠢᠵᠠᠭᠠᠷ ᠵᠡᠷᠭᠡ ᠲᠠᠯ᠎ᠠ ᠪᠠᠷ ᠲᠣᠳᠣᠷᠬᠠᠶᠢᠯᠠᠯᠲᠠ ᠬᠢᠪᠠ᠃
   ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠴᠢᠩ ᠦᠨᠡᠨᠴᠢ ᠪᠠᠷ ᠬᠦᠯᠢᠶᠡᠨ ᠠᠪᠴᠤ᠂ ᠵᠦᠢᠯ ᠳᠠᠷᠠᠭᠠᠯᠠᠨ ᠰᠤᠳᠤᠯᠵᠤ᠂ ᠵᠦᠢᠯ ᠳᠠᠷᠠᠭᠠᠯᠠᠨ ᠨᠠᠷᠢᠯᠢᠬᠵᠢᠭᠤᠯᠵᠤ᠂ ᠵᠦᠢᠯ ᠳᠠᠷᠠᠭᠠᠯᠠᠨ ᠵᠠᠳᠠᠯᠵᠤ᠂ ᠵᠦᠢᠯ ᠳᠠᠷᠠᠭᠠᠯᠠᠨ ᠨᠠᠶᠢᠳᠠᠪᠤᠷᠢᠵᠢᠭᠤᠯᠬᠤ ᠬᠡᠷᠡᠭᠳᠡᠢ︔ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠬᠤ ᠬᠡᠷᠡᠭᠳᠡᠢ︔ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠦᠵᠡᠯ ᠰᠠᠨᠠᠭᠠᠨ ᠤ ᠤᠬᠠᠮᠰᠠᠷ ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢ ᠴᠢᠩᠭᠠᠳᠬᠠᠬᠤ ᠬᠡᠷᠡᠭᠳᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠴᠡᠭᠴᠡᠯᠡᠨ ᠰᠠᠶᠢᠵᠢᠷᠠᠭᠤᠯᠬᠤ ᠪᠣᠳᠠᠲᠠᠶ ᠲᠥᠰᠦᠯ ᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠪᠣᠳᠠᠲᠠᠶ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠣᠭᠲᠠᠭᠰᠠᠨ ᠴᠠᠭ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ︔ ᠴᠡᠭᠴᠡᠯᠡᠨ ᠰᠠᠶᠢᠵᠢᠷᠠᠭᠤᠯᠬᠤ ᠳᠤᠮᠳᠠ ᠨᠠᠮᠴᠢ ᠴᠢᠨᠠᠷ ᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠳᠤᠮᠳᠠ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠴᠡᠭᠴᠡᠯᠡᠨ ᠰᠠᠶᠢᠵᠢᠷᠠᠭᠤᠯᠬᠤ ᠳᠤᠮᠳᠠ ᠠᠵᠢᠯ ᠢᠶᠠᠨ ᠠᠬᠢᠭᠤᠯᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠳᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠪᠣᠯᠤᠨ ᠲᠣᠮᠢᠯᠠᠨ ᠰᠠᠭᠤᠯᠭᠠᠭᠰᠠᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠣᠷᠣᠯᠴᠠᠪᠠ᠃                 ᠤᠷᠴᠢᠭᠤᠯᠤᠭᠴᠢ᠄ ᠬᠠᠨ ᠰᠢᠶᠤᠤ ᠿᠦᠩ                 ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3